| ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ ᠤ ᠣᠷᠳᠣᠰ ᠬᠤᠲᠠ ᠶᠢᠨ ᠬᠢᠵᠠᠭᠠᠷ ᠳᠣᠲᠣᠷ᠎ᠠ᠂ |
ᠬᠠᠲᠤᠨ ᠭᠤᠣᠯ ᠤᠨ ᠨᠢᠭᠡᠳᠦᠭᠡᠷ ᠳᠡᠰ ᠤᠨ 10 ᠰᠠᠯᠪᠤᠷᠢ ᠤᠷᠤᠰᠬᠠᠯ ᠲᠠᠢ ᠪᠠᠶᠢᠵᠦ᠂ ︽ᠠᠷᠪᠠᠨ ᠶᠡᠭᠡ ᠬᠦᠨᠳᠡᠢ︾ |
ᠬᠡᠮᠡᠭᠳᠡᠵᠡᠢ᠃ ᠡᠳᠡᠭᠡᠷ ᠰᠠᠯᠪᠤᠷᠢ ᠤᠷᠤᠰᠬᠠᠯ ᠨᠢ ᠵᠢᠯ ᠪᠦᠷᠢ ᠬᠠᠳᠤᠨ ᠭᠤᠤᠯ ᠳᠤ ᠪᠠᠷᠤᠭ 2700 ᠲᠦ᠋ᠮᠡᠨ ᠲᠤᠨ |
ᠡᠯᠡᠰᠦ ᠬᠦᠷᠭᠡᠨ᠎ᠡ᠃ ᠣᠷᠳᠣᠰ ᠬᠤᠲᠠ ᠣᠶᠢᠷ᠎ᠠ ᠶᠢᠨ ᠵᠢᠯ ᠤᠳ ᠲᠤ ︽ᠬᠤᠶᠠᠷ ᠢ ᠵᠡᠷᠭᠡ ᠪᠠᠷ ᠠᠳᠬᠤᠬᠤ︾ ᠶᠢ |
ᠪᠠᠷᠢᠮᠲᠠᠯᠠᠨ᠂ ᠨᠢᠭᠡ ᠲᠠᠯ᠎ᠠ ᠪᠠᠷ ᠰᠠᠪᠠ ᠭᠠᠵᠠᠷ ᠤᠨ ᠳᠣᠲᠣᠷᠠᠬᠢ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ |
ᠵᠠᠰᠠᠵᠤ᠂ ᠨᠥᠭᠦᠭᠡ ᠲᠠᠯ᠎ᠠ ᠪᠠᠷ ᠭᠤᠤᠯ ᠤᠨ ᠵᠠᠮ ᠳᠠᠬᠢ ᠰᠢᠪᠠᠷ ᠡᠯᠡᠰᠦ ᠶᠢ ᠵᠠᠰᠠᠵᠤ᠂ ︽ᠠᠷᠪᠠᠨ ᠶᠡᠭᠡ ᠬᠦᠨᠳᠡᠢ︾ |
ᠶᠢᠨ ᠬᠠᠲᠤᠨ ᠭᠤᠤᠯ ᠳᠤ ᠡᠯᠡᠰᠦ ᠣᠷᠣᠭᠤᠯᠬᠤ ᠬᠡᠮᠵᠢᠶ᠎ᠡ ᠶᠢ ᠪᠠᠭᠠᠰᠬᠠᠪᠠ᠃ |
︽ᠠᠭᠤᠯᠠ ᠶᠢᠨ ᠣᠷᠣᠢ ᠳᠡᠭᠡᠷ᠎ᠡ ᠮᠣᠳᠣ ᠲᠠᠷᠢᠵᠤ ᠣᠶᠢᠵᠢᠭᠤᠯᠤᠨ ︿ᠮᠠᠯᠠᠭᠠᠢ ᠵᠡᠭᠦᠯᠭᠡᠪᠡ﹀᠂ ᠠᠭᠤᠯᠠᠨ |
ᠪᠡᠯ ᠳᠤ ᠲᠠᠷᠢᠶᠠᠯᠠᠬᠤ ᠪᠠᠨ ᠵᠤᠭᠰᠤᠵᠤ ᠡᠪᠡᠰᠦ ᠲᠠᠷᠢᠵᠤ ︿ᠲᠡᠷᠯᠢᠭ ᠨᠦᠮᠦᠷᠭᠡᠪᠡ﹀᠂ ᠠᠭᠤᠯᠠ ᠶᠢᠨ ᠪᠡᠯ ᠳᠤ |
ᠬᠠᠷᠭᠠᠨ᠎ᠠ ᠲᠠᠷᠢᠵᠤ ︿ᠪᠦᠰᠡ ᠪᠦᠰᠡᠯᠡᠪᠡ﹀᠂ ᠠᠭᠤᠯᠠ ᠶᠢᠨ ᠵᠢᠯᠠᠭ᠎ᠠ ᠪᠠᠷ ᠬᠠᠰᠢᠯᠭ᠎ᠠ ᠪᠤᠰᠬᠠᠵᠤ ᠨᠦᠯᠦᠮᠡᠯ |
ᠭᠠᠵᠠᠷ ᠲᠤ ︿ᠭᠤᠲᠤᠯ ᠡᠮᠦᠰᠭᠡᠪᠡ﹀︾᠃ ᠳᠠᠯᠠᠳ ᠬᠤᠰᠢᠭᠤᠨ ᠤ ᠤᠰᠤ ᠬᠦᠷᠦᠰᠦ ᠶᠢ ᠬᠠᠮᠠᠭᠠᠯᠠᠬᠤ |
ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠶᠦᠨ ᠹᠸᠢ ᠲᠠᠨᠢᠯᠴᠠᠭᠤᠯᠬᠤ |
ᠳᠠᠭᠠᠨ᠂ ︽ᠠᠳᠠᠯᠢ ᠪᠤᠰᠤ ᠣᠷᠣᠨ ᠪᠦᠰᠡ ᠳᠤ ᠠᠳᠠᠯᠢ ᠪᠤᠰᠤ ᠵᠠᠰᠠᠯᠲᠠ ᠶᠢᠨ ᠠᠷᠭ᠎ᠠ ᠪᠠᠷᠢᠯ ᠲᠠᠢ ᠪᠠᠶᠢᠵᠤ᠂ |
ᠡᠴᠦᠰ ᠲᠡᠭᠡᠨ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠣᠰᠤᠭ᠎ᠠ ᠴᠣᠭᠴᠠᠲᠤ ᠰᠡᠷᠭᠡᠶᠢᠯᠡᠯᠲᠡ ᠶᠢᠨ |
ᠰᠢᠰᠲ᠋ᠧᠮ ᠢ ᠪᠦᠷᠢᠯᠳᠦᠭᠦᠯᠵᠦ᠂ ᠬᠠᠲᠤᠨ ᠭᠤᠤᠯ ᠳᠤ ᠡᠯᠡᠰᠦ ᠣᠷᠣᠭᠤᠯᠬᠤ ᠵᠠᠮ ᠢ ᠲᠠᠰᠤᠯᠪᠠ︾ ᠭᠡᠵᠡᠶ᠃ |
ᠣᠶᠢᠯᠠᠭᠠᠭᠰᠠᠨ ᠢᠶᠠᠷ᠂ ᠣᠷᠳᠣᠰ ᠬᠤᠲᠠ ᠳᠤᠮᠳᠠ ᠤᠷᠤᠰᠬᠠᠯ ᠤᠨ ᠰᠠᠯᠬᠢ ᠰᠢᠭᠤᠷᠭᠠᠨ ᠤ ᠣᠷᠣᠨ ᠳᠤ ︽ |
ᠡᠮᠦᠨᠡᠰᠢ ᠬᠦᠷᠢᠶᠡᠯᠡᠨ ᠤᠮᠠᠷᠠᠰᠢ ᠪᠥᠭᠯᠡᠬᠦ᠂ ᠳᠤᠮᠳᠠ ᠨᠢ ᠣᠭᠲᠣᠯᠬᠤ︾ ᠠᠷᠭ᠎ᠠ ᠪᠣᠳᠣᠯᠭ᠎ᠠ ᠶᠢ ᠬᠡᠷᠡᠭᠯᠡᠨ᠂ |
ᠬᠥᠪᠴᠢ ᠶᠢᠨ ᠡᠯᠡᠰᠦ ᠶᠢ ᠵᠠᠰᠠᠵᠤ᠂ ᠭᠤᠤᠯ ᠤᠨ ᠵᠠᠮ ᠤᠨ ᠬᠤᠶᠠᠷ ᠡᠷᠭᠢ ᠳᠤ ᠮᠣᠳᠣ ᠳᠠᠷᠢᠵᠤ ᠣᠶᠢᠵᠢᠭᠤᠯᠬᠤ ᠪᠠᠷ |
ᠳᠠᠮᠵᠢᠭᠤᠯᠤᠨ᠂ ᠬᠥᠮᠦᠨ ᠤ ᠬᠦᠴᠦ ᠪᠠᠷ ᠡᠯᠡᠰᠦ ᠶᠢ ᠬᠠᠰᠢᠵᠤ᠂ ᠣᠶ ᠰᠢᠭᠤᠶ ᠡᠪᠡᠰᠦᠨ ᠤ ᠪᠠᠲᠤ ᠪᠠᠬᠢ ᠪᠦᠰᠡ ᠶᠢ |
ᠪᠠᠶᠢᠭᠤᠯᠪᠠ᠃ |
ᠡᠯᠡᠰᠦ ᠰᠢᠪᠠᠷ ᠢ ᠦᠨᠳᠦᠰᠦ ᠠᠴᠠ ᠨᠢ ᠵᠠᠰᠠᠬᠤ ᠠᠰᠠᠭᠤᠳᠠᠯ ᠤᠨ ᠲᠣᠭᠤᠷᠢᠨ ᠳᠤ᠂ ᠣᠷᠳᠣᠰ ᠬᠤᠲᠠ ᠠᠮᠢ |
ᠠᠬᠤᠶ ᠶᠢᠨ ᠵᠠᠰᠠᠯᠲᠠ ᠶᠢᠨ ᠰᠢᠨ᠎ᠡ ᠵᠠᠭᠪᠤᠷ ᠤᠨ ︽ᠤᠰᠤ ᠡᠯᠡᠰᠦ ᠶᠢ ᠰᠣᠯᠢᠬᠤ︾ ︵ᠣᠲᠣ ︽ᠡᠯᠡᠰᠦ ᠶᠢ ᠬᠠᠰᠢᠵᠤ |
ᠤᠰᠤ ᠶᠢ ᠰᠣᠯᠢᠬᠤ︾ ᠭᠡᠵᠦ ᠨᠡᠷᠡᠶᠢᠳᠦᠨ᠎ᠡ︶ ᠶᠢᠨ ᠰᠡᠳᠬᠢᠮᠵᠢ ᠶᠢ ᠳᠤᠷᠠᠳᠪᠠ᠂ ᠲᠤᠬᠠᠶᠢᠯᠠᠪᠠᠯ ᠡᠯᠡᠰᠦ ᠶᠢ ᠬᠠᠰᠢᠬᠤ |
ᠬᠠᠰᠢᠯᠭ᠎ᠠ ᠶᠢᠨ ᠢᠨᠵᠧᠨᠧᠷᠢᠩ ᠢᠶᠠᠷ ᠡᠯᠡᠰᠦ ᠶᠢ ᠬᠠᠰᠢᠨ ᠡᠯᠡᠰᠦ ᠶᠢ ᠲᠣᠭᠲᠠᠪᠤᠷᠢᠵᠢᠭᠤᠯᠵᠤ᠂ ᠬᠠᠲᠤᠨ ᠭᠤᠤᠯ ᠳᠤ |
ᠡᠯᠡᠰᠦ ᠣᠷᠣᠭᠤᠯᠬᠤ ᠬᠡᠮᠵᠢᠶ᠎ᠡ ᠶᠢ ᠪᠠᠭᠠᠰᠬᠠᠨ᠂ ᠬᠠᠲᠤᠨ ᠭᠤᠤᠯ ᠤᠨ ᠡᠯᠡᠰᠦ ᠣᠷᠣᠭᠤᠯᠬᠤ ᠤᠰᠤ ᠬᠡᠷᠡᠭᠯᠡᠬᠦ |
ᠬᠡᠮᠵᠢᠶ᠎ᠡ ᠶᠢ ᠰᠣᠯᠢᠵᠤ᠂ ᠬᠠᠲᠤᠨ ᠭᠤᠤᠯ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠰᠣᠯᠢᠵᠤ ᠭᠠᠷᠭᠠᠨ᠎ᠠ᠃ |
ᠣᠯᠠᠨ ᠵᠢᠯ ᠤᠨ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠡᠮᠵᠢᠨ᠂ 2020 ᠣᠨ ᠳᠤ᠂ ︽ᠡᠯᠡᠰᠦ ᠶᠢ |
ᠬᠠᠰᠢᠵᠤ ᠤᠰᠤ ᠶᠢ ᠰᠣᠯᠢᠬᠤ︾ ᠲᠤᠷᠰᠢᠯᠲᠠ ᠶᠢᠨ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠦᠨ ᠬᠡᠷᠡᠭᠵᠢᠭᠦᠯᠪᠡ᠃ |
ᠣᠷᠳᠣᠰ ᠬᠤᠲᠠ ᠶᠢᠨ ︽ᠡᠯᠡᠰᠦ ᠶᠢ ᠬᠠᠰᠢᠵᠤ ᠤᠰᠤ ᠶᠢ ᠰᠣᠯᠢᠬᠤ︾ ᠢᠨᠵᠧᠨᠧᠷᠢᠩ ᠤᠨ ᠨᠢᠭᠡ |
ᠪᠣᠯᠤᠭᠰᠠᠨ ᠤ ᠬᠤᠪᠢ ᠳᠤ᠂ ᠭᠤᠤᠯ ᠬᠤᠲᠠ ᠲᠣᠭᠤᠷᠢᠭ ᠤᠨ ᠬᠠᠲᠤᠨ ᠭᠤᠤᠯ ᠤᠨ ᠤᠰᠤ ᠶᠢ ᠲᠠᠲᠠᠵᠤ ᠤᠰᠤ |
ᠬᠠᠩᠭᠠᠬᠤ ᠢᠨᠵᠧᠨᠧᠷᠢᠩ ᠢ ᠡᠨᠡ ᠵᠢᠯ ᠤᠨ 7 ᠳ᠋ᠤᠭᠠᠷ ᠰᠠᠷ᠎ᠠ ᠶᠢᠨ 18 ᠤ ᠡᠳᠦᠷ ᠵᠢᠩᠬᠢᠨᠢ ᠪᠠᠷ ᠤᠰᠤ |
ᠨᠡᠪᠲᠡᠷᠡᠭᠦᠯᠵᠦ᠂ ᠬᠤᠶᠠᠷ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ |
ᠬᠡᠷᠡᠭᠴᠡᠭᠡ ᠵᠢᠴᠢ 4 ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠠᠩᠭᠠᠬᠤ ᠠᠰᠠᠭᠤᠳᠠᠯ ᠢ ᠪᠦᠲᠦᠮᠵᠢᠲᠡᠶ |
ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ |
ᠬᠥᠭᠵᠢᠬᠦ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ |
ᠥᠩᠭᠡᠷᠡᠭᠰᠡᠨ ᠳᠤ ᠠᠭᠤᠯᠠᠨ ᠦᠶᠡᠷ ᠣᠯᠠᠨᠲᠠ ᠡᠭᠦᠰᠴᠦ᠂ ᠤᠰᠤ ᠬᠦᠷᠦᠰᠦ ᠶᠢᠨ ᠢᠳᠡᠭᠳᠡᠯ ᠬᠦᠨᠳᠦ |
ᠨᠣᠴᠢᠲᠠᠶ ᠪᠠᠶᠢᠬᠤ ᠠᠴᠠ ᠥᠨᠥᠳᠦᠷ ᠤᠨ ᠤᠰᠤᠨ ᠰᠤᠷᠪᠤᠯᠵᠢ ᠶᠢ ᠬᠠᠳᠠᠭᠠᠯᠠᠬᠤ᠂ ᠰᠠᠯᠬᠢ ᠶᠢ ᠰᠡᠷᠭᠡᠶᠢᠯᠡᠵᠦ |
ᠡᠯᠡᠰᠦ ᠶᠢ ᠲᠣᠭᠲᠠᠪᠤᠷᠢᠵᠢᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠬᠤ |
ᠬᠦᠷᠲᠡᠯ᠎ᠡ᠂ ︽ᠠᠷᠪᠠᠨ ᠶᠡᠭᠡ ᠬᠦᠨᠳᠡᠢ︾ ᠠᠲᠠᠷᠰᠢᠵᠤ ᠪᠠᠶᠢᠭᠰᠠᠨ ᠠᠴᠠ ᠴᠡᠴᠡᠭᠯᠡᠨ ᠬᠥᠭᠵᠢᠭᠰᠡᠨ ᠦᠵᠡᠰᠬᠦᠯᠡᠩᠲᠦ |
ᠰᠠᠶᠢᠬᠠᠨ ᠬᠤᠪᠢᠷᠠᠬᠤ ᠶᠢ ᠪᠡᠶᠡᠯᠡᠭᠦᠯᠵᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠪᠣᠬᠢᠷᠲᠤᠯ ᠥᠬᠡᠶ |
ᠡᠷᠳᠡᠨᠢ ᠶᠢᠨ ᠬᠥᠮᠥᠷᠭᠡ ᠪᠣᠯᠤᠭᠰᠠᠨ ᠪᠠᠶᠢᠨ᠎ᠠ᠃ |
︽ᠲᠣᠮᠲᠠᠲᠤ ᠤᠯᠤᠰ ᠤᠨ ᠣᠰᠣᠠ ᠠᠰᠢᠬᠯᠠᠯᠲᠠ ᠶᠢᠨ ᠰᠣᠨᠢᠠ︾ ᠠᠴᠠ ᠰᠢᠯᠵᠢᠭᠦᠯᠪᠡ ᠰᠣᠷᠪᠤᠯᠵᠢᠯᠠᠬᠴᠢ |
ᠯᠢ ᠵᠢᠶᠠᠨ ᠭᠦᠸᠧ |
|