ᠬᠠᠪᠤᠷ ᠤᠨ ᠠᠶᠤᠩᠭ᠎ᠠ ᠳᠤᠤᠭᠠᠷᠴᠤ᠂ ᠲᠦᠮᠡᠨ ᠪᠤᠳᠠᠰ ᠤᠷᠭᠤᠵᠤ᠂ ᠬᠠᠲᠤᠨ ᠭᠤᠣᠯ ᠤᠨ ᠰᠠᠪᠠ ᠭᠠᠵᠠᠷ ᠲᠤ |
ᠮᠠᠰᠢ ᠣᠯᠠᠨ ᠠᠮᠢᠳᠤᠯᠢᠭ ᠠᠪᠢᠶᠠᠨ ᠲᠡᠮᠳᠡᠭ ᠨᠡᠮᠡᠭᠰᠡᠨ ᠪᠠᠶᠢᠨ᠎ᠠ᠃ |
ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠭᠠᠵᠠᠷ ᠤᠨ ᠵᠢᠷᠤᠭ ᠢ |
ᠡᠬᠢᠯᠡᠭᠦᠯᠵᠦ᠂ ᠲᠠᠯ᠎ᠠ ᠭᠠᠵᠠᠷ᠂ ᠡᠯᠡᠰᠦ ᠮᠠᠩᠬ᠎ᠠ᠂ ᠳᠣᠪᠣᠷᠴᠠᠭ᠂ ᠨᠠᠭᠤᠷ ᠵᠡᠷᠭᠡ ᠣᠯᠠᠨ ᠵᠦᠢᠯ ᠤᠨ ᠭᠠᠵᠠᠷ ᠤᠨ |
ᠪᠠᠶᠢᠴᠠ ᠡᠯᠳᠡᠪ ᠶᠠᠩᠵᠤ ᠶᠢᠨ ᠪᠠᠶᠢᠭᠠᠯᠢ ᠶᠢᠨ ᠦᠵᠡᠮᠵᠢ ᠪᠣᠯᠵᠤ ᠬᠤᠪᠢᠷᠠᠪᠠ᠄ ᠦᠬᠠᠶ ᠨᠠᠭᠤᠷ ᠤᠨ ᠤᠰᠤ |
ᠳᠣᠯᠭᠢᠶᠠᠯᠠᠨ ᠳᠠᠪᠠᠯᠭᠠᠯᠠᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠩ ᠰᠢᠮᠡᠯᠢᠭ ᠲᠠᠷᠢᠶᠠᠨ ᠭᠠᠵᠠᠷ᠂ |
ᠤᠯᠠᠭᠠᠨᠰᠤᠬᠠᠢ ᠨᠠᠭᠤᠷ ᠤᠨ ᠰᠢᠪᠠᠭᠤᠳ ᠵᠢᠷᠭᠢᠵᠦ ᠁ |
ᠬᠠᠳᠤᠨ ᠭᠤᠣᠯ ᠤᠨ ᠠᠮᠤᠷ ᠲᠦᠪᠰᠢᠨ ᠢ ᠬᠠᠮᠠᠭᠠᠯᠠᠬᠤ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ |
ᠡᠭᠦᠷᠭᠡᠯᠡᠯ ᠮᠥᠨ᠃ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠠᠭᠤᠯᠠ ᠤᠰᠤ ᠤᠢ ᠮᠣᠳᠣ ᠭᠠᠵᠠᠷ ᠲᠠᠷᠢᠶ᠎ᠠ |
ᠨᠠᠭᠤᠷ ᠪᠦᠷᠢᠳᠦ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ |
ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ |
ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ |
ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠬᠦᠴᠦᠲᠡᠢ ᠠᠬᠢᠭᠤᠯᠪᠠ᠃ |
ᠬᠠᠲᠤᠨ ᠭᠤᠤᠯ ᠢ ᠵᠠᠰᠠᠬᠤ ᠳᠤ ᠡᠷᠬᠡᠪᠰᠢ ᠤᠷᠢᠳ ᠢᠶᠠᠷ ᠡᠯᠡᠰᠦ ᠶᠢ ᠵᠠᠰᠠᠬᠤ ᠬᠡᠷᠡᠭᠲᠡᠢ᠃ 843.5 |
ᠺᠢᠯᠤᠮᠧᠲᠷ ᠤᠨ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠪᠣᠯ ᠪᠥᠬᠦ ᠤᠯᠤᠰ ᠤᠨ ᠴᠦᠯᠯᠡᠷᠭᠡᠭᠵᠢᠭᠰᠡᠨ ᠪᠠ |
ᠡᠯᠡᠰᠦᠷᠬᠡᠭᠵᠢᠭᠰᠡᠨ ᠭᠠᠵᠠᠷ ᠰᠢᠷᠣᠶ ᠶᠢᠨ ᠬᠠᠮᠤᠭ ᠤᠨ ᠲᠥᠪᠯᠡᠷᠡᠭᠰᠡᠨ᠂ ᠬᠤᠤᠷ ᠬᠥᠨᠥᠭᠡᠯ ᠢᠶᠠᠷ ᠬᠠᠮᠤᠭ ᠤᠨ ᠬᠦᠨᠳᠦ |
ᠨᠣᠴᠢᠲᠠᠶ ᠣᠷᠣᠨ ᠪᠦᠰᠡ ᠶᠢᠨ ᠨᠢᠭᠡ ᠪᠣᠯᠤᠨ᠎ᠠ᠃ ᠦᠬᠠᠶ ᠬᠤᠲᠠ ᠶᠢᠨ ᠭᠠᠨᠳᠠᠷᠢ ᠠᠭᠤᠯᠠ ᠶᠢᠨ ᠵᠡᠭᠦᠨ ᠬᠤᠷᠮᠣᠶ ᠳᠤ |
ᠤᠰᠤ ᠰᠢᠷᠣᠶ ᠶᠢ ᠬᠠᠮᠠᠭᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠪᠤᠶ᠃ ᠵᠢᠱᠢᠶ᠎ᠡ ᠦᠵᠡᠭᠦᠯᠬᠦ ᠬᠦᠷᠢᠶᠡᠯᠡᠩ ᠳᠤ |
ᠵᠣᠭᠰᠣᠵᠤ᠂ ᠬᠥᠮᠦᠨ ᠤ ᠬᠦᠴᠦ ᠪᠠᠷ ᠵᠠᠶᠢᠯᠠᠭᠰᠠᠨ ᠮᠣᠳᠣ ᠤᠳ ᠮᠥᠷᠯᠡᠨ ᠵᠢᠭᠰᠠᠵᠤ᠂ ᠵᠢᠮᠢᠰ᠂ ᠲᠤᠷᠤᠭ ᠮᠤᠳᠤ᠂ |
ᠪᠤᠳᠠᠯᠢᠭ ᠮᠣᠳᠣ᠂ ᠡᠪᠡᠰᠦ ᠶᠢ ᠳᠡᠰ ᠳᠠᠷᠠᠭ᠎ᠠ ᠲᠠᠢ ᠪᠠᠷ ᠳᠡᠯᠭᠡᠵᠦ᠂ ᠲᠡᠮᠡᠭᠡᠲᠦ ᠠᠭᠤᠯᠠ ᠶᠢᠨ ᠠᠭᠤᠷᠬᠠᠢ ᠶᠢᠨ ᠣᠷᠣᠨ |
ᠪᠣᠯᠣᠨ ᠰᠧ ᠾᠧ ᠮᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠭᠤᠷᠣᠨᠳᠣ 2200 ᠮᠦ ︽ᠨᠣᠭᠤᠭᠠᠨ |
ᠬᠥᠪᠴᠢ ᠪᠦᠰᠡ︾ ᠶᠢ ᠪᠦᠷᠢᠯᠳᠦᠭᠦᠯᠵᠡᠢ᠃ |
︽ᠬᠦᠷᠢᠶᠡᠯᠡᠩ ᠲᠣᠭᠤᠷᠢᠭ ᠬᠡᠷᠪᠡ ᠵᠠᠰᠠᠬᠤ ᠢᠨᠵᠧᠨᠧᠷᠢᠩ ᠬᠢᠬᠦ ᠦᠭᠡᠢ ᠪᠣᠯ ᠵᠢᠯ ᠪᠦᠷᠢ ᠦᠶᠡᠷ ᠲᠤ |
ᠤᠷᠤᠰᠬᠠᠭᠳᠠᠬᠤ ᠰᠢᠪᠠᠷ ᠡᠯᠡᠰᠦ ᠬᠠᠲᠤᠨ ᠭᠤᠣᠯ ᠳᠤ ᠤᠷᠤᠰᠤᠨ ᠣᠷᠣᠵᠤ ᠢᠷᠡᠨ᠎ᠡ︾ ᠭᠡᠪᠡ᠃ ᠦᠬᠠᠶ |
ᠬᠤᠲᠠ ᠶᠢᠨ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠮᠢᠩ ᠱᠧᠩ ᠲᠠᠨᠢᠯᠴᠠᠭᠤᠯᠬᠤ ᠳᠠᠭᠠᠨ᠂ |
︽ᠣᠳᠣᠬᠠᠨ ᠳᠤ᠂ ᠲᠥᠷᠥᠯ ᠵᠦᠢᠯ ᠤᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ 80% ᠶᠢ |
ᠳᠠᠪᠠᠵᠤ᠂ ᠲᠣᠰ ᠣᠷᠣᠨ ᠪᠦᠰᠡ ᠶᠢᠨ ᠤᠰᠤ ᠰᠢᠷᠣᠶ ᠶᠢᠨ ᠢᠳᠡᠭᠳᠡᠯ ᠢ ᠪᠦᠲᠦᠮᠵᠢᠲᠡᠶ ᠡᠵᠡᠮᠳᠡᠵᠦ᠂ ᠨᠢᠭᠡᠨᠲᠡ |
ᠲᠡᠩᠴᠡᠭᠦᠷᠢ ᠢᠶᠠᠨ ᠠᠯᠳᠠᠭᠰᠠᠨ ᠠᠮᠢ ᠠᠬᠤᠶ ᠶᠢᠨ ᠰᠢᠰᠲ᠋ᠧᠮ ᠳᠠᠬᠢᠨ ᠲᠡᠩᠴᠡᠭᠦᠷᠢ ᠢᠶᠠᠨ ᠰᠡᠷᠭᠦᠭᠡᠭᠰᠡᠨ ᠪᠠᠶᠢᠨ᠎ᠠ︾ |
ᠭᠡᠵᠡᠢ᠃ |
ᠬᠥᠪᠴᠢ ᠡᠯᠡᠰᠦᠨ ᠴᠥᠯ ᠤᠨ ᠬᠤᠶᠢᠲᠤ ᠵᠠᠬ᠎ᠠ᠂ ᠬᠠᠲᠤᠨ ᠭᠤᠣᠯ ᠤᠨ ᠡᠮᠦᠨ᠎ᠡ ᠡᠷᠭᠢ ᠳᠤ᠂ ᠢ ᠯᠢ ᠡᠬᠢ |
ᠪᠠᠶᠠᠯᠢᠭ ᠤᠨ ᠪᠦᠯᠦᠭᠯᠡᠯ ᠪᠠᠷᠤᠭ 170 ᠺᠢᠯᠤᠮᠧᠲᠷ ᠤᠷᠲᠤ ᠪᠠᠶᠢᠵᠤ᠂ 13 ᠺᠢᠯᠤᠮᠧᠲᠷ ᠥᠷᠭᠡᠨ ᠠᠮᠢᠳᠤ |
ᠪᠣᠳᠠᠰ ᠤᠨ ᠬᠢᠯᠢ ᠶᠢ ᠬᠠᠭᠠᠵᠤ ᠪᠠᠶᠢᠭ᠎ᠠ ᠣᠶ ᠶᠢᠨ ᠪᠦᠰᠡ ᠶᠢ ᠪᠠᠶᠢᠭᠤᠯᠵᠤ᠂ ᠬᠠᠲᠤᠨ ᠭᠤᠣᠯ ᠳᠤ ᠨᠡᠪᠲᠡᠷᠡᠬᠦ ᠵᠠᠮ ᠢ |
ᠪᠦᠲᠦᠮᠵᠢᠲᠡᠶ ᠪᠠᠷ ᠲᠠᠰᠤᠯᠪᠠ᠃ |
ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ ᠯᠢᠦ ᠭᠤᠸᠠᠶ ᠡᠯᠡᠰᠦᠨ ᠳᠤ᠂ ᠨᠢᠭᠡ ᠬᠡᠰᠡᠭ ᠣᠷᠳᠣ ᠨᠢ ᠪᠠᠷᠤᠭ |
4 ᠺᠢᠯᠤᠮᠧᠲᠷ᠂ ᠥᠷᠭᠡᠨ ᠪᠠᠷᠤᠭ 3 ᠺᠢᠯᠤᠮᠧᠲᠷ ᠤᠨ ᠲᠣᠮᠣ ᠬᠡᠯᠪᠡᠷᠢ ᠶᠢᠨ ᠬᠢᠯᠢ ᠶᠢ ᠣᠨᠢᠰᠤᠯᠠᠬᠤ ᠣᠶ ᠪᠤᠢ᠂ |
ᠵᠢᠱᠢᠶᠡᠯᠡᠪᠡᠯ ᠮᠢᠩᠭᠠᠨ ᠲᠦᠮᠡᠨ ᠪᠣᠬᠢᠷᠲᠤᠯ ᠥᠬᠡᠶ ᠬᠠᠮᠠᠭᠠᠯᠠᠭᠴᠢ᠂ ᠬᠠᠲᠤᠨ ᠭᠤᠤᠯ ᠢ ᠤᠯᠠᠭᠠᠨᠪᠤᠬ᠎ᠠ ᠶᠢᠨ ᠡᠯᠡᠰᠦᠨ |
ᠴᠦᠯ ᠲᠠᠢ ᠰᠠᠯᠭᠠᠨ᠎ᠠ᠃ |
ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠥᠪᠴᠢ ᠡᠯᠡᠰᠦᠨ ᠴᠦᠯ᠂ ᠮᠤᠤᠠᠤᠰᠤ ᠶᠢᠨ ᠡᠯᠡᠰᠦᠷᠬᠡᠭ |
ᠭᠠᠵᠠᠷ᠂ ᠰᠢᠷ᠎ᠠ ᠬᠥᠷᠥᠰᠥᠲᠦ ᠥᠨᠳᠦᠷᠯᠢᠭ ᠤᠨ ᠤᠰᠤ ᠰᠢᠷᠣᠶ ᠶᠢᠨ ᠢᠳᠡᠭᠳᠡᠯ ᠤᠨ ᠣᠷᠣᠨ᠂ ᠪᠣᠷᠣᠲᠣᠬᠤᠶ ᠶᠢᠨ |
ᠲᠠᠯ᠎ᠠ ᠭᠠᠵᠠᠷ ᠪᠠ ᠲᠦᠮᠡᠳ ᠤᠨ ᠲᠠᠯ᠎ᠠ ᠭᠠᠵᠠᠷ ᠵᠡᠷᠭᠡ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ |
ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠭᠤᠤᠯᠳᠠᠯᠭ᠎ᠠ ᠲᠠᠢ ᠢᠨᠵᠧᠨᠧᠷᠢᠩ ᠪᠣᠯᠭᠠᠵᠤ᠂ |
ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ |
ᠠᠬᠢᠭᠤᠯᠪᠠ᠃ 2019 ᠣᠨ ᠠᠴᠠ ᠨᠠᠭᠠᠰᠢ᠂ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ |
ᠤᠰᠤ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ 1443 ᠲᠦᠮᠡᠨ ᠮᠥ ᠪᠡᠶᠡᠯᠡᠭᠦᠯᠵᠦ᠂ ᠤᠰᠤ |
ᠰᠢᠷᠣᠶ ᠶᠢᠨ ᠢᠳᠡᠭᠳᠡᠯ ᠤᠨ ᠲᠠᠯᠠᠪᠠᠶ ᠪᠠ ᠬᠦᠴᠦᠯᠡᠴᠡ ᠶᠢᠨ ᠬᠤᠤᠰ ᠪᠠᠭᠤᠷᠠᠯᠲᠠ ᠶᠢ ᠪᠡᠶᠡᠯᠡᠭᠦᠯᠪᠡ᠃ |
ᠬᠠᠲᠤᠨ ᠭᠤᠣᠯ ᠡᠷᠲᠡᠨ ᠠᠴᠠ ᠤᠰᠤᠨ ᠤ ᠭᠠᠮᠰᠢᠭ ᠤᠯᠠᠨ᠂ ᠥᠪᠥᠷ ᠮᠣᠩᠭᠤᠯ ᠨᠢ ᠬᠠᠲᠤᠨ ᠭᠤᠣᠯ ᠤᠨ |
ᠤᠰᠤᠨ ᠤ ᠬᠥᠨᠥᠭᠡᠯ ᠢ ᠵᠠᠰᠠᠬᠤ ᠶᠢ ᠢᠮᠠᠭᠲᠠ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠵᠡᠢ᠃ 20 ᠳ᠋ᠤᠭᠠᠷ |
ᠵᠠᠭᠤᠨ ᠤ ᠲᠠᠪᠢ ᠵᠢᠷᠠᠭᠠᠳ ᠣᠨ ᠠᠴᠠ ᠡᠬᠢᠯᠡᠨ ᠲᠣᠮᠣ ᠬᠡᠯᠪᠡᠷᠢ ᠶᠢᠨ ᠤᠰᠤᠨ ᠠᠰᠢᠭᠯᠠᠯᠲᠠ ᠶᠢᠨ ᠡᠵᠡᠮᠳᠡᠯ ᠤᠨ |
ᠴᠢᠨᠠᠷᠲᠠᠶ ᠢᠨᠵᠧᠨᠧᠷᠢᠩ ᠪᠠ ᠡᠯ᠎ᠡ ᠲᠥᠷᠥᠯ ᠤᠨ ᠤᠰᠤᠨ ᠴᠥᠭᠦᠷᠥᠮ ᠢ ᠪᠠᠶᠢᠭᠤᠯᠵᠤ᠂ ᠤᠷᠢᠳ ᠬᠤᠵᠢᠳ ᠰᠠᠨ |
ᠱᠧᠩ ᠭᠦᠩ ᠤᠰᠤᠨ ᠠᠰᠢᠭᠯᠠᠯᠲᠠ ᠶᠢᠨ ᠬᠦᠢᠰᠦ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ |
ᠬᠦᠢᠰᠦ ᠵᠡᠷᠭᠡ ᠢᠨᠵᠧᠨᠧᠷᠢᠩ ᠢ ᠪᠠᠶᠢᠭᠤᠯᠤᠭᠰᠠᠨ ᠪᠥᠭᠡᠳ ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠨᠢᠭᠡᠳᠦᠭᠡᠷ |
ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠢᠴᠢ ᠭᠤᠣᠯᠳᠠᠯᠭ᠎ᠠ ᠲᠠᠢ ᠰᠠᠯᠪᠤᠷᠢ ᠤᠷᠤᠰᠬᠠᠯ ᠢ ᠵᠠᠰᠠᠬᠤ ᠵᠡᠷᠭᠡ |
ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠬᠦᠢᠰᠦ᠂ ᠬᠠᠰᠢᠯᠭ᠎ᠠ᠂ ᠤᠰᠤᠨ ᠴᠥᠭᠦᠷᠥᠮ ᠵᠡᠷᠭᠡ ᠠᠴᠠ |
ᠪᠦᠷᠢᠯᠳᠦᠭᠰᠡᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ︔ |
ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ 6 ᠣᠷᠣᠨ ᠪᠠᠶᠢᠭᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ |
ᠳᠠᠷᠤᠯᠲᠠ ᠶᠢ ᠲᠦᠢᠯ ᠤᠨ ᠶᠡᠭᠡ ᠪᠠᠷ ᠨᠠᠮᠳᠠᠭᠤᠯᠪᠠ᠃ 2021 ᠣᠨ ᠠᠴᠠ ᠡᠬᠢᠯᠡᠨ ᠬᠠᠲᠤᠨ ᠭᠤᠤᠯ ᠤᠨ |
ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ |
ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ |
ᠤᠷᠠᠳ ᠤᠨ ᠳᠤᠮᠳᠠᠳᠤ ᠬᠤᠰᠢᠭᠤᠨ ᠤ ᠬᠤᠶᠢᠲᠤ ᠲᠠᠯ᠎ᠠ ᠪᠠᠷ ᠮᠤᠨᠢ ᠠᠭᠤᠯᠠ ᠣᠷᠴᠢᠮ 51 ᠵᠤᠷᠪᠤᠰ |
ᠠᠭᠤᠯᠠᠨ ᠦᠶᠡᠷ ᠤᠨ ᠭᠤᠤ ᠶᠢᠨ ᠠᠮᠠ ᠪᠠᠶᠢᠳᠠᠭ᠂ ᠡᠲᠡᠭᠡᠷ ᠭᠠᠵᠠᠷ ᠣᠷᠣᠨ ᠳᠤ ᠠᠭᠤᠯᠠᠨ ᠦᠶᠡᠷ ᠭᠠᠷᠤᠮᠠᠭᠴᠠ |
ᠬᠠᠲᠤᠨ ᠭᠤᠤᠯ ᠤᠨ ᠤᠰᠤᠯᠠᠯᠲᠠ ᠶᠢᠨ ᠣᠷᠣᠨ ᠤ ᠬᠤᠲᠣᠭᠤᠷ ᠭᠠᠵᠠᠷ ᠲᠤ ᠴᠤᠭᠯᠠᠷᠠᠵᠤ᠂ ᠲᠠᠷᠢᠶᠠᠨ ᠭᠠᠵᠠᠷ ᠤᠨ |
ᠠᠶᠢᠯ ᠲᠣᠰᠬᠤᠨ ᠤᠰᠤᠨ ᠳᠤ ᠠᠪᠲᠠᠭᠳᠠᠨ᠎ᠠ᠃ ︽ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠤ |
ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠢ ᠪᠠᠶᠢᠭᠤᠯᠪᠠᠯ᠂ ᠪᠢᠳᠡ ᠠᠭᠤᠯᠠᠨ ᠦᠶᠡᠷ ᠠᠴᠠ ᠠᠶᠤᠬᠤ ᠬᠡᠷᠡᠭ |
ᠦᠭᠡᠢ ᠪᠣᠯᠤᠨ᠎ᠠ︾ ᠭᠡᠪᠡ᠃ ᠦᠵᠦᠭᠦᠷ ᠭᠤᠣᠯ ᠪᠠᠯᠭᠠᠰᠤᠨ ᠤ ᠯᠢᠶᠠᠨ ᠹᠧᠩ ᠹᠧᠨ ᠳ᠋ᠸᠤ ᠲᠣᠰᠬᠤᠨ ᠤ ᠠᠷᠠᠳ ᠯᠢᠦ |
ᠮᠧᠩ ᠰᠢ ᠬᠡᠯᠡᠪᠡ᠃ |
ᠤᠷᠠᠳ ᠤᠨ ᠡᠮᠦᠨᠡᠲᠦ ᠬᠤᠰᠢᠭᠤ ᠠᠮᠢ ᠠᠬᠤᠢ ᠶᠢᠨ ᠴᠡᠪᠡᠷ ᠵᠢᠵᠢᠭ ᠰᠠᠪᠠ ᠭᠠᠵᠠᠷ ᠢ 10 ᠵᠤᠷᠪᠤᠰ |
ᠪᠠᠶᠢᠭᠤᠯᠵᠤ᠂ ᠵᠠᠰᠠᠭᠰᠠᠨ ᠲᠠᠯᠠᠪᠠᠢ ᠨᠢ 210 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠡᠭᠦᠨ ᠳᠤ ᠠᠮᠢ |
ᠠᠬᠤᠢ ᠶᠢᠨ ᠰᠡᠯᠪᠢᠨ ᠵᠠᠰᠠᠭᠰᠠᠨ ᠲᠠᠯᠠᠪᠠᠢ ᠨᠢ 1.84 ᠲᠦᠮᠡᠨ ᠾᠧᠺᠲ᠋ᠠᠷ ᠪᠠᠶᠢᠵᠤ᠂ ᠬᠥᠮᠦᠨ ᠬᠢᠭᠡᠳ |
ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠤᠷᠤᠰᠢᠬᠤ ᠶᠢ ᠬᠦᠴᠦᠲᠡᠢ ᠠᠬᠢᠭᠤᠯᠪᠠ᠃ |
︽ᠵᠠᠰᠠᠬᠤ ᠠᠴᠠ ᠡᠮᠦᠨ᠎ᠡ᠂ ᠮᠠᠨ ᠤ ᠠᠳᠡ ᠪᠣᠷᠣᠭᠠᠨ ᠣᠷᠣᠬᠤ ᠠᠴᠠ ᠬᠠᠮᠤᠭ ᠤᠨ ᠠᠶᠤᠳᠠᠭ᠂ ᠶᠡᠭᠡ |
ᠪᠤᠷᠤᠭᠠᠨ ᠤᠷᠤᠮᠠᠭᠴᠠ ᠠᠭᠤᠯᠠᠨ ᠦᠶᠡᠷ᠂ ᠲᠠᠷᠢᠶ᠎ᠠ ᠭᠠᠮᠰᠢᠭᠳᠠᠬᠤ᠂ ᠵᠠᠮ ᠡᠪᠳᠡᠭᠳᠡᠬᠦ᠂ ᠮᠠᠨ ᠤ ᠦᠢᠯᠡᠳᠪᠦᠷᠢᠯᠡᠯ |
ᠠᠮᠢᠳᠤᠷᠠᠯ ᠳᠤ ᠮᠠᠰᠢ ᠶᠡᠭᠡ ᠨᠦᠯᠦᠭᠡ ᠠᠪᠴᠢᠷᠠᠵᠤ ᠦᠭᠳᠡᠭ︾᠃ ᠤᠷᠠᠳ ᠤᠨ ᠡᠮᠦᠨᠡᠳᠦ ᠬᠤᠰᠢᠭᠤᠨ ᠤ ᠪᠠᠭ᠎ᠠ |
ᠰᠢᠬᠡᠳᠡᠢ ᠪᠠᠯᠭᠠᠰᠤᠨ ᠤ ᠳᠡᠳ᠋ ᠳᠠᠷᠤᠭ᠎ᠠ ᠷᠧᠨ ᠠᠨ ᠫᠢᠩ ᠬᠡᠯᠡᠭᠰᠡᠨ ᠨᠢ᠄ ︽ᠠᠮᠢ ᠠᠬᠤᠢ ᠶᠢᠨ ᠴᠡᠪᠡᠷ ᠵᠢᠵᠢᠭ ᠰᠠᠪᠠ |
ᠭᠠᠵᠠᠷ ᠢ ᠶᠡᠷᠦᠩᠭᠡᠶᠢᠯᠡᠨ ᠵᠠᠰᠠᠬᠤ ᠳᠦᠷᠦᠯ ᠵᠦᠢᠯ ᠢ ᠬᠡᠷᠡᠭᠵᠢᠬᠦᠯᠦᠭᠰᠡᠨ ᠤ ᠳᠠᠷᠠᠭ᠎ᠠ᠂ ᠳᠦᠷᠦᠯ ᠵᠦᠢᠯ ᠤᠨ |
ᠤᠷᠤᠨ ᠤ ᠠᠮᠢ ᠠᠬᠤᠢ ᠶᠢᠨ ᠤᠷᠴᠢᠨ ᠳᠤᠭᠤᠷᠢᠨ ᠢ ᠪᠦᠳᠦᠮᠵᠢᠳᠡᠢ ᠰᠠᠶᠢᠵᠢᠷᠠᠭᠤᠯᠵᠦ᠂ ᠤᠷᠤᠰᠢᠨ |
ᠰᠠᠭᠤᠷᠢᠰᠢᠬᠤ ᠳᠤ ᠳᠤᠬᠢᠳᠠᠢ ᠪᠠ ᠭᠤᠶᠤ ᠰᠠᠶᠢᠬᠠᠨ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ ᠶᠢ |
ᠠᠬᠢᠭᠤᠯᠪᠠ︾ ᠬᠡᠪᠡ᠃ |
ᠡᠭᠦᠨ ᠤ ᠬᠠᠮᠲᠤ᠂ ᠬᠠᠲᠤᠨ ᠭᠤᠤᠯ ᠤᠨ ᠤᠰᠤᠨ ᠤ ᠠᠮᠢ ᠠᠬᠤᠶ ᠶᠢ ᠵᠠᠰᠠᠬᠤ ᠡᠷᠴᠢᠮ ᠲᠠᠰᠤᠷᠠᠯᠲᠠ ᠥᠬᠡᠶ |
ᠴᠢᠩᠭᠠᠷᠠᠪᠠ᠃ 2019 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠰᠠᠪᠠ ᠭᠠᠵᠠᠷ ᠤᠨ ᠳᠣᠲᠣᠷᠠᠬᠢ |
ᠤᠯᠠᠭᠠᠨᠰᠤᠬᠠᠢ᠂ ᠳᠠᠭ᠎ᠠ ᠶᠢᠨ ᠨᠠᠭᠤᠷ᠂ ᠪᠤᠷᠵᠠᠩ ᠨᠠᠭᠤᠷ ᠵᠡᠷᠭᠡ ᠭᠤᠤᠯᠳᠠᠯᠭ᠎ᠠ ᠲᠠᠢ ᠨᠠᠭᠤᠷ ᠴᠥᠭᠦᠷᠥᠮ ᠳᠤ ᠨᠡᠶᠢᠲᠡ |
27.86 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠥᠷᠢᠯᠡᠪᠡ᠃ ᠡᠭᠦᠨ ᠳᠤ᠂ ᠬᠠᠯᠢᠶ᠎ᠠ |
ᠦᠶᠡᠷ ᠤᠨ ᠤᠰᠤ ᠶᠢ ᠠᠰᠢᠭᠯᠠᠨ ᠤᠯᠠᠭᠠᠨᠰᠤᠬᠠᠢ ᠳᠤ ᠪᠠᠴᠢᠮ ᠪᠠᠶᠢᠳᠠᠯ ᠢ ᠠᠷᠭᠠᠴᠠᠭᠠᠬᠤ ᠠᠮᠢ ᠠᠬᠤᠶ ᠶᠢᠨ ᠤᠰᠤ |
ᠨᠥᠬᠦᠪᠥᠷᠢᠯᠡᠬᠦ ᠶᠢ 8.94 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠡᠷᠡᠭᠵᠢᠭᠦᠯᠵᠦ᠂ ᠴᠢᠬᠤᠯᠠ ᠨᠠᠭᠤᠷ |
ᠴᠥᠭᠦᠷᠥᠮ ᠪᠠ ᠣᠷᠣᠨ ᠪᠦᠰᠡ ᠶᠢᠨ ᠠᠮᠢ ᠠᠬᠤᠶ ᠶᠢᠨ ᠰᠠᠶᠢᠵᠢᠷᠠᠯᠲᠠ ᠶᠢ ᠬᠦᠴᠦᠲᠡᠶ ᠠᠬᠢᠭᠤᠯᠪᠠ᠃ 2022 |
ᠣᠨ ᠠᠴᠠ ᠨᠠᠭᠠᠰᠢ᠂ ᠭᠤᠣᠯ ᠳᠤ ᠴᠢᠳᠬᠤᠬᠤ ᠪᠣᠬᠢᠷᠳᠤᠯ ᠭᠠᠳᠠᠭᠰᠢᠯᠠᠭᠤᠯᠬᠤ ᠠᠮᠠᠰᠠᠷ ᠢ ᠡᠬᠢ ᠰᠤᠷᠪᠤᠯᠵᠢ ᠶᠢ ᠨᠢ |
ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ ᠬᠠᠲᠤᠨ ᠭᠤᠣᠯ ᠳᠠᠭᠠᠤ ᠶᠢᠨ 3 ᠺᠢᠯᠤᠮᠧᠲᠷ ᠤᠨ ᠬᠡᠪᠴᠢᠶᠡᠨ |
ᠳᠣᠲᠣᠷᠠᠬᠢ 350 ᠲᠣᠰᠬᠤᠨ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠪᠦᠬᠦᠨ ᠢ ᠪᠡᠶᠡᠯᠡᠭᠦᠯᠪᠡ᠃ |
ᠵᠠᠰᠠᠬᠤ ᠪᠠᠷ ᠳᠠᠮᠵᠢᠨ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠭᠠᠵᠠᠷ ᠤᠨ ᠭᠠᠳᠠᠷᠭᠤ ᠶᠢᠨ |
ᠤᠰᠤᠨ ᠤ 35 ᠣᠭᠲᠣᠯᠤᠭᠠᠰᠤ ᠨᠢ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠬᠦᠷᠴᠡᠢ᠃ |
︽ᠤᠳᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠳᠤᠨ ᠭᠤᠣᠯ ᠢ ᠬᠠᠮᠠᠭᠠᠯᠠᠬᠤ |
ᠬᠠᠤᠯᠢ﹀ ᠲᠠᠢ ᠪᠣᠯᠵᠠᠢ᠂ ᠪᠢᠳᠡ ᠠᠵᠢᠯ ᠤᠨ ᠳᠤᠮᠳᠠ ᠪᠠᠨ ᠵᠢᠷᠤᠮᠯᠠᠬᠤ ᠬᠠᠤᠯᠢ ᠲᠠᠢ᠂ ᠤᠯᠠᠨ ᠲᠦᠮᠡᠨ ᠳᠤ ᠨᠡᠩ |
ᠶᠣᠰᠣ ᠪᠠᠷᠢᠮᠲᠠ ᠲᠠᠢ ᠪᠣᠯᠭᠠᠪᠠ︾᠃ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ |
ᠪᠠᠶᠢᠴᠠᠭᠠᠬᠤ ᠬᠤᠷᠢᠶᠠᠨ ᠤ ᠲᠤᠰᠬᠠᠢ ᠲᠤᠰᠢᠶᠠᠯᠲᠤ ᠭᠡᠰᠢᠭᠦᠨ᠂ ᠲᠣᠭᠤᠷᠢᠨ ᠴᠠᠭᠳᠠᠭᠴᠢ ︵ᠬᠠᠮᠠᠭᠠᠯᠠᠭᠰᠠᠨ︶᠂ ᠪᠦᠬᠦ |
ᠤᠯᠤᠰ ᠤᠨ ︽ᠬᠠᠮᠤᠭ ᠤᠨ ᠭᠤᠶᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ᠯᠢᠦᠢ ᠯᠢ ᠬᠡᠯᠡᠪᠡ᠃ |
|
ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯ ᠨᠢᠭᠡᠨ ᠣᠷᠳᠣ |
ᠬᠤᠭᠤᠴᠠᠭᠠᠨ ᠤ ᠶᠠᠪᠤᠴᠠ ᠮᠥᠨ᠂ ᠬᠠᠲᠤᠨ ᠭᠤᠤᠯ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠳᠤ ᠡᠷᠬᠡᠪᠰᠢ |
ᠴᠢᠩᠭ᠎ᠠ ᠨᠢᠭᠲᠠ ᠬᠠᠤᠯᠢ ᠴᠠᠭᠠᠵᠠ᠂ ᠲᠦᠷᠢᠮ᠂ ᠪᠠᠷᠢᠮᠵᠢᠶ᠎ᠠ ᠪᠠᠷ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ |
ᠬᠠᠤᠯᠢ ᠪᠠᠷᠢᠬᠤ ᠶᠢ ᠴᠢᠩᠭ᠎ᠠ ᠬᠠᠮᠠᠭᠠᠯᠠᠬᠤ ᠬᠡᠷᠡᠭᠲᠡᠶ᠃ |
ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ |
ᠢᠳᠡᠪᠬᠢᠲᠡᠶ ᠥᠷᠨᠢᠭᠦᠯᠵᠦ᠂ ᠬᠠᠲᠤᠨ ᠭᠤᠤᠯ ᠢ ᠬᠠᠮᠠᠭᠠᠯᠠᠨ ᠵᠠᠰᠠᠬᠤ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ |
ᠶᠢ ᠪᠠᠶᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ |
ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ︾᠂ ︽ |
ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠠᠮᠢ ᠠᠬᠤᠶ ᠶᠢᠨ ᠬᠤᠩᠭᠢᠯ ᠤᠨ |
ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠲᠠᠷᠬᠠᠭᠠᠵᠤ᠂ ︽︿ᠠᠷᠪᠠᠨ ᠳᠥᠷᠪᠡᠳᠦᠭᠡᠷ |
ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ |
ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠰᠤᠨ ᠤ ᠠᠮᠤᠷ ᠲᠦᠪᠰᠢᠨ ᠤ |
ᠪᠠᠲᠤᠯᠠᠭ᠎ᠠ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠳᠠᠭᠤᠰᠬᠠᠵᠤ᠂ ᠵᠠᠰᠠᠯᠲᠠ ᠶᠢᠨ ᠰᠢᠰᠲ᠋ᠧᠮᠵᠢ ᠶᠢ |
ᠲᠠᠰᠤᠷᠠᠯᠲᠠ ᠥᠬᠡᠶ ᠲᠡᠭᠦᠯᠳᠡᠷᠵᠢᠭᠦᠯᠪᠡ᠃ |
ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠲᠤ ᠭᠤᠤᠯ ᠮᠥᠷᠡᠨ ᠨᠠᠭᠤᠷ ᠴᠥᠭᠦᠷᠥᠮ ᠤᠨ |
ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠪᠠ ᠭᠠᠵᠠᠷ ᠤᠨ ᠳᠣᠲᠣᠷᠠᠬᠢ 503 ᠭᠤᠤᠯ |
ᠮᠥᠷᠡᠨ᠂ 67 ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ |
ᠪᠡᠶᠡᠯᠡᠭᠦᠯᠪᠡ᠃ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ 4841 ᠳᠠᠷᠤᠭ᠎ᠠ ᠲᠤᠰ ᠲᠤᠰ ᠤᠨ |
ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠡᠶᠢᠲᠡ 30.3 ᠲᠦᠮᠡᠨ ᠬᠥᠮᠦᠨ ᠤᠳᠠᠭ᠎ᠠ ᠶᠢ ᠲᠣᠭᠤᠷᠢᠨ ᠴᠠᠭᠳᠠᠪᠠ᠃ |
|
ᠡᠬᠡ ᠭᠤᠣᠯ ᠢᠶᠠᠨ ᠬᠠᠮᠠᠭᠠᠯᠠᠵᠤ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ |
ᠭᠤᠣᠯ ᠪᠣᠯᠭᠠᠵᠤ᠂ ᠥᠪᠥᠷ ᠮᠣᠩᠭᠤᠯ ᠡᠷᠡᠯᠬᠡᠭᠯᠡᠨ ᠤᠷᠤᠭᠰᠢᠯᠠᠬᠤ ᠠᠯᠬᠤᠮ ᠢᠶᠠᠨ ᠶᠡᠷᠦ ᠠᠴᠠ ᠵᠣᠭᠰᠣᠭᠰᠠᠨ ᠦᠭᠡᠢ |
ᠶᠤᠮ᠃ |
|
︵ᠥᠪᠥᠷ ᠮᠣᠩᠭᠤᠯ ᠤᠨ ᠡᠳᠦᠷ ᠤᠨ ᠰᠣᠨᠢᠨ ᠠᠴᠠ ᠰᠢᠯᠵᠢᠭᠦᠯᠪᠡ 2024 ᠣᠨ ᠤ 3 ᠳ᠋ᠤᠭᠠᠷ ᠰᠠᠷ᠎ᠠ ᠶᠢᠨ |
9 ᠤ ᠡᠳᠦᠷ ᠰᠤᠷᠪᠤᠯᠵᠢᠯᠠᠭᠴᠢ ᠵᠠᠩ ᠬᠤᠶ ᠯᠢᠩ︶ |
|