ᠣᠳᠣᠬᠠᠨ ᠳᠤ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠨᠢᠭᠡᠨᠲᠡ ᠭᠤᠤᠯ ᠭᠡᠰᠬᠦ |
ᠬᠤᠭᠤᠴᠠᠭᠠᠨ ᠳᠤ ᠣᠷᠣᠵᠤ᠂ ᠰᠥᠩ ᠬᠠᠯᠢᠶ᠎ᠠ ᠶᠢ ᠰᠡᠷᠭᠡᠶᠢᠯᠡᠵᠦ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ |
ᠡᠩᠨᠡᠭᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ |
2 ᠳ᠋ᠤᠭᠠᠷ ᠰᠠᠷ᠎ᠠ ᠶᠢᠨ 23 ᠤ ᠡᠳᠦᠷ᠂ ᠬᠠᠲᠤᠨ ᠭᠤᠤᠯ ᠤᠨ ᠰᠠᠨ ᠱᠧᠩ ᠬᠥᠩ ᠤᠰᠤᠨ ᠠᠰᠢᠭᠯᠠᠯᠲᠠ ᠶᠢᠨ |
ᠬᠦᠢᠰᠦ ᠶᠢᠨ ᠬᠠᠮᠢᠶᠠᠷᠤᠯᠲᠠ ᠶᠢᠨ ᠲᠥᠪ ᠳ᠋ᠧᠩᠺᠸᠦ ᠰᠢᠶᠠᠨ ᠤ ᠨᠠᠨ ᠬᠤ᠋ ᠴᠡᠴᠡᠷᠯᠢᠭ ᠲᠤ 2023—2024 |
ᠣᠨ ᠤ ᠰᠥᠩ ᠬᠠᠯᠢᠶ᠎ᠠ ᠶᠢ ᠰᠡᠷᠭᠡᠶᠢᠯᠡᠬᠦ ᠬᠡᠢ ᠤᠯᠠᠪᠴᠢᠲᠦ ᠣᠩᠭᠤᠴᠠ ᠶᠢᠨ ᠮᠥᠰᠥᠨ ᠳᠡᠭᠡᠷᠡᠬᠢ ᠪᠣᠳᠠᠲᠤ |
ᠪᠠᠶᠢᠯᠳᠤᠭᠠᠨ ᠤ ᠰᠣᠷᠢᠯᠲᠠ ᠬᠢᠪᠠ᠃ |
|
|
|
|
|
ᠲᠣᠰ ᠤᠳᠠᠭᠠᠨ ᠤ ᠰᠣᠷᠢᠯᠲᠠ ᠳᠤ ︽ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢ ᠪᠣᠳᠠᠲᠠᠶ |
ᠠᠵᠢᠯᠯᠠᠭᠤᠯᠬᠤ︾ ᠬᠡᠯᠪᠡᠷᠢ ᠶᠢ ᠠᠪᠴᠤ᠂ 15 ᠵᠢᠯ ᠤᠨ ᠠᠵᠢᠯᠯᠠᠭᠠᠨ ᠤ ᠲᠤᠷᠰᠢᠯᠭ᠎ᠠ ᠲᠠᠢ ᠬᠡᠢ ᠤᠯᠠᠪᠴᠢᠲᠦ |
ᠣᠩᠭᠤᠴᠠ ᠶᠢᠨ ᠬᠤᠶᠠᠷ ᠵᠢᠯᠣᠭᠤᠴᠢ ᠠᠴᠠ ᠰᠤᠷᠭᠠᠭᠴᠢ ᠪᠣᠯᠵᠤ᠂ ᠰᠣᠷᠢᠯᠲᠠ ᠶᠢᠨ ᠳᠤᠮᠳᠠ᠂ ᠰᠤᠷᠭᠠᠭᠴᠢ ᠠᠴᠠ |
CH - 4 ᠬᠡᠯᠪᠡᠷᠢ ᠶᠢᠨ ᠳᠥᠷᠪᠡᠨ ᠬᠡᠢ ᠤᠯᠠᠪᠴᠢᠲᠦ ᠣᠩᠭᠤᠴᠠ ᠶᠢᠨ ᠠᠵᠢᠯᠯᠠᠬᠤ ᠠᠷᠭ᠎ᠠ᠂ ᠠᠵᠢᠯ ᠤᠨ |
ᠰᠠᠬᠢᠯᠭ᠎ᠠ ᠪᠠᠲᠤ ᠶᠢᠨ ᠱᠠᠭᠠᠷᠳᠠᠯᠭ᠎ᠠ᠂ ᠮᠦᠰᠦ ᠤᠰᠤᠨ ᠤ ᠬᠤᠯᠢᠮᠠᠭ ᠵᠣᠯᠭᠠᠭᠤᠷ ᠤᠨ ᠠᠵᠢᠯᠯᠠᠬᠤ ᠤᠷ᠎ᠠ ᠮᠡᠷᠭᠡᠵᠢᠯ᠂ |
ᠭᠡᠨᠡᠳᠲᠡ ᠶᠢᠨ ᠭᠡᠮᠲᠦᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠵᠡᠷᠭᠡ ᠲᠠᠪᠤᠨ |
ᠲᠠᠯ᠎ᠠ ᠪᠠᠷ ᠨᠠᠷᠢᠨ ᠲᠠᠨᠢᠯᠴᠠᠭᠤᠯᠬᠤ ᠶᠢᠨ ᠬᠠᠮᠲᠤ ᠵᠢᠱᠢᠶ᠎ᠡ ᠦᠵᠡᠭᠦᠯᠦᠨ ᠠᠵᠢᠯᠯᠠᠵᠤ᠂ ᠰᠣᠷᠢᠯᠲᠠ ᠳᠤ ᠣᠷᠣᠯᠴᠠᠭᠴᠢ |
ᠳᠤᠭᠤᠶᠢᠯᠠᠩ ᠬᠤᠪᠢᠶᠠᠨ ᠬᠡᠢ ᠤᠯᠠᠪᠴᠢᠲᠦ ᠣᠩᠭᠤᠴᠠᠨ ᠤ ᠵᠢᠯᠣᠭᠤᠳᠬᠤ ᠮᠡᠷᠭᠡᠵᠢᠯ ᠢ ᠪᠣᠯᠪᠠᠰᠤᠷᠠᠵᠠᠶ᠃ ᠪᠦᠬᠦ᠋ᠢᠯᠡ |
ᠰᠣᠷᠢᠯᠲᠠ ᠶᠢᠨ ᠶᠠᠪᠤᠴᠠ ᠳᠤ᠂ ᠰᠣᠷᠢᠯᠲᠠ ᠳᠤ ᠣᠷᠣᠯᠴᠠᠭᠰᠠᠨ ᠪᠣᠶ ᠪᠥᠬᠦᠶ ᠬᠥᠮᠦᠰ ᠪᠣᠳᠠᠲᠤ |
ᠪᠠᠶᠢᠯᠳᠤᠭᠠᠨᠴᠢᠯᠠᠭᠰᠠᠨ ᠴᠡᠷᠢᠭ ᠤᠨ ᠪᠣᠯᠪᠠᠰᠤᠷᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠪᠣᠳᠠᠲᠤ ᠪᠠᠶᠢᠯᠳᠤᠭᠠᠨ ᠤ |
ᠳᠠᠭᠤᠷᠢᠶᠠᠮᠠᠯ ᠳᠤᠮᠳᠠ ᠰᠦᠩ ᠬᠠᠯᠢᠶ᠎ᠠ ᠶᠢ ᠰᠡᠷᠭᠡᠶᠢᠯᠡᠬᠦ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ |
ᠠᠶᠤᠯ ᠠᠴᠠ ᠠᠪᠤᠷᠠᠵᠤ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠷᠢᠯᠲᠠ ᠨᠢ |
ᠵᠢᠱᠢᠭᠰᠡᠨ ᠦᠷ᠎ᠡ ᠪᠦᠲᠦᠮᠵᠢ ᠣᠯᠤᠭᠰᠠᠨ ᠪᠠᠶᠢᠨ᠎ᠠ᠃ |
|
|
|
|
|
ᠰᠦᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠦᠶ᠎ᠡ ᠳᠤ ᠲᠣᠰ ᠤᠳᠠᠭᠠᠨ ᠤ ᠪᠣᠳᠠᠲᠤ ᠪᠠᠶᠢᠯᠳᠤᠭᠠᠨ ᠤ |
ᠰᠣᠷᠢᠯᠲᠠ ᠶᠢ ᠬᠢᠭᠰᠡᠨ ᠶᠠᠪᠤᠳᠠᠯ ᠪᠣᠯ ᠢᠨᠵᠧᠨᠧᠷᠢᠩ ᠤᠨ ᠠᠮᠤᠷ ᠲᠦᠪᠰᠢᠨ ᠢ ᠪᠠᠲᠤᠯᠠᠵᠤ᠂ ᠰᠦᠩ ᠬᠠᠯᠢᠶ᠎ᠠ ᠶᠢᠨ |
ᠦᠶᠡᠷ ᠤᠨ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠦᠨᠡᠨ ᠬᠦ ᠬᠡᠷᠡᠭᠴᠡᠭᠡ ᠮᠥᠨ᠃ ᠬᠠᠮᠢᠶᠠᠷᠤᠯᠲᠠ ᠶᠢᠨ |
ᠲᠥᠪ ᠤᠨ ᠬᠡᠢ ᠤᠯᠠᠪᠴᠢᠲᠦ ᠣᠩᠭᠤᠴᠠᠨ ᠤ ᠠᠩᠭᠢ 2009 ᠣᠨ ᠳᠤ ᠪᠠᠶᠢᠭᠤᠯᠤᠭᠳᠠᠭᠰᠠᠨ ᠠᠴᠠ ᠨᠠᠰᠢ᠂ |
ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ 15 ᠵᠢᠯ |
ᠳᠠᠷᠠᠭᠠᠯᠠᠨ ᠣᠷᠣᠯᠴᠠᠵᠤ᠂ ᠮᠥᠰᠥᠨ ᠳᠡᠭᠡᠷᠡᠬᠢ ᠲᠣᠭᠤᠷᠢᠨ ᠪᠠᠶᠢᠴᠠᠭᠠᠬᠤ᠂ ᠠᠶᠤᠯ ᠠᠴᠠ ᠠᠪᠤᠷᠠᠨ ᠲᠤᠰᠠᠯᠠᠬᠤ᠂ |
ᠪᠠᠶᠢᠷᠢ ᠲᠣᠭᠲᠠᠭᠠᠵᠤ ᠬᠠᠶᠢᠨ ᠬᠡᠮᠵᠢᠬᠦ᠂ ᠮᠥᠰᠥ ᠡᠪᠳᠡᠬᠦ ᠰᠣᠷᠢᠯᠲᠠ ᠬᠢᠬᠦ ᠵᠡᠷᠭᠡ ᠡᠭᠦᠷᠭᠡ ᠪᠠᠨ ᠪᠡᠶᠡᠯᠡᠭᠦᠯᠵᠦ᠂ |
ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ |
ᠭᠠᠵᠠᠷ ᠤᠨ ᠣᠯᠠᠨ ᠤᠳᠠᠭᠠᠨ ᠤ ᠬᠥᠬᠢᠭᠦᠯᠦᠯ ᠢ ᠣᠯᠤᠭᠰᠠᠨ ᠪᠠᠶᠢᠨ᠎ᠠ᠃ ᠢᠳᠡᠷ ᠵᠠᠯᠠᠭᠤ ᠰᠦᠩ ᠬᠠᠯᠢᠶ᠎ᠠ ᠶᠢ |
ᠰᠡᠷᠭᠡᠶᠢᠯᠡᠵᠦ ᠠᠶᠤᠯ ᠠᠴᠠ ᠠᠪᠤᠷᠠᠬᠤ ᠠᠩᠭᠢ ᠶᠢᠨ ᠭᠡᠰᠢᠭᠦᠳ ᠣᠩᠭᠤᠴᠠ ᠠᠩᠭᠢ ᠶᠢᠨ ᠰᠢᠯᠢᠳᠡᠭ ᠤᠯᠠᠮᠵᠢᠯᠠᠯ ᠢᠶᠠᠨ |
ᠦᠷᠭᠦᠯᠵᠢᠯᠡᠨ ᠤᠯᠠᠮᠵᠢᠯᠠᠵᠤ᠂ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ |
ᠰᠡᠳᠬᠢᠯᠭᠡ ᠪᠠᠨ ᠴᠢᠩᠭᠠᠳᠬᠠᠵᠤ᠂ ᠰᠢᠨ᠎ᠡ ᠪᠠᠶᠢᠳᠠᠯ ᠢ ᠲᠣᠳᠣᠷᠬᠠᠢ ᠲᠠᠨᠢᠵᠤ᠂ ᠰᠢᠨ᠎ᠡ ᠡᠭᠦᠷᠭᠡ ᠶᠢ ᠲᠣᠳᠣᠷᠬᠠᠶᠢᠯᠠᠵᠤ᠂ |
ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠰᠤᠷᠤᠯᠴᠠᠨ ᠵᠢᠭᠠᠵᠤ᠂ ᠰᠦᠩ |
ᠬᠠᠯᠢᠶ᠎ᠠ ᠶᠢᠨ ᠪᠠᠶᠢᠳᠠᠯ ᠦᠶᠡᠷ ᠤᠨ ᠪᠠᠶᠢᠳᠠᠯ ᠢ ᠠᠷᠭᠠᠴᠠᠬᠤ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠪᠠᠨ |
ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠱᠠᠲᠤᠨ ᠤ ᠰᠦᠩ ᠬᠠᠯᠢᠶ᠎ᠠ ᠶᠢ ᠰᠡᠷᠭᠡᠶᠢᠯᠡᠬᠦ ᠦᠶᠡᠷ ᠢ |
ᠰᠡᠷᠭᠡᠶᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ |
|
|
|
|
|
︵ᠡᠬᠡ ᠪᠢᠴᠢᠭ ᠢ ᠬᠠᠲᠤᠨ ᠭᠤᠣᠯ ᠤᠨ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠶᠢᠨ |
ᠬᠠᠮᠢᠶᠠᠷᠤᠯᠲᠠ ᠶᠢᠨ ᠲᠥᠪ ᠠᠴᠠ ᠬᠠᠩᠭᠠᠪᠠ︶ |
|