ᠬᠠᠷᠢᠶᠠᠲᠤ ᠣᠷᠣᠨ ᠤ ᠳᠣᠲᠣᠷᠠᠬᠢ ᠭᠤᠤᠯ ᠮᠥᠷᠡᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ |
ᠠᠯᠬᠤᠮ ᠴᠢᠩᠭᠠᠳᠬᠠᠵᠤ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ |
ᠪᠠᠲᠤᠳᠬᠠᠨ᠂ ᠬᠠᠪᠤᠷ ᠤᠨ ᠤᠯᠠᠷᠢᠯ ᠤᠨ ᠬᠠᠯᠢᠶ᠎ᠠ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ |
ᠲᠥᠯᠥᠭᠡ᠂ ᠬᠡᠳᠦᠨ ᠡᠳᠦᠷ ᠤᠨ ᠲᠤᠷᠰᠢ ︽ᠮᠣᠷᠢᠨ ᠨᠢᠷᠤᠭᠤᠨ ᠳᠡᠭᠡᠷᠡᠬᠢ ᠴᠠᠭᠳᠠᠨ ᠪᠠᠶᠢᠴᠠᠭᠠᠭᠴᠢ︾ ᠡᠯ᠎ᠡ ᠭᠤᠤᠯ |
ᠮᠥᠷᠡᠨ ᠤ ᠬᠡᠰᠡᠭ ᠲᠤ ᠭᠦᠨᠵᠡᠭᠡᠶᠢᠷᠡᠨ ᠦᠶᠡᠷ ᠤᠨ ᠬᠤᠭᠤᠴᠠᠭᠠᠨ ᠤ ᠭᠤᠤᠯ ᠮᠥᠷᠡᠨ ᠤ ᠠᠵᠢᠯ ᠢ ᠥᠷᠨᠢᠭᠦᠯᠵᠦ᠂ |
ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃ |
|
|
|
|
|
|
|
|
|
ᠬᠠᠪᠤᠷ ᠠᠴᠠ ᠨᠠᠭᠠᠰᠢ᠂ ᠦᠷᠭᠦᠯᠵᠢᠯᠡᠨ ᠴᠠᠰᠤ ᠤᠷᠤᠭᠰᠠᠨ ᠪᠠ ᠠᠭᠠᠷ ᠤᠨ ᠳᠤᠯᠠᠭᠠᠨ ᠳᠡᠭᠡᠭᠰᠢᠯᠡᠭᠰᠡᠨ ᠠᠴᠠ |
ᠮᠥᠰᠥ ᠴᠠᠰᠤᠨ ᠤ ᠬᠠᠶᠢᠯᠬᠤ ᠬᠤᠷᠳᠤᠴᠠ ᠲᠦᠷᠭᠡᠳᠴᠦ᠂ ᠴᠠᠰᠤ ᠬᠠᠶᠢᠯᠬᠤ ᠴᠢᠨᠠᠷᠲᠠᠶ ᠦᠶᠡᠷ ᠤᠨ ᠭᠠᠮᠰᠢᠭ ᠢ |
ᠰᠡᠷᠭᠡᠶᠢᠯᠡᠬᠦ ᠶᠢᠨ ᠲᠥᠯᠥᠭᠡ᠂ ︽ᠮᠣᠷᠢᠨ ᠨᠢᠷᠤᠭᠤᠨ ᠳᠡᠭᠡᠷᠡᠬᠢ ᠭᠤᠤᠯ ᠤᠨ ᠬᠡᠰᠡᠭ ᠤᠨ ᠴᠢᠬᠤᠯᠠ ᠵᠠᠩᠭᠢᠯᠠᠭ᠎ᠠ ᠶᠢᠨ |
ᠴᠡᠭ ᠲᠤ ᠭᠦᠨᠵᠡᠭᠡᠶᠢᠷᠡᠵᠦ᠂ ᠭᠤᠤᠯ ᠤᠨ ᠵᠠᠮ ᠢᠶᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠷᠦᠭᠦᠨ |
ᠴᠠᠰᠤᠨ ᠤ ᠪᠠᠶᠢᠳᠠᠯ᠂ ᠭᠤᠤᠯ ᠤᠨ ᠵᠠᠮ ᠤᠨ ᠳᠠᠭᠠᠭᠠᠴᠠ᠂ ᠰᠡᠷᠭᠡᠶᠢᠯᠡᠯᠲᠡ ᠶᠢᠨ ᠤᠰᠤᠨ ᠲᠦᠪᠰᠢᠨ ᠵᠡᠷᠭᠡ |
ᠪᠠᠶᠢᠳᠠᠯ ᠢ ᠨᠠᠷᠢᠨ ᠣᠶᠢᠯᠠᠭᠠᠵᠤ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠦᠵᠡᠭᠳᠡᠯ ᠣᠷᠣᠰᠢᠵᠤ ᠪᠠᠶᠢᠬᠤ |
ᠡᠰᠡᠬᠦ ᠶᠢ ᠪᠠᠶᠢᠴᠠᠭᠠᠬᠤ ᠶᠢᠨ ᠬᠠᠮᠲᠤ ᠭᠠᠴᠠᠭ᠎ᠠ ᠪᠠ ᠭᠤᠤᠯ ᠤᠨ ᠵᠠᠮ ᠤᠨ ᠬᠤᠶᠠᠷ ᠡᠷᠭᠢ ᠶᠢᠨ ᠮᠠᠯᠴᠢᠳ ᠢ ᠵᠣᠬᠢᠶᠠᠨ |
ᠪᠠᠶᠢᠭᠤᠯᠤᠨ ᠭᠤᠤᠯ ᠤᠨ ᠵᠠᠮ ᠢ ᠴᠡᠪᠡᠷᠯᠡᠬᠦ ᠠᠵᠢᠯ ᠥᠷᠨᠢᠭᠦᠯᠵᠦ᠂ ᠦᠶᠡᠷ ᠤᠨ ᠬᠤᠭᠤᠴᠠᠭᠠᠨ ᠤ ᠭᠤᠤᠯ ᠤᠨ |
ᠤᠷᠤᠰᠬᠠᠯ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠡᠯ᠎ᠡ ᠭᠠᠴᠠᠭᠠᠨ ᠤ |
ᠠᠵᠢᠯᠲᠠᠳ ᠬᠠᠷᠢᠶ᠎ᠠ ᠣᠷᠣᠨ ᠤ ᠪᠠᠨ ᠬᠡᠪᠴᠢᠶᠡᠨ ᠳᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂ |
ᠰᠠᠭᠤᠭᠠᠯᠢ ᠠᠷᠠᠳ ᠲᠤ ᠦᠶᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠭᠤᠤᠯ ᠤᠨ |
ᠵᠠᠮ ᠢᠶᠠᠨ ᠬᠠᠮᠠᠭᠠᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠤᠷᠢᠶᠠᠯᠠᠨ᠂ ᠦᠶᠡᠷ ᠢ |
ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠤᠷᠢᠶᠠᠯᠠᠪᠠ᠃ |
|
|
|
|
|
ᠲᠣᠰ ᠤᠳᠠᠭᠠᠨ ᠤ ᠠᠵᠢᠯᠯᠠᠭ᠎ᠠ ᠨᠢ ᠭᠤᠤᠯ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠠᠵᠢᠯ ᠢ |
ᠥᠷᠨᠢᠭᠦᠯᠦᠭᠰᠡᠨ ᠮᠥᠷᠲᠡᠭᠡᠨ ᠪᠠᠰᠠ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠤᠨ ᠵᠠᠮ ᠤᠨ |
ᠵᠠᠰᠠᠯᠲᠠ ᠳᠤ ᠣᠷᠣᠯᠴᠠᠭᠤᠯᠵᠤ᠂ ᠭᠤᠤᠯ ᠤᠨ ᠵᠠᠮ ᠢ ᠬᠠᠮᠠᠭᠠᠯᠠᠨ᠂ ᠠᠷᠢᠭᠤᠨ ᠴᠡᠪᠡᠷ᠂ ᠰᠠᠨᠠᠭ᠎ᠠ ᠠᠮᠤᠷ ᠭᠤᠤᠯ ᠤᠨ |
ᠵᠠᠮ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃ ᠪᠠᠷᠠᠭᠤᠨ ᠦᠵᠦᠮᠦᠴᠢᠨ ᠬᠤᠰᠢᠭᠤ |
ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠲᠦᠷᠢᠮ ᠢ |
ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠲᠣᠭᠤᠷᠢᠨ ᠪᠠᠶᠢᠴᠠᠭᠠᠬᠤ᠂ ᠬᠢᠨᠠᠨ ᠬᠠᠮᠢᠶᠠᠷᠬᠤ ᠠᠵᠢᠯ ᠢ |
ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠤᠳᠠᠭ᠎ᠠ ᠪᠠᠨ |
ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠳᠠᠯᠠᠩ︾ ᠢ ᠪᠠᠲᠤ ᠴᠣᠭᠴᠠᠯᠠᠵᠤ᠂ ᠠᠷᠠᠳ |
ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠤᠣᠯ ᠮᠥᠷᠡᠨ ᠢ |
ᠰᠠᠬᠢᠬᠤ ᠳᠤ ᠬᠠᠷᠢᠭᠤᠴᠠᠯᠭ᠎ᠠ ᠲᠠᠢ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ |
ᠪᠡᠶᠡᠯᠡᠭᠦᠯᠪᠡ᠃ |
|
|
|
|
|
|