— 2024 ᠣᠨ ᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠭᠠᠷᠠᠭ︾ |
ᠢ ᠪᠢᠴᠢᠬᠦ ᠲᠠᠰᠢᠷᠠᠮ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ |
2024 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠪᠣᠯ 32 ᠳ᠋ᠤᠭᠠᠷ ᠬᠤᠭᠤᠴᠠᠭᠠᠨ ᠤ ︽ |
ᠳᠡᠯᠡᠬᠡᠶ ᠶᠢᠨ ᠤᠰᠤᠨ ᠤ ᠡᠳᠦᠷ︾ ᠪᠣᠯᠤᠨ᠎ᠠ᠂ 3 ᠳ᠋ᠤᠭᠠᠷ ᠰᠠᠷ᠎ᠠ ᠶᠢᠨ 22 ᠤᠨ ᠡᠳᠦᠷ ᠠᠴᠠ 28 ᠤ ᠡᠳᠦᠷ |
ᠪᠣᠯᠲᠠᠯ᠎ᠠ 37 ᠳ᠋ᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠭᠠᠷᠠᠭ︾ ᠪᠣᠯᠤᠨ᠎ᠠ᠃ ᠤᠰᠤ ᠪᠣᠯ |
ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ ᠰᠠᠭᠤᠷᠢ ᠮᠥᠨ᠂ |
ᠠᠮᠢ ᠠᠬᠤᠢ ᠶᠢᠨ ᠣᠷᠴᠢᠨ ᠲᠣᠭᠤᠷᠢᠨ ᠤ ᠬᠠᠮᠤᠭ ᠤᠨ ᠴᠢᠬᠤᠯᠠ ᠬᠢᠵᠠᠭᠠᠷᠯᠠᠬᠤ ᠴᠢᠨᠠᠷᠲᠠᠢ ᠡᠯᠧᠮᠧᠨ᠋ᠲ ᠤᠨ ᠨᠢᠭᠡ |
ᠮᠥᠨ᠃ 2014 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ |
ᠡᠳ᠋ ᠤᠨ ᠵᠠᠰᠠᠭ ᠠᠵᠤ ᠠᠬᠤᠶ ᠶᠢᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ |
ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ ᠰᠢᠨ᠎ᠡ ᠶᠢ ᠡᠭᠦᠳᠬᠦ |
ᠴᠢᠨᠠᠷᠲᠠᠶ ᠪᠠᠷ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ |
ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠳᠤᠷᠠᠳᠴᠤ᠂ ᠰᠢᠨ᠎ᠡ |
ᠴᠠᠭ ᠦᠶ᠎ᠡ ᠶᠢᠨ ᠤᠰᠤ ᠶᠢ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ |
ᠬᠠᠩᠭᠠᠪᠠ᠃ ᠥᠪᠥᠷ ᠮᠣᠩᠭᠤᠯ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠬᠤᠷ᠂ |
ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠨᠢ ᠤᠷᠲᠤ ᠬᠤᠭᠤᠴᠠᠭ᠎ᠠ ᠪᠠᠷ ᠥᠪᠡᠷᠲᠡᠭᠡᠨ ᠵᠠᠰᠠᠬᠤ ᠣᠷᠣᠨ ᠤ |
ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠤᠶ᠃ 10 ᠵᠢᠯ ᠤᠨ ᠲᠤᠷᠰᠢ᠂ ᠪᠥᠬᠦ |
ᠣᠷᠣᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ |
ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ |
ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠨ᠂ |
ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠤᠰᠤᠨ ᠤ ᠡᠬᠢ ᠪᠠᠶᠠᠯᠢᠭ ᠢ |
ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ |
ᠬᠠᠮᠢᠶᠠᠷᠴᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠰᠤ ᠪᠠᠷ ᠲᠣᠭᠲᠠᠭᠠᠵᠤ᠂ ᠤᠰᠤᠨ ᠤ ᠬᠡᠮᠵᠢᠶ᠎ᠡ ᠪᠠᠷ |
ᠬᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠤᠰᠤᠨ ᠤ |
ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠪᠠ᠃ |
ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ |
ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠷᠢᠮᠲᠠᠯᠠᠨ᠎ᠠ |
ᠤᠰᠤ ᠠᠷᠪᠢᠯᠠᠬᠤ ᠪᠣᠯ ᠮᠠᠨ ᠤ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ |
ᠰᠢᠢᠳᠪᠦᠷᠢᠯᠡᠬᠦ ᠦᠨᠳᠦᠰᠦᠨ ᠭᠠᠷᠬᠤ ᠵᠠᠮ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ |
ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠠᠴᠠ ᠤᠷᠢᠳ ᠡᠮᠦᠨ᠎ᠡ ᠪᠠᠶᠢᠭ᠎ᠠ ᠦᠭᠡᠢ |
ᠡᠷᠴᠢᠮ ᠢᠶᠠᠷ ᠤᠰᠤ ᠠᠷᠪᠢᠯᠠᠵᠤ ᠤᠰᠤ ᠶᠢ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠤᠰᠤ ᠶᠢ ᠡᠷᠡᠰ ᠠᠷᠪᠢᠯᠠᠵᠤ᠂ |
ᠤᠰᠤ ᠶᠢ ᠴᠡᠪᠡᠷᠰᠢᠭᠦᠯᠵᠦ᠂ ᠤᠰᠤ ᠶᠢ ᠰᠠᠶᠢᠵᠢᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ |
ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠰᠬᠠᠶ |
ᠳᠤᠭᠤᠶᠢᠯᠠᠩ ᠢ ᠪᠠᠶᠢᠭᠤᠯᠵᠤ᠂ ᠪᠥᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ |
ᠠᠰᠢᠭᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠷᠢᠳ ᠬᠤᠵᠢᠳ ᠤᠰᠤᠨ ᠤ ᠡᠬᠢ ᠪᠠᠶᠠᠯᠢᠭ ᠢ |
ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠡᠷᠦᠩᠬᠡᠶ ᠲᠥᠰᠦᠯ᠂ ︽ᠨᠢᠭᠡ ᠠᠶᠢᠮᠠᠭ ︵ᠬᠤᠲᠠ︶ ᠳᠤ |
ᠨᠢᠭᠡ ᠠᠷᠭ᠎ᠠ ᠪᠣᠳᠣᠯᠭ᠎ᠠ︾ ᠪᠠ ︽ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠵᠦ |
ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ ᠵᠡᠷᠭᠡ |
ᠰᠢᠷᠢᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ |
ᠠᠰᠢᠭᠯᠠᠬᠤ ᠶᠢ ᠦᠷᠭᠦᠯᠵᠢᠯᠡᠨ ᠠᠬᠢᠭᠤᠯᠪᠠ᠃ ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ᠂ ︽ᠶᠡᠭᠡ ᠤᠰᠤ ᠪᠠᠷ |
ᠨᠡᠯᠦ᠋ᠢᠲᠡᠯ᠎ᠡ ᠤᠰᠤᠯᠠᠬᠤ︾᠂ ︽ᠬᠤᠭᠤᠰᠤᠨ ᠭᠠᠵᠠᠷ ᠢ ᠤᠰᠤᠯᠠᠬᠤ︾ ᠵᠡᠷᠭᠡ ᠲᠤᠪᠤᠶᠢᠮ᠎ᠠ ᠠᠰᠠᠭᠤᠳᠠᠯ ᠳᠤ |
ᠬᠦᠴᠦᠯᠡᠨ ᠴᠣᠬᠢᠯᠲᠠ ᠥᠭᠪᠡ᠃ 2014 ᠣᠨ ᠠᠴᠠ ᠨᠠᠭᠠᠰᠢ᠂ ᠨᠡᠶᠢᠲᠡ 104 ᠳ᠋ᠦᠩᠰᠢᠭᠤᠷ ᠲᠥᠭᠦᠷᠢᠭ ᠤᠨ |
ᠪᠡᠯᠡ ᠣᠷᠣᠭᠤᠯᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠣᠳᠣᠬᠢᠴᠢᠯᠠᠭᠰᠠᠨ |
ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠯᠠᠯᠲᠠ ᠶᠢᠨ ᠲᠠᠯᠠᠪᠠᠶ ᠶᠢ 1580 ᠲᠦᠮᠡᠨ ᠮᠦ ᠰᠠᠶᠢᠵᠢᠷᠠᠭᠤᠯᠪᠠ᠃ |
2023 ᠣᠨ ᠳᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠶᠢ 8.8 |
ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠭᠠᠨ ᠪᠠᠭᠠᠰᠬᠠᠵᠤ᠂ ᠡᠩ ᠤᠨ ᠵᠢᠯ ᠤᠨ ᠬᠢ ᠠᠴᠠ 45% ᠪᠠᠷ |
ᠪᠠᠭᠠᠰᠬᠠᠨ᠎ᠠ︔ ᠭᠠᠵᠠᠷ ᠳᠣᠤᠷᠠᠬᠢ ᠤᠰᠤᠨ ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ |
ᠤᠰᠤ ᠶᠢ ᠨᠤᠭᠤᠯᠬᠤ︾ ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ |
ᠪᠦᠲᠦᠮᠵᠢᠲᠡᠶ ᠬᠡᠮᠵᠢᠯᠲᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠤᠲᠠ ᠪᠠᠯᠭᠠᠰᠤᠨ ᠤ ᠤᠰᠤ |
ᠠᠷᠪᠢᠯᠠᠬᠤ ᠲᠠᠯ᠎ᠠ ᠪᠠᠷ᠂ ᠪᠦᠬᠦ ᠣᠷᠣᠨ ᠤ 73 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠰᠤ ᠠᠷᠪᠢᠯᠠᠬᠤ |
ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠦ᠂ ᠪᠠᠶᠢᠭᠤᠯᠤᠭᠰᠠᠨ ᠨᠣᠷᠮ᠎ᠠ ᠨᠢ |
71% ᠳᠤ ᠬᠦᠷᠪᠡ᠃ ᠬᠥᠬᠡᠬᠤᠲᠠ᠂ ᠪᠤᠭᠤᠲᠤ ᠵᠡᠷᠭᠡ ᠤᠰᠤ ᠳᠤᠲᠠᠭᠳᠠᠵᠤ ᠪᠠᠶᠢᠭ᠎ᠠ 5 ᠣᠷᠣᠨ ᠤ ᠲᠠᠰ ᠤᠨ |
ᠬᠤᠲᠠ ᠦᠨᠳᠦᠰᠦᠨ ᠳᠡᠭᠡᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠠᠷᠢᠮᠵᠢᠶ᠎ᠠ ᠳᠤ ᠬᠦᠷᠪᠡ᠃ |
ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ |
ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ |
ᠬᠡᠪ ᠳᠠᠭᠤᠷᠢᠶᠠᠯ ᠤᠨ ᠠᠵᠤ ᠠᠬᠤᠶᠢᠯᠠᠯ 16᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠨᠡᠶᠢᠲᠡ 57 |
ᠪᠠᠶᠢᠭᠤᠯᠪᠠ᠃ 10 ᠵᠢᠯ ᠤᠨ ᠲᠤᠷᠰᠢ᠂ ᠤᠰᠤ ᠠᠷᠪᠢᠯᠠᠬᠤ ᠠᠵᠢᠯ ᠯᠠᠪᠳᠠᠭᠤᠨ ᠢᠶᠠᠷ ᠠᠬᠢᠵᠤ᠂ ᠪᠦᠬᠦ ᠣᠷᠣᠨ ᠤ |
ᠤᠰᠤ ᠬᠡᠷᠡᠭᠯᠡᠬᠦ ᠦᠷ᠎ᠡ ᠠᠰᠢᠭ ᠮᠡᠳᠡᠭᠳᠡᠬᠦ᠋ᠢᠴᠡ ᠳᠡᠭᠡᠭᠰᠢᠯᠡᠵᠦ᠂ ᠲᠦᠮᠡᠨ ᠲᠥᠭᠦᠷᠢᠭ ᠤᠨ GDP ᠪᠣᠯᠤᠨ |
ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠲᠤᠰ ᠲᠤᠰ |
2014 ᠣᠨ ᠤ ᠬᠢ ᠠᠴᠠ 47% ᠪᠠ 70% ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ |
ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 2014 ᠣᠨ ᠤ 0.512 ᠪᠠᠶᠢᠭᠰᠠᠨ ᠠᠴᠠ 0.583 ᠪᠣᠯᠲᠠᠯ᠎ᠠ |
ᠳᠡᠭᠡᠭᠰᠢᠯᠡᠪᠡ᠃ |
ᠣᠷᠣᠨ ᠵᠠᠢ ᠳᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠲᠡᠩᠴᠡᠭᠦᠷᠢᠲᠡᠢ |
ᠦᠷᠭᠦᠯᠵᠢᠯᠡᠨ ᠰᠢᠯᠢᠳᠡᠭᠵᠢᠭᠦᠯᠬᠦ ᠶᠢ ᠪᠠᠷᠢᠮᠲᠠᠯᠠᠨ᠎ᠠ |
ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ |
ᠲᠡᠭᠰᠢ ᠪᠤᠰᠤ᠂ ᠰᠤᠩᠭᠠᠷᠢ ᠮᠥᠷᠡᠨ ᠤ ᠤᠷᠤᠰᠬᠠᠯ ᠣᠷᠣᠨ ᠪᠠᠶᠢᠬᠤ ᠠᠴᠠ ᠭᠠᠳᠠᠨ᠎ᠠ᠂ ᠪᠥᠬᠦ ᠣᠷᠣᠨ ᠤ ᠬᠥᠮᠦᠨ |
ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠵᠥᠪᠬᠡᠨ ᠪᠥᠬᠦ ᠤᠯᠤᠰ ᠤᠨ ᠬᠥᠮᠦᠨ ᠳᠤᠮᠳᠠᠴᠢ ᠶᠢᠨ ᠬᠢᠷᠢ |
ᠲᠦᠪᠰᠢᠨ ᠤ 2 / 5 ᠪᠠᠶᠢᠵᠤ᠂ ᠤᠰᠤᠨ ᠤ ᠡᠬᠢ ᠪᠠᠶᠠᠯᠢᠭ ᠤᠨ ᠲᠠᠷᠬᠠᠯᠲᠠ ᠨᠢ ᠬᠥᠮᠦᠨ ᠠᠮᠠ᠂ ᠲᠠᠷᠢᠶᠠᠨ ᠭᠠᠵᠠᠷ |
ᠵᠢᠴᠢ ᠠᠵᠤ ᠠᠬᠤᠶ ᠶᠢᠨ ᠬᠥᠭᠵᠢᠯᠲᠡ ᠯᠦᠭᠡ ᠲᠦᠢᠯ ᠤᠨ ᠵᠣᠬᠢᠴᠠᠬᠤ ᠥᠬᠡᠶ ᠪᠠᠶᠢᠨ᠎ᠠ᠃ ᠣᠶᠢᠷ᠎ᠠ ᠶᠢᠨ |
ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢᠭᠡ ᠪᠦᠯᠦᠭ ᠴᠢᠬᠤᠯᠠ |
ᠶᠡᠭᠡ ᠤᠰᠤ ᠲᠠᠲᠠᠬᠤ ᠢᠨᠵᠧᠨᠧᠷᠢᠩ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ |
ᠣᠷᠣᠨ ᠵᠠᠶ ᠶᠢ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ |
ᠣᠳᠣᠬᠠᠨ ᠳᠤ ᠪᠥᠬᠦ ᠣᠷᠣᠨ ᠳᠤ ᠨᠢᠭᠡᠨᠲᠡ 467 ᠤᠰᠤᠨ ᠴᠥᠭᠦᠷᠥᠮ ᠢ ᠪᠠᠶᠢᠭᠤᠯᠤᠨ ᠳᠠᠭᠤᠰᠬᠠᠵᠤ᠂ ᠡᠭᠦᠨ ᠳᠤ |
ᠲᠣᠮᠣ ᠬᠡᠯᠪᠡᠷᠢ ᠶᠢᠨ ᠤᠰᠤᠨ ᠴᠥᠭᠦᠷᠥᠮ 15᠂ ᠳᠤᠮᠳᠠ ᠬᠡᠯᠪᠡᠷᠢ ᠶᠢᠨ ᠤᠰᠤᠨ ᠴᠥᠭᠦᠷᠥᠮ 88 ᠪᠠᠶᠢᠵᠤ᠂ |
ᠶᠡᠷᠦᠩᠬᠡᠶ ᠴᠥᠭᠦᠷᠥᠮ ᠤᠨ ᠪᠠᠭᠲᠠᠭᠠᠮᠵᠢ ᠨᠢ 185 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ |
ᠬᠦᠷᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠠ ᠥᠪᠥᠷ |
ᠮᠣᠩᠭᠤᠯ ᠤᠨ ᠰᠠᠯᠪᠤᠷᠢ ᠱᠤᠭᠤᠮ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠨᠤᠨ ᠮᠥᠷᠡᠨ ᠤ ᠤᠰᠤ ᠶᠢ |
ᠲᠠᠲᠠᠵᠤ ᠰᠢᠯᠢ ᠶᠢᠨ ᠭᠤᠣᠯ ᠳᠤ ᠨᠡᠮᠡᠷᠢᠯᠡᠬᠦ ᠢᠨᠵᠧᠨᠧᠷᠢᠩ ᠤᠨ ᠲᠥᠯᠥᠪᠵᠢᠭᠦᠯᠭᠡ ᠶᠢ ᠪᠡᠶᠡᠯᠡᠭᠦᠯᠦᠭᠰᠡᠨ ᠪᠠᠶᠢᠨ᠎ᠠ᠃ |
ᠤᠰᠤᠨ ᠤ ᠡᠬᠢ ᠪᠠᠶᠠᠯᠢᠭ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠷᠢᠰᠢᠭᠤᠯᠤᠯ ᠯᠤᠭ᠎ᠠ |
ᠲᠣᠬᠢᠷᠠᠯᠴᠠᠬᠤ ᠦᠭᠡᠶ ᠪᠠ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠪᠠ ᠪᠠᠭᠤᠷᠠᠶ |
ᠲᠠᠯ᠎ᠠ ᠳᠤ ᠰᠠᠭᠤᠷᠢᠯᠠᠵᠤ᠂ ᠣᠳᠣ ᠶᠠᠭ ︽ᠨᠢᠭᠡ ᠭᠤᠤᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠥᠨᠳᠡᠯᠡᠨ᠂ |
ᠪᠠᠷᠠᠭᠤᠨ ᠠᠴᠠ ᠲᠠᠲᠠᠵᠤ ᠵᠡᠭᠦᠨᠰᠢ ᠰᠢᠯᠵᠢᠭᠦᠯᠬᠦ᠂ ᠭᠠᠳᠠᠭᠠᠳᠤ ᠲᠠᠢ ᠬᠤᠯᠪᠣᠭᠠᠯᠠᠨ ᠳᠣᠲᠣᠭᠠᠳᠤ ᠳᠠᠭᠠᠨ |
ᠨᠡᠪᠲᠡᠷᠡᠭᠦᠯᠬᠦ︾ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠣᠤᠷ ᠤᠨ ᠲᠥᠯᠥᠪᠵᠢᠭᠦᠯᠭᠡ ᠶᠢᠨ |
ᠪᠠᠶᠢᠷᠢᠰᠢᠭᠤᠯᠤᠯ ᠢ ᠲᠦᠷᠭᠡᠳᠬᠡᠨ ᠪᠠᠶᠢᠭᠤᠯᠵᠤ ᠪᠠᠶᠢᠨ᠎ᠠ᠃ ᠡᠭᠦᠨ ᠤ ᠬᠠᠮᠲᠤ᠂ ᠡᠩ ᠤᠨ ᠪᠤᠰᠤ ᠤᠰᠤᠨ ᠤ ᠡᠬᠢ |
ᠪᠠᠶᠠᠯᠢᠭ ᠢ ᠳᠣᠭᠢᠷᠠᠭᠤᠯᠤᠨ ᠠᠰᠢᠭᠯᠠᠬᠤ ᠴᠢᠳᠠᠪᠤᠷᠢ ᠲᠠᠰᠤᠷᠠᠯᠲᠠ ᠥᠬᠡᠶ ᠨᠡᠮᠡᠭᠳᠡᠵᠦ᠂ ᠬᠥᠬᠡᠬᠤᠲᠠ᠂ ᠪᠤᠭᠤᠲᠤ |
ᠬᠤᠲᠠ᠂ ᠦᠬᠠᠶ ᠬᠤᠲᠠ᠂ ᠣᠷᠳᠣᠰ ᠬᠤᠲᠠ 4 ᠬᠤᠲᠠ ᠨᠢ ᠤᠯᠤᠰ ᠤᠨ ᠳᠠᠬᠢᠯᠲᠠ ᠤᠰᠤ ᠶᠢ ᠳᠣᠭᠢᠷᠠᠭᠤᠯᠤᠨ |
ᠠᠰᠢᠭᠯᠠᠬᠤ ᠲᠤᠷᠰᠢᠯᠲᠠ ᠶᠢᠨ ᠬᠤᠲᠠ ᠪᠠᠷ ᠲᠣᠭᠲᠠᠭᠠᠭᠳᠠᠭᠰᠠᠨ ᠪᠥᠭᠡᠳ ᠤᠯᠤᠰ ᠤᠨ ᠵᠢᠷᠭᠤᠭᠠᠨ ᠶᠠᠮᠤᠨ |
ᠵᠥᠪᠯᠡᠯ ᠤᠨ ᠵᠣᠬᠢᠶᠠᠨ ᠪᠠᠶᠢᠭᠤᠯᠤᠭᠰᠠᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠤᠷᠤᠭᠰᠢᠲᠠᠶ |
ᠪᠠᠲᠤᠯᠠᠵᠤ᠂ ᠦᠬᠠᠶ ᠬᠤᠲᠠ ᠵᠡᠷᠭᠡ 3 ᠬᠤᠲᠠ ᠨᠢ ᠰᠢᠯᠢᠳᠡᠭ ᠲᠤᠷᠰᠢᠯᠲᠠ ᠶᠢᠨ ᠬᠤᠲᠠ ᠪᠠᠷ ᠦᠨᠡᠯᠡᠭᠳᠡᠪᠡ᠃ |
ᠣᠷᠳᠣᠰ ᠬᠤᠲᠠ ᠨᠡᠭᠦᠷᠡᠰᠦᠨ ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠶᠢ ᠢᠳᠡᠪᠬᠢᠲᠡᠶ |
ᠠᠬᠢᠭᠤᠯᠵᠤ᠂ ᠨᠡᠭᠦᠷᠡᠰᠦᠨ ᠳᠠᠪᠬᠤᠷᠭ᠎ᠠ ᠶᠢᠨ ᠤᠰᠤ ᠶᠢ ᠬᠤᠰᠢᠭᠤ ᠰᠢᠶᠠᠨ ᠠᠯᠤᠰᠯᠠᠨ ᠬᠤᠯᠪᠣᠭᠠᠯᠠᠨ ᠲᠣᠬᠢᠷᠠᠭᠤᠯᠵᠤ |
ᠬᠤᠯᠪᠣᠭᠠᠯᠠᠨ ᠬᠠᠩᠭᠠᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠨᠡᠭᠦᠷᠡᠰᠦᠨ ᠳᠠᠪᠬᠤᠷᠭ᠎ᠠ ᠶᠢᠨ ᠤᠰᠤᠨ |
ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠪᠡ᠃ 2023 ᠣᠨ ᠳᠤ ᠪᠥᠬᠦ ᠣᠷᠣᠨ ᠤ ᠡᠩ ᠤᠨ ᠪᠤᠰᠤ |
ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ 7.89 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ |
ᠬᠦᠷᠴᠦ᠂ 2015 ᠣᠨ ᠤ 2.2 ᠳᠠᠬᠢᠨ ᠪᠣᠯᠪᠠ᠃ |
ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠦ ᠤᠰᠤᠨ ᠤ ᠠᠮᠢ ᠠᠬᠤᠢ ᠶᠢᠨ ᠤᠷᠴᠢᠨ ᠨᠦᠭᠦᠴᠡᠯ ᠢ ᠦᠷᠭᠦᠯᠵᠢᠯᠡᠨ |
ᠰᠠᠶᠢᠵᠢᠷᠠᠭᠤᠯᠤᠨ᠎ᠠ |
ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠶᠢ ᠰᠢᠰᠲ᠋ᠧᠮ ᠲᠠᠢ |
ᠵᠠᠰᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯ ᠮᠥᠷᠡᠨ |
ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠨ ᠤᠰᠤᠨ ᠤ ᠠᠮᠢ ᠠᠬᠤᠢ᠂ ᠤᠰᠤᠨ ᠤ |
ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠴᠢᠨᠠᠷᠲᠠᠢ ᠬᠤᠷᠠᠮᠳᠤᠬᠤ ᠴᠢᠨᠠᠷᠲᠠᠢ ᠠᠰᠠᠭᠤᠳᠠᠯ ᠢ ᠬᠦᠴᠦᠯᠡᠨ |
ᠰᠢᠢᠳᠪᠦᠷᠢᠯᠡᠨ᠎ᠡ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ |
ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ |
︽ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ |
ᠲᠦᠷᠢᠮ︾ ᠢ ᠨᠡᠶᠢᠲᠡᠯᠡᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠬᠠᠮᠢᠶ᠎ᠠ ᠪᠥᠬᠦᠶ |
ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠭᠠᠵᠠᠷ |
ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ |
ᠵᠥᠪᠳᠡᠯᠴᠡᠬᠦ᠂ ᠨᠡᠪᠲᠡᠷᠡᠭᠦᠯᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ 2023 ᠣᠨ ᠠᠴᠠ ᠡᠬᠢᠯᠡᠨ ᠭᠠᠵᠠᠷ |
ᠳᠣᠤᠷᠠᠬᠢ ᠤᠰᠤᠨ ᠤ ᠬᠠᠮᠢᠶᠠᠷᠤᠯᠲᠠ ᠶᠢᠨ 371 ᠨᠢᠭᠡᠴᠢ ᠳᠤ ᠤᠰᠤᠨ ᠤ ᠬᠡᠮᠵᠢᠶ᠎ᠡ ᠤᠰᠤᠨ ᠲᠦᠪᠰᠢᠨ ᠤ ︽ |
ᠬᠤᠶᠠᠷ ᠢ ᠡᠵᠡᠮᠳᠡᠬᠦ︾ ᠦᠨᠡᠯᠡᠯᠲᠡ ᠶᠢ ᠥᠷᠨᠢᠭᠦᠯᠦᠨ᠎ᠡ᠃ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠵᠤ |
ᠪᠠᠶᠢᠭ᠎ᠠ ᠳᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ |
ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠬᠤ ᠶᠢ |
ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ ᠳᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ |
ᠥᠪᠥᠷ ᠮᠣᠩᠭᠤᠯ ᠤᠨ ᠬᠤᠶᠠᠳᠤᠭᠠᠷ ᠬᠠᠲᠤᠨ ᠭᠤᠤᠯ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠠᠮᠤᠭ ᠤᠨ |
ᠭᠤᠶᠣ ᠨᠤᠲᠤᠭ ᠤᠨ ᠭᠤᠣᠯ ᠮᠥᠷᠡᠨ ᠳᠤ ᠰᠣᠩᠭᠤᠭᠳᠠᠪᠠ᠃ ᠬᠠᠲᠤᠨ ᠭᠤᠤᠯ ᠤᠨ ᠲᠠᠩ ᠭᠠᠵᠠᠷ ᠤᠨ ᠰᠠᠭᠤᠭᠠᠯᠢ |
ᠠᠷᠠᠳ ᠢ ᠨᠡᠭᠦᠯᠭᠡᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠵᠣ᠂ ᠣᠶᠢᠷ᠎ᠠ ᠶᠢᠨ 3 ᠵᠢᠯ ᠳᠤ ᠨᠡᠶᠢᠲᠡ |
1687 ᠡᠷᠦᠬᠡ᠂ 4213 ᠬᠥᠮᠦᠨ ᠢ ᠨᠡᠭᠦᠯᠭᠡᠨ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ |
ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ |
ᠴᠢᠩᠭᠠᠳᠬᠠᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠠᠷᠪᠠᠨ ᠶᠡᠭᠡ ᠨᠦᠬᠡ ᠶᠢ ᠶᠡᠷᠦᠩᠬᠡᠶᠢᠯᠡᠨ ᠵᠠᠰᠠᠬᠤ |
ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠤᠰᠤ ᠰᠢᠷᠣᠶ ᠶᠢᠨ ᠢᠳᠡᠭᠳᠡᠯ ᠤᠨ ᠲᠠᠯᠠᠪᠠᠶ᠂ ᠬᠦᠴᠦᠯᠡᠴᠡ ᠨᠢ |
ᠦᠷᠭᠦᠯᠵᠢᠯᠡᠨ ︽ᠬᠤᠶᠠᠷ ᠢ ᠪᠠᠭᠤᠷᠠᠭᠤᠯᠬᠤ︾ ᠬᠠᠨᠳᠤᠰᠢ ᠲᠠᠢ ᠪᠣᠯᠪᠠ᠃ ᠵᠠᠯᠠᠶᠢᠳ ᠬᠤᠰᠢᠭᠤ ᠵᠡᠷᠭᠡ 3 ᠬᠤᠰᠢᠭᠤ |
ᠰᠢᠶᠠᠩ ᠳᠤ ᠤᠯᠤᠰ ᠤᠨ ᠤᠰᠤ ᠰᠢᠷᠤᠢ ᠶᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠩ ᠢ ᠠᠮᠵᠢᠯᠲᠠ ᠲᠠᠢ ᠡᠭᠦᠳᠦᠨ |
ᠪᠠᠶᠢᠭᠤᠯᠵᠤ᠂ ᠪᠦᠬᠦ ᠣᠷᠣᠨ ᠳᠤ ᠲᠡᠭ ᠰᠢᠪᠲᠤᠯᠤᠯᠲᠠ ᠬᠢᠬᠦ ᠶᠢ ᠪᠡᠶᠡᠯᠡᠭᠦᠯᠪᠡ᠃ ᠭᠤᠣᠯ ᠮᠥᠷᠡᠨ ᠨᠠᠭᠤᠷ |
ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠵᠤ᠂ |
ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠠᠮᠢ ᠠᠬᠤᠢ ᠶᠢᠨ ᠤᠰᠤ ᠨᠥᠬᠦᠪᠥᠷᠢᠯᠡᠬᠦ ᠶᠢ ᠦᠷᠭᠦᠯᠵᠢᠯᠡᠨ |
ᠥᠷᠨᠢᠭᠦᠯᠵᠦ᠂ ᠬᠠᠲᠤᠨ ᠭᠤᠣᠯ ᠤᠨ ᠤᠰᠤ ᠶᠢ ᠲᠠᠲᠠᠬᠤ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ |
ᠨᠥᠬᠦᠪᠥᠷᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠤᠰᠤ ᠨᠡᠪᠲᠡᠷᠡᠭᠦᠯᠦᠨ᠂ ︽ᠬᠦᠯᠦᠨ ᠨᠠᠭᠤᠷ᠂ ᠲᠠᠬ᠎ᠠ |
ᠨᠠᠭᠤᠷ᠂ ᠤᠯᠠᠭᠠᠨᠰᠤᠬᠠᠢ ᠨᠠᠭᠤᠷ︾ ᠤᠨ ᠤᠰᠤᠨ ᠲᠦᠪᠰᠢᠨ ᠪᠠ ᠤᠰᠤᠨ ᠭᠠᠳᠠᠷᠭᠤ ᠶᠢᠨ ᠲᠠᠯᠠᠪᠠᠢ ᠶᠢ |
ᠦᠷᠭᠦᠯᠵᠢᠯᠡᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠵᠡᠭᠦᠨ ᠰᠤᠪᠨᠠᠭᠤᠷ ᠤᠨ ᠤᠰᠤ ᠵᠠᠯᠭᠠᠯᠳᠤᠭ᠎ᠠ ᠪᠠᠷ |
19 ᠵᠢᠯ ᠬᠠᠲᠠᠬᠤ ᠦᠭᠡᠢ ᠪᠠᠶᠢᠬᠤ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠠᠷᠪᠠᠨ ᠵᠤᠷᠪᠤᠰ |
ᠬᠠᠲᠠᠭᠤ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ ᠤᠨ ︽ᠤᠰᠤᠨ ᠤ |
ᠬᠡᠮᠵᠢᠶ᠎ᠡ ᠪᠠᠷ ᠶᠠᠪᠤᠬᠤ︾ ᠶᠢ ᠪᠥᠬᠦ ᠲᠠᠯ᠎ᠠ ᠪᠠᠷ ᠴᠢᠩᠭᠠᠳᠬᠠᠪᠠ᠃ 2023 ᠣᠨ ᠤ ᠬᠠᠪᠤᠷ ᠤᠨ ᠤᠯᠠᠷᠢᠯ ᠤᠨ |
ᠦᠶᠡᠷ ᠤᠨ ᠬᠤᠭᠤᠴᠠᠭ᠎ᠠ ᠶᠢ ᠲᠣᠬᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠪᠠᠷᠠᠭᠤᠨ ᠯᠢᠶᠤᠤᠾᠧ |
ᠭᠤᠣᠯ ᠤᠨ ᠭᠤᠣᠯ ᠤᠷᠤᠰᠬᠠᠯ ᠤᠨ ᠤᠰᠤᠨ ᠲᠦᠷᠦᠭᠦᠦ ᠲᠦᠩᠯᠢᠶᠣᠤ ᠬᠤᠲᠠ ᠶᠢᠨ ᠲᠥᠪ ᠬᠤᠳᠠ ᠶᠢᠨ |
ᠣᠭᠲᠣᠯᠤᠭᠠᠰᠤ ᠳᠤ ᠠᠩᠬ᠎ᠠ ᠤᠳᠠᠭ᠎ᠠ ᠬᠦᠷᠴᠡᠢ᠃ ᠴᠠᠭᠠᠨᠨᠠᠭᠤᠷ ᠤᠨ ᠰᠠᠪᠠ ᠭᠠᠵᠠᠷ ᠢ ᠬᠠᠮᠵᠢᠯᠴᠠᠨ ᠬᠠᠮᠲᠤᠪᠠᠷ |
ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠾᠧᠪᠸᠢ ᠮᠤᠵᠢ ᠶᠢᠨ ᠭᠠᠵᠠᠷ ᠳᠣᠤᠷᠠᠬᠢ ᠤᠰᠤ ᠶᠢ ᠬᠢᠨᠠᠨ ᠬᠡᠮᠵᠢᠭᠰᠡᠨ |
ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠭᠠᠵᠠᠷ ᠳᠣᠤᠷᠠᠬᠢ ᠤᠰᠤᠨ ᠤ ᠲᠦᠪᠰᠢᠨ ᠲᠦᠷᠭᠡᠨ |
ᠪᠠᠭᠤᠷᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠪᠠ᠃ |
ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ |
ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠶ᠎ᠡ |
ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ |
ᠬᠡᠷᠡᠭᠴᠡᠭᠡ ᠶᠢᠨ ᠵᠥᠷᠢᠴᠡᠯ ᠳᠣᠪᠤᠶᠢᠮ᠎ᠠ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠵᠠᠰᠠᠭ ᠤᠨ ᠣᠷᠳᠣᠨ ᠢᠶᠠᠷ |
ᠭᠤᠤᠯᠯᠠᠭᠤᠯᠬᠤ ᠪᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ |
ᠤᠰᠤᠨ ᠠᠰᠢᠭᠯᠠᠯᠲᠠ ᠶᠢᠨ ᠶᠠᠮᠤᠨ ᠪᠣᠯᠤᠨ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ |
ᠬᠦᠴᠦᠲᠡᠶ ᠳᠡᠮᠵᠢᠯᠭᠡ ᠳᠣᠤᠷ᠎ᠠ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢ ᠰᠢᠯᠵᠢᠭᠦᠯᠦᠨ |
ᠥᠭᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠣᠶᠢᠷ᠎ᠠ ᠶᠢᠨ 20 ᠵᠢᠯ ᠤᠨ ᠦᠢᠯᠡᠳᠦᠯᠭᠡ ᠶᠢᠨ |
ᠰᠦᠪᠡᠭᠴᠢᠯᠡᠯᠲᠡ ᠪᠠᠷ ᠳᠠᠮᠵᠢᠨ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠨᠢᠭᠡᠨᠲᠡ 4.43 ᠳ᠋ᠦᠩᠰᠢᠭᠤᠷ |
ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ᠂ ᠤᠷᠢᠳ ᠬᠤᠵᠢᠳ 260 ᠭᠠᠷᠤᠢ ᠠᠵᠤ |
ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠪᠠᠷᠤᠭ 4000 |
ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠤᠰᠤᠨ ᠤ ᠡᠬᠢ ᠪᠠᠶᠠᠯᠢᠭ ᠤᠨ |
ᠲᠤᠯᠭᠠᠭᠤᠷᠢᠯᠠᠯ ᠬᠠᠩᠭᠠᠵᠤ᠂ ᠡᠭᠦᠨ ᠤ ᠬᠠᠮᠲᠤ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ 60 ᠭᠠᠷᠤᠢ |
ᠳ᠋ᠦᠩᠰᠢᠭᠤᠷ ᠲᠥᠭᠦᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠪᠠ︔ ᠪᠦᠬᠦ |
ᠤᠯᠤᠰ ᠲᠤ ︽ᠡᠯᠡᠰᠦ ᠶᠢ ᠬᠠᠰᠢᠵᠤ ᠤᠰᠤ ᠰᠣᠯᠢᠬᠤ︾ ᠠᠮᠢ ᠠᠬᠤᠶ ᠶᠢ ᠵᠠᠰᠠᠬᠤ ᠲᠤᠷᠰᠢᠯᠲᠠ ᠶᠢᠨ ᠴᠡᠭ ᠤᠨ |
ᠢᠨᠵᠧᠨᠧᠷᠢᠩ ᠢ ᠤᠷᠢᠳᠠᠪᠠᠷ ᠬᠡᠷᠡᠭᠵᠢᠭᠦᠯᠵᠦ᠂ ᠠᠵᠤ ᠦᠢᠯᠡᠳᠪᠦᠷᠢ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ |
ᠰᠣᠯᠢᠬᠤ ᠤᠰᠤᠨ ᠤ ᠬᠡᠮᠵᠢᠶ᠎ᠡ 2800 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠷᠣᠨ ᠪᠦᠰᠡ ᠶᠢᠨ ᠤᠰᠤ |
ᠬᠡᠷᠡᠭᠯᠡᠬᠦ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠶ ᠤᠷᠢᠲᠠᠯ ᠳᠣᠤᠷ᠎ᠠ᠂ ᠤᠰᠤ ᠬᠡᠷᠡᠭᠯᠡᠬᠦ ᠪᠦᠲᠦᠴᠡ ᠶᠢ |
ᠲᠣᠬᠢᠷᠠᠭᠤᠯᠬᠤ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠭᠤᠮᠢ ᠬᠢᠵᠠᠭᠠᠷᠯᠠᠯ ᠢ |
ᠰᠢᠢᠳᠪᠦᠷᠢᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠠᠵᠤ ᠠᠬᠤᠶ᠂ ᠨᠡᠶᠢᠭᠡᠮ ᠪᠣᠯᠤᠨ ᠣᠷᠴᠢᠨ ᠲᠣᠭᠤᠷᠢᠨ ᠤ |
ᠦᠷ᠎ᠡ ᠠᠰᠢᠭ ᠢ ᠪᠣᠶ ᠪᠣᠯᠭᠠᠭᠰᠠᠨ ᠪᠠᠶᠢᠨ᠎ᠠ᠃ ᠭᠡᠷ᠎ᠡ ᠲᠣᠭᠲᠠᠨ ᠤᠰᠤ ᠠᠷᠪᠢᠯᠠᠬᠤ ᠪᠠ ︽ᠤᠰᠤ ᠠᠷᠪᠢᠯᠠᠬᠤ |
ᠵᠢᠭᠡᠯᠡᠯᠭᠡ︾ ᠶᠢᠨ ᠤᠰᠤ ᠠᠷᠪᠢᠯᠠᠬᠤ ᠪᠡᠯᠡ ᠲᠣᠬᠢᠷᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ |
ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢᠯ 10 ᠪᠠᠶᠢᠵᠤ᠂ ᠨᠡᠶᠢᠭᠡᠮ ᠤᠨ ᠬᠥᠷᠥᠩᠭᠡ ᠶᠢ 2.35 |
ᠳ᠋ᠦᠩᠰᠢᠭᠤᠷ ᠲᠥᠭᠦᠷᠢᠭ ᠲᠡᠳᠡᠨ ᠠᠪᠴᠢᠷᠠᠵᠤ᠂ ᠵᠢᠯ ᠤᠨ ᠤᠰᠤ ᠠᠷᠪᠢᠯᠠᠬᠤ ᠬᠡᠮᠵᠢᠶ᠎ᠡ ᠶᠢ 692 ᠲᠦᠮᠡᠨ ᠪᠣᠰᠤᠭ᠎ᠠ |
ᠳᠥᠷᠪᠡᠯᠵᠢᠨ ᠮᠧᠲᠷ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠷᠠᠳ ᠤᠨ ᠪᠠᠩᠬᠢ ᠲᠠᠢ ᠬᠠᠮᠲᠤᠷᠠᠨ ︽ᠤᠰᠤ |
ᠠᠷᠪᠢᠯᠠᠬᠤ ᠵᠢᠭᠡᠯᠡᠯᠭᠡ︾ ᠶᠢᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠡᠬᠢᠯᠡᠭᠦᠯᠵᠦ ᠠᠵᠤ ᠠᠬᠤᠶᠢᠯᠠᠯ ᠳᠤ 6.01 |
ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ |
ᠡᠵᠡᠩᠨᠡᠯᠲᠡ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠢᠳᠡᠪᠬᠢᠲᠡᠶ ᠪᠠᠷ ᠵᠣᠷᠢᠭᠵᠢᠭᠤᠯᠤᠨ ᠵᠢᠯᠣᠭᠤᠳᠴᠤ᠂ |
︽ᠵᠠᠰᠠᠭ ᠪᠠᠩᠬᠢ ᠠᠵᠤ ᠠᠬᠤᠶᠢᠯᠠᠯ︾ ᠤᠨ ᠬᠤᠷᠰᠢᠯᠴᠠᠬᠤ ᠡᠷᠴᠢᠮ ᠢ ᠲᠠᠰᠤᠷᠠᠯᠲᠠ ᠤᠢᠭᠡᠢ ᠨᠡᠮᠡᠭᠳᠡᠭᠦᠯᠵᠦ᠂ |
ᠮᠥᠩᠭᠦᠨ ᠭᠦᠢᠯᠭᠡᠭᠡᠨ ᠢᠶᠠᠷ ᠤᠰᠤᠨ ᠠᠰᠢᠭᠯᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ |
ᠬᠡᠪᠴᠢᠶ᠎ᠡ ᠶᠢ ᠥᠷᠭᠡᠳᠬᠡᠨ᠎ᠡ᠃ ᠣᠶᠢᠷ᠎ᠠ ᠶᠢᠨ 10 ᠵᠢᠯ ᠳᠤ᠂ ᠨᠡᠶᠢᠭᠡᠮ ᠤᠨ ᠪᠡᠯᠡ ᠮᠥᠩᠭᠦ ᠶᠢ ᠨᠡᠶᠢᠲᠡ 262.36 |
ᠳ᠋ᠦᠩᠰᠢᠭᠤᠷ ᠲᠥᠭᠦᠷᠢᠭ ᠲᠠᠲᠠᠵᠤ᠂ ᠭᠤᠤᠯᠳᠠᠭᠤ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠢ |
ᠲᠣᠬᠢᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ |
10 ᠵᠢᠯ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠤᠰᠤ ᠶᠢ ᠵᠠᠰᠠᠬᠤ |
ᠰᠡᠳᠬᠢᠮᠵᠢ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠣᠤᠷ᠎ᠠ᠂ ᠪᠥᠬᠦ ᠣᠷᠣᠨ ᠤ ᠡᠯ᠎ᠡ ᠱᠠᠲᠤᠨ ᠤ ᠤᠰᠤᠨ |
ᠠᠰᠢᠭᠯᠠᠯᠲᠠ ᠶᠢᠨ ᠰᠠᠯᠠᠭ᠎ᠠ ᠮᠥᠴᠢᠷ ᠤᠮᠤᠭ ᠵᠤᠷᠢᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠵᠤ᠂ ᠤᠰᠤᠨ ᠤ ᠡᠬᠢ |
ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠭᠡᠪᠡᠴᠦ |
ᠣᠳᠣᠬᠠᠨ ᠳᠤ ᠵᠠᠷᠢᠮ ᠭᠤᠤᠯᠳᠠᠯᠭ᠎ᠠ ᠲᠠᠢ ᠣᠷᠣᠨ ᠪᠦᠰᠡ ᠢᠯᠠᠩᠭᠤᠶ᠎ᠠ ᠬᠠᠲᠤᠨ ᠭᠤᠤᠯ ᠤᠨ ᠰᠠᠪᠠ ᠭᠠᠵᠠᠷ ᠨᠢ |
ᠤᠰᠤᠨ ᠤ ᠪᠠᠶᠢᠳᠠᠯ ᠳᠤ ᠤᠯᠠᠮ ᠢᠯᠡᠷᠬᠡᠶ ᠪᠣᠯᠵᠣ᠂ ᠢᠷᠡᠭᠡᠳᠦᠶ ᠳᠤ ᠠᠵᠤ ᠠᠬᠤᠶ ᠨᠡᠶᠢᠭᠡᠮ ᠤᠨ ᠬᠥᠭᠵᠢᠯᠲᠡ ᠪᠠ |
ᠠᠭᠤᠷ ᠠᠮᠢᠰᠬᠤᠯ ᠤᠨ ᠬᠤᠪᠢᠷᠠᠯᠲᠠ ᠶᠢᠨ ᠪᠥᠬᠦ ᠣᠷᠣᠨ ᠤ ᠤᠰᠤ ᠬᠡᠷᠡᠭᠯᠡᠬᠦ ᠬᠡᠷᠡᠭᠴᠡᠭᠡ ᠮᠥᠨ ᠬᠦ ᠬᠠᠲᠠᠭᠤ |
ᠨᠡᠮᠡᠭᠳᠡᠯ ᠲᠠᠢ ᠪᠠᠶᠢᠬᠤ ᠶᠢ ᠳᠠᠭᠠᠯᠳᠤᠨ᠂ ᠤᠰᠤᠨ ᠤ ᠠᠮᠤᠷ ᠲᠦᠪᠰᠢᠨ ᠤ ᠪᠠᠶᠢᠳᠠᠯ ᠮᠥᠨ ᠬᠦ ᠬᠦᠨᠳᠦ ᠨᠣᠴᠢᠲᠠᠶ |
ᠪᠠᠶᠢᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ |
ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ |
ᠬᠢᠬᠦ ᠶᠢᠨ ᠲᠣᠭᠤᠷᠢᠨ ᠳᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠳᠤ |
ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠤᠰᠤ ᠶᠢ ᠠᠷᠪᠢᠯᠠᠵᠤ |
ᠬᠡᠷᠡᠭᠯᠡᠬᠦ ᠲᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠲᠡᠶᠢᠰᠢ ᠤᠯᠠᠮ |
ᠴᠢᠨᠠᠭᠰᠢᠳᠠ ᠬᠥᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ |
ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ |
ᠬᠠᠩᠭᠠᠬᠤ ᠬᠡᠷᠡᠭᠲᠡᠢ᠃ |
︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ |
ᠣᠷᠣᠨ ᠤ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠷᠣᠨ ᠪᠦᠰᠡ ᠶᠢᠨ |
ᠲᠥᠯᠥᠪᠵᠢᠭᠦᠯᠭᠡ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠡᠷᠭᠡ ᠴᠢᠬᠤᠯᠠ ᠲᠥᠯᠥᠪᠵᠢᠭᠦᠯᠭᠡ |
ᠲᠣᠭᠲᠠᠭᠠᠬᠤ ᠳᠠᠭᠠᠨ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ |
ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ |
ᠬᠢᠵᠠᠭᠠᠷᠯᠠᠯ ᠪᠣᠯᠭᠠᠵᠤ᠂ ᠬᠤᠲᠠ ᠬᠥᠳᠡᠭᠡ ᠶᠢᠨ ᠪᠠᠶᠢᠷᠢᠰᠢᠭᠤᠯᠤᠯ᠂ ᠭᠠᠵᠠᠷ ᠰᠢᠷᠣᠶ ᠶᠢᠨ ᠨᠡᠭᠡᠭᠡᠯᠲᠡ᠂ ᠬᠥᠮᠦᠨ |
ᠠᠮᠠ ᠶᠢᠨ ᠬᠡᠪᠴᠢᠶ᠎ᠡ᠂ ᠠᠵᠤ ᠦᠢᠯᠡᠰ ᠤᠨ ᠪᠦᠲᠦᠴᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠶᠢ ᠤᠰᠤᠨ ᠤ |
ᠡᠬᠢ ᠪᠠᠶᠠᠯᠢᠭ ᠤᠨ ᠲᠥᠷᠥᠯᠬᠢ ᠨᠥᠬᠦᠴᠡᠯ ᠵᠢᠴᠢ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢᠨ |
ᠴᠢᠳᠠᠪᠤᠷᠢ ᠲᠠᠢ ᠵᠣᠬᠢᠴᠠᠭᠤᠯᠬᠤ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠪᠠ ᠠᠮᠢ |
ᠠᠬᠤᠶ ᠶᠢᠨ ᠪᠦᠲᠦᠭᠡᠨ ᠪᠠᠶᠢᠭᠤᠯᠤᠯᠲᠠ ᠳᠤ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠶᠢ |
ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤ ᠠᠷᠪᠢᠯᠠᠵᠤ ᠭᠠᠩ ᠲᠠᠢ |
ᠲᠡᠮᠡᠴᠡᠬᠦ ᠮᠣᠳᠣᠨ ᠤ ᠲᠥᠷᠥᠯ ᠢ ᠰᠣᠩᠭᠤᠨ ᠠᠪᠴᠤ᠂ ᠣᠶᠢᠵᠢᠭᠤᠯᠬᠤ ᠳᠤ ᠲᠤᠬᠢᠷᠡᠪᠠᠯ ᠮᠣᠳᠣ ᠲᠠᠷᠢᠵᠤ᠂ ᠡᠪᠡᠰᠦ |
ᠲᠠᠷᠢᠬᠤ ᠳᠤ ᠲᠤᠬᠢᠷᠡᠪᠠᠯ ᠡᠪᠡᠰᠦ ᠮᠣᠳᠣ ᠲᠠᠷᠢᠵᠤ ᠪᠣᠯᠤᠨ᠎ᠠ᠃ |
ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠋᠎ᠠ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠤᠨ |
ᠠᠰᠢᠭᠯᠠᠵᠤ ᠪᠣᠯᠬᠤ ᠬᠡᠮᠵᠢᠶ᠎ᠡ ᠶᠢ ᠦᠨᠳᠦᠰᠦᠯᠡᠨ᠂ ᠡᠯ᠎ᠡ ᠠᠵᠢᠯ ᠲᠥᠷᠥᠯ ᠤᠨ ᠤᠰᠤᠨ ᠤ ᠡᠬᠢ ᠪᠠᠶᠠᠯᠢᠭ ᠢ |
ᠠᠰᠢᠭᠯᠠᠬᠤ ᠳᠡᠭᠡᠳᠦ ᠬᠢᠵᠠᠭᠠᠷ ᠢ ᠵᠦᠢ ᠵᠣᠬᠢᠰᠲᠠᠶ ᠲᠣᠭᠲᠠᠭᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ |
ᠭᠠᠵᠠᠷ ᠣᠷᠣᠨ ᠤ ᠰᠢᠨ᠎ᠡ ᠪᠠᠷ ᠤᠰᠤ ᠠᠪᠬᠤ ᠭᠤᠶᠤᠴᠢᠯᠠᠯ ᠳᠤ ᠬᠢᠨᠠᠨ ᠵᠥᠪᠰᠢᠶᠡᠷᠡᠬᠦ ᠶᠢ ᠬᠢᠵᠠᠭᠠᠷᠯᠠᠨ |
ᠵᠥᠪᠰᠢᠶᠡᠷᠡᠬᠦ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ ᠶᠢ ᠳᠤᠷ᠎ᠠ ᠪᠠᠷ ᠢᠶᠠᠨ |
ᠥᠷᠭᠡᠳᠬᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ᠂ |
ᠣᠷᠳᠣᠰ ᠤᠨ ᠳᠡᠨᠵᠢ ᠭᠠᠵᠠᠷ ᠤᠨ ᠣᠷᠣᠨ ᠪᠦᠰᠡ ᠨᠢ 2025 ᠣᠨ ᠤ ᠰᠡᠭᠦᠯᠴᠢ ᠠᠴᠠ ᠡᠮᠦᠨ᠎ᠡ 3.3 |
ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ |
ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ 2030 ᠣᠨ ᠳᠤ ᠳᠠᠭᠠᠭᠠᠴᠠ ᠠᠴᠠ ᠬᠡᠲᠦᠷᠡᠲᠡᠯ᠎ᠡ |
ᠠᠴᠢᠶᠠᠯᠠᠬᠤ ᠶᠢ ᠵᠠᠰᠠᠬᠤ ᠬᠠᠷᠠᠯᠲᠠ ᠳᠤ ᠬᠦᠷᠪᠡ᠃ ᠬᠥᠬᠡᠬᠤᠲᠠ᠂ ᠬᠤᠷᠴᠢᠨ ᠲᠣᠭᠤᠷᠢᠭ᠂ ᠤᠷᠠᠳ ᠤᠨ ᠡᠮᠦᠨᠡᠲᠦ |
ᠬᠤᠰᠢᠭᠤ ᠵᠡᠷᠭᠡ 3 ᠲᠣᠮᠣ ᠬᠡᠯᠪᠡᠷᠢ ᠶᠢᠨ ᠬᠡᠲᠦ ᠮᠠᠯᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠨᠢ 2025 |
ᠣᠨ ᠳᠤ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠨ᠎ᠠ᠃ |
ᠤᠰᠤ ᠶᠢ ᠰᠠᠶᠢᠲᠤᠷ ᠠᠷᠪᠢᠯᠠᠨ ᠭᠠᠮᠨᠠᠵᠤ ᠡᠵᠡᠮᠳᠡᠨ᠎ᠡ᠃ ᠤᠰᠤ ᠠᠷᠪᠢᠯᠠᠬᠤ ᠶᠢ ᠠᠵᠤ ᠠᠬᠤᠶ ᠨᠡᠶᠢᠭᠡᠮ ᠤᠨ |
ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠯ᠎ᠡ ᠠᠵᠢᠯ ᠲᠥᠷᠥᠯ ᠤᠨ |
ᠤᠰᠤ ᠬᠡᠷᠡᠭᠯᠡᠬᠦ ᠬᠢᠷᠢ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ |
ᠬᠡᠷᠡᠭᠲᠡᠶ᠃ ᠲᠠᠷᠢᠶᠠᠯᠠᠩ ᠤᠨ ᠤᠰᠤ ᠠᠷᠪᠢᠯᠠᠬᠤ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠪᠣᠷᠣᠲᠣᠬᠤᠶ ᠶᠢᠨ |
ᠤᠰᠤᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠭᠰᠠᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ |
ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠂ ︽ᠤᠰᠤ ᠪᠠᠷ |
ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠠᠵᠤ ᠦᠢᠯᠡᠳᠪᠦᠷᠢ ᠶᠢᠨ |
ᠤᠰᠤ ᠠᠷᠪᠢᠯᠠᠬᠤ ᠶᠢ ᠶᠡᠬᠡᠪᠡᠷ ᠬᠡᠷᠡᠭᠵᠢᠭᠦᠯᠵᠦ᠂ ᠬᠠᠭᠤᠴᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠤᠰᠤ |
ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠢ ᠴᠢᠩᠭ᠎ᠠ |
ᠬᠢᠵᠠᠭᠠᠷᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ |
ᠵᠦᠢᠯ ᠢ ᠡᠷᠬᠡᠪᠰᠢ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠢᠷᠢ ᠲᠦᠪᠰᠢᠨ ᠳᠤ ᠬᠦᠷᠦᠭᠦᠯᠵᠦ᠂ |
ᠤᠰᠤᠨ ᠤ ᠬᠤᠷᠣᠭᠳᠠᠯ ᠢ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠬᠦ ᠦᠭᠡᠶ ᠲᠥᠷᠥᠯ ᠵᠦᠢᠯ ᠳᠤ ᠴᠥᠮ ᠤᠰᠤ |
ᠠᠪᠴᠤ ᠵᠥᠪᠰᠢᠶᠡᠷᠡᠬᠦ ᠵᠥᠪᠰᠢᠶᠡᠷᠡᠯ ᠢ ᠬᠢᠨᠠᠨ ᠵᠥᠪᠰᠢᠶᠡᠷᠡᠵᠦ ᠪᠣᠯᠬᠤ ᠦᠭᠡᠶ᠃ |
ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠤᠨ᠎ᠠ᠃ ᠤᠰᠤᠨ ᠤ ᠡᠬᠢ ᠪᠠᠶᠠᠯᠢᠭ ᠢ |
ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠤᠰᠤ ᠬᠡᠷᠡᠭᠯᠡᠬᠦ ᠦᠨᠳᠦᠰᠦᠨ ᠨᠢᠭᠡᠴᠢ ᠳᠤ ᠬᠦᠷᠲᠡᠯ᠎ᠡ |
ᠨᠠᠷᠢᠯᠢᠭᠵᠢᠭᠤᠯᠤᠨ ᠵᠠᠳᠠᠯᠬᠤ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠬᠤ |
ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠤᠰᠤᠨ ᠤ ᠦᠨ᠎ᠡ |
ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠭᠲᠠᠭᠰᠠᠨ ᠨᠣᠷᠮ᠎ᠠ ︵ᠲᠥᠯᠥᠪᠯᠡᠭᠡ︶ |
ᠶᠢᠨ ᠬᠠᠮᠢᠶᠠᠷᠤᠯᠲᠠ᠂ ᠱᠠᠲᠤᠯᠢᠭ ︵ᠠᠬᠢᠭᠤᠯᠤᠨ ᠣᠷᠣᠭᠤᠯᠬᠤ︶ ᠤᠰᠤᠨ ᠤ ᠦᠨ᠎ᠡ ᠬᠠᠩᠰᠢ ᠶᠢ ᠬᠡᠷᠡᠭᠵᠢᠭᠦᠯᠵᠦ᠂ |
︽ᠠᠷᠪᠢᠯᠠᠪᠠᠯ ᠱᠠᠩᠨᠠᠵᠤ ᠬᠡᠲᠦᠷᠡᠪᠡᠯ ᠲᠣᠷᠭᠠᠬᠤ︾ ᠲᠣᠭᠲᠠᠴᠠ ᠶᠢ ᠪᠠᠶᠢᠭᠤᠯᠤᠨ᠎ᠠ᠃ ᠬᠢᠨᠠᠨ ᠬᠡᠮᠵᠢᠬᠦ ᠰᠠᠭᠤᠷᠢ |
ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ᠂ |
ᠠᠮᠢᠳᠤᠷᠠᠯ ᠤᠨ ᠬᠡᠷᠡᠭᠯᠡᠬᠦ ᠤᠰᠤᠨ ᠤ ᠬᠡᠮᠵᠢᠶ᠎ᠡ ᠶᠢ ᠪᠦᠬᠦᠨ ᠢ ᠬᠠᠮᠤᠷᠤᠭᠤᠯᠵᠤ᠂ ᠭᠤᠣᠯᠳᠠᠯᠭ᠎ᠠ ᠲᠠᠢ ᠤᠰᠤ ᠬᠡᠷᠡᠭᠯᠡᠬᠦ |
ᠡᠷᠦᠬᠡ ᠶᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠡᠵᠡᠮᠳᠡᠬᠦ ᠶᠢ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ |
ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ |
ᠲᠣᠭᠠᠴᠢᠯᠠᠭᠰᠠᠨ ᠮᠡᠳᠡᠭᠡ ᠵᠠᠩᠭᠢᠵᠢᠯᠲᠠ ᠶᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ |
ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠡᠨᠧᠷᠭᠢ ᠣᠯᠭᠤᠬᠤ ᠤᠰᠤᠨ ᠤ ᠡᠬᠢ ᠪᠠᠶᠠᠯᠢᠭ ᠢ |
ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠨ᠎ᠠ᠃ |
ᠤᠰᠤ ᠨᠡᠮᠡᠭᠳᠡᠭᠦᠯᠬᠦ ᠠᠵᠢᠯ ᠢ ᠰᠠᠶᠢᠲᠤᠷ ᠬᠢᠨ᠎ᠡ᠃ ᠤᠯᠤᠰ ᠤᠨ ᠤᠰᠤᠨ ᠠᠰᠢᠭᠯᠠᠯᠲᠠ ᠶᠢᠨ ᠲᠣᠤᠷ ᠲᠤ |
ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ |
ᠲᠣᠤᠷ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ |
ᠬᠠᠲᠤᠨ ᠭᠤᠤᠯ᠂ ᠯᠢᠶᠤᠤᠾᠧ ᠭᠤᠤᠯ᠂ ᠨᠤᠨ ᠮᠥᠷᠡᠨ ᠵᠡᠷᠭᠡ ᠴᠢᠬᠤᠯᠠ ᠰᠠᠪᠠ ᠭᠠᠵᠠᠷ ᠤᠨ ᠤᠰᠤᠨ |
ᠠᠰᠢᠭᠯᠠᠯᠲᠠ ᠶᠢᠨ ᠲᠣᠤᠷ ᠤᠨ ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ |
ᠵᠡᠭᠦᠨᠰᠢ ᠪᠠᠷᠠᠭᠤᠨᠰᠢ ᠬᠠᠷᠢᠯᠴᠠᠨ ᠲᠤᠰᠠᠯᠠᠵᠤ᠂ ᠡᠮᠦᠨ᠎ᠡ ᠤᠮᠠᠷ᠎ᠠ ᠬᠠᠷᠢᠯᠴᠠᠨ ᠨᠡᠪᠲᠡᠷᠡᠯᠴᠡᠬᠦ︾ ᠤᠰᠤᠨ |
ᠠᠰᠢᠭᠯᠠᠯᠲᠠ ᠶᠢᠨ ᠲᠣᠤᠷ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠳᠠᠬᠢᠯᠲᠠ ᠤᠰᠤ᠂ |
ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢᠨ ᠲᠣᠬᠢᠷᠠᠭᠤᠯᠤᠯᠲᠠ ᠶᠢ |
ᠠᠰᠢᠭᠯᠠᠬᠤ ᠪᠠᠨ ᠨᠡᠮᠡᠭᠳᠡᠭᠦᠯᠬᠦ ᠬᠡᠷᠡᠭᠲᠡᠶ᠃ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ |
ᠨᠡᠮᠡᠷᠢᠯᠡᠬᠦ᠂ ᠥᠪᠥᠷ ᠮᠣᠩᠭᠤᠯ ᠤᠨ ᠰᠠᠯᠪᠤᠷᠢ ᠱᠤᠭᠤᠮ ᠵᠡᠷᠭᠡ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ |
ᠱᠤᠭᠤᠮ ᠤᠨ ᠢᠨᠵᠧᠨᠧᠷᠢᠩ ᠢ ᠡᠬᠢᠯᠡᠭᠦᠯᠬᠦ ᠶᠢ ᠢᠳᠡᠪᠬᠢᠲᠡᠢ ᠤᠷᠢᠶᠠᠯᠠᠵᠤ᠂ ᠬᠠᠳᠤᠨ ᠭᠤᠣᠯ ᠤᠨ ᠰᠠᠪᠠ ᠭᠠᠵᠠᠷ᠂ |
ᠪᠠᠷᠠᠭᠤᠨ ᠯᠢᠶᠤᠤᠾᠧ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ ᠡᠬᠢ |
ᠪᠠᠶᠠᠯᠢᠭ ᠤᠨ ᠳᠠᠭᠠᠭᠠᠴᠠ ᠶᠢ ᠬᠦᠴᠦᠯᠡᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠣᠷᠣᠨ ᠵᠠᠢ ᠶᠢ |
ᠲᠣᠬᠢᠷᠠᠭᠤᠯᠬᠤ ᠴᠢᠳᠠᠪᠤᠷᠢ ᠶᠢ ᠴᠢᠩᠭᠠᠳᠬᠠᠨ᠎ᠠ᠃ |
ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠶᠡᠬᠡᠪᠡᠷ ᠦᠷᠨᠢᠭᠦᠯᠦᠨ᠎ᠡ᠃ ︽ᠳᠡᠯᠡᠭᠡᠢ ᠶᠢᠨ ᠣᠰᠣᠨ ᠤ |
ᠡᠳᠣᠷ︾᠂ ︽ᠲᠣᠮᠳᠠᠳᠣ ᠣᠯᠥᠰ ᠤᠨ ᠣᠰᠣᠨ ᠭᠠᠷᠠᠭ︾᠂ ︽ᠪᠦᠬᠦ ᠣᠯᠥᠰ ᠤᠨ ᠬᠤᠳᠡ ᠶᠢᠨ ᠣᠰᠦ ᠠᠷᠪᠢᠯᠠᠨ |
ᠭᠡᠷᠡᠭᠯᠡᠬᠦ ᠣᠬᠠᠭᠤᠯᠭ᠎ᠠ ᠶᠢᠨ ᠭᠠᠷᠠᠭ︾ ᠵᠡᠷᠭᠡ ᠲᠠᠢ ᠣᠶᠠᠯᠳᠣᠭᠤᠯᠥᠨ᠂ ︽ᠣᠰᠦ ᠠᠷᠪᠢᠯᠠᠬᠤ ᠦᠪᠤᠷ ᠮᠣᠩᠭᠤᠯ |
ᠪᠢᠳᠡ ᠬᠦᠳᠡᠯᠦᠯᠴᠡᠵᠤ ᠪᠤᠢ︾ ᠰᠢᠷᠢᠰ ᠣᠬᠠᠭᠤᠯᠭ᠎ᠠ ᠶᠢᠨ ᠠᠵᠢᠯᠯᠠᠭ᠎ᠠ ᠪᠠᠷ ᠳᠥᠰᠢᠭ ᠪᠤᠯᠭᠠᠵᠦ᠂ ᠣᠯᠡᠨ |
ᠨᠡᠶᠢᠲᠡ ᠳᠤ ᠣᠰᠦ ᠠᠷᠪᠢᠯᠠᠬᠤ ᠮᠡᠳᠡᠯᠭᠡ ᠶᠢ ᠳᠥᠭᠡᠮᠡᠯᠵᠢᠬᠦᠯᠵᠦ᠂ ᠣᠰᠦ ᠠᠷᠪᠢᠯᠠᠬᠤ ᠶᠢ ᠰᠠᠨᠠᠭᠠᠴᠢᠯᠠᠨ᠎ᠠ᠃ ︽ |
ᠠᠷᠠᠳ ᠢᠷᠭᠡᠳ ᠤᠨ ᠤᠰᠤ ᠶᠢ ᠠᠷᠪᠢᠯᠠᠵᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠢ ᠦᠷᠭᠦᠯᠵᠢᠯᠡᠨ |
ᠤᠬᠠᠭᠤᠯᠤᠨ ᠲᠦᠭᠡᠮᠡᠯᠵᠢᠭᠦᠯᠵᠦ᠂ ᠤᠰᠤ ᠠᠷᠪᠢᠯᠠᠬᠤ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ |
ᠲᠣᠭᠤᠷᠢᠭ᠂ ᠠᠵᠤ ᠠᠬᠤᠶᠢᠯᠠᠯ᠂ ᠪᠠᠶᠢᠭᠤᠯᠭ᠎ᠠ ᠳᠤ ᠣᠷᠣᠭᠤᠯᠬᠤ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ |
ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠪᠥᠬᠦ |
ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ |
|
︵︽ᠥᠪᠥᠷ ᠮᠣᠩᠭᠤᠯ ᠤᠨ ᠡᠳᠦᠷ ᠤᠨ ᠰᠣᠨᠢᠨ︾ ᠠᠴᠠ ᠰᠢᠯᠵᠢᠭᠦᠯᠪᠡ︶ |
|