2023 ᠣᠨ ᠳᠤ ᠤᠰᠤᠨ ᠠᠰᠢᠭᠯᠠᠯᠲᠠ ᠶᠢᠨ ᠶᠠᠮᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ |
ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 493 ᠬᠤᠪᠢ ᠳᠠᠭᠠᠭᠠᠨ ᠠᠪᠴᠦ |
ᠭᠦᠢᠴᠡᠳᠭᠡᠪᠡ᠂ ᠡᠭᠦᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ 342 ᠬᠤᠪᠢ᠂ |
ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ 151 ᠬᠤᠪᠢ᠂ ᠠᠭᠤᠯᠭ᠎ᠠ ᠨᠢ ᠭᠤᠣᠯᠳᠠᠭᠤ ᠰᠠᠪᠠ |
ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠲᠠ᠂ ᠤᠯᠤᠰ ᠤᠨ ᠤᠰᠤᠨ |
ᠠᠰᠢᠭᠯᠠᠯᠲᠠ ᠶᠢᠨ ᠲᠣᠣᠷ ᠤᠨ ᠪᠦᠳᠦᠭᠡᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠢ ᠠᠷᠪᠢᠯᠠᠵᠤ |
ᠡᠷᠴᠢᠮᠵᠢᠭᠦᠯᠦᠨ ᠠᠰᠢᠭᠯᠠᠬᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠵᠡᠷᠭᠡ |
ᠲᠠᠯ᠎ᠠ ᠳᠤ ᠲᠥᠪᠯᠡᠷᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ |
ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠪᠠᠷ |
ᠳᠠᠮᠵᠢᠭᠤᠯᠤᠨ᠂ ᠨᠢᠭᠡ ᠪᠦᠯᠦᠭ ᠤᠰᠤᠨ ᠠᠰᠢᠭᠯᠠᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ |
ᠠᠬᠢᠭᠤᠯᠵᠤ᠂ ᠲᠥᠯᠥᠭᠡᠯᠡᠭᠴᠢ ᠭᠡᠰᠢᠭᠦᠳ ᠤᠨ ᠨᠤᠲᠠᠯᠠᠯᠲᠠ ᠶᠢ ᠤᠯᠪᠠ᠃ |
ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠰᠠᠨᠠᠭᠤᠯᠭ᠎ᠠ ᠰᠠᠨᠠᠯ |
ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠮᠤᠨ ᠤ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ᠂ ᠬᠡᠯᠲᠡᠰ ᠤᠨ ᠳᠠᠷᠤᠭ᠎ᠠ ᠯᠢ ᠭᠦᠸᠧ ᠶᠢᠩ ᠲᠥᠯᠥᠭᠡᠯᠡᠭᠴᠢ ᠭᠡᠰᠢᠭᠦᠳ ᠤᠨ |
ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠲᠥᠯᠥᠭᠡᠯᠡᠭᠴᠢ ᠭᠡᠰᠢᠭᠦᠳ ᠲᠠᠢ ᠨᠢᠭᠲᠠ ᠬᠠᠷᠢᠯᠴᠠᠵᠤ᠂ |
ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ |
ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠵᠦ᠂ ᠰᠠᠨᠠᠭᠤᠯᠭ᠎ᠠ |
ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ |
ᠬᠤᠪᠢᠳᠠᠨ ᠬᠠᠮᠢᠶᠠᠷᠬᠤ ᠬᠡᠯᠲᠡᠰ ᠤᠨ ᠤᠳᠤᠷᠢᠳᠤᠯᠭ᠎ᠠ ᠲᠤᠰᠢᠶᠠᠨ ᠰᠢᠢᠳᠪᠦᠷᠢᠯᠡᠭᠦᠯᠬᠦ ᠬᠤᠷᠠᠯ ᠢ ᠴᠠᠭ ᠲᠤᠬᠠᠶ ᠳᠤᠨᠢ |
ᠡᠷᠬᠢᠯᠡᠨ ᠬᠤᠷᠠᠯᠳᠤᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ |
ᠪᠠᠶᠢᠷᠢᠯᠠᠭᠤᠯᠤᠨ ᠲᠣᠬᠢᠷᠠᠭᠤᠯᠪᠠ︔ ᠪᠤᠰᠤᠳ ᠶᠠᠮᠤᠨ ᠤ ᠤᠳᠤᠷᠢᠳᠤᠯᠭ᠎ᠠ ᠱᠠᠯᠠᠪᠳᠠᠭᠤᠯᠤᠨ ᠵᠢᠯᠣᠭᠤᠳᠬᠤ ᠪᠠᠨ |
ᠴᠢᠩᠭᠠᠳᠬᠠᠵᠤ᠂ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ |
ᠦᠨᠡᠨ ᠬᠦ ᠪᠠᠲᠤᠯᠠᠪᠠ᠃ |
ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠪᠤᠴᠠ ᠳᠤ᠂ ᠤᠰᠤᠨ ᠠᠰᠢᠭᠯᠠᠯᠲᠠ ᠶᠢᠨ |
ᠶᠠᠮᠤᠨ ᠠᠴᠠ ᠴᠢᠩᠭ᠎ᠠ ᠰᠢᠪᠠᠳᠠᠨ ᠰᠢᠢᠳᠪᠦᠷᠢᠯᠡᠭᠦᠯᠬᠦ ᠶᠢ ᠪᠠᠷᠢᠮᠲᠠᠯᠠᠵᠤ᠂ ᠠᠵᠢᠯ ᠤᠨ ᠡᠬᠡ ᠲᠠᠩᠰᠠ ᠪᠠᠶᠢᠭᠤᠯᠤᠨ᠂ |
ᠨᠢᠭᠡ ᠬᠡᠷᠡᠭ ᠲᠤ ᠨᠢᠭᠡ ᠲᠠᠩᠰᠠ ᠡᠪᠬᠡᠮᠡᠯ᠂ ᠬᠥᠳᠡᠯᠦᠩᠭᠦᠶ ᠪᠠᠷ ᠬᠠᠮᠢᠶᠠᠷᠬᠤ᠂ ᠲᠤᠰᠬᠠᠶ ᠬᠥᠮᠦᠨ ᠢᠶᠠᠷ ᠰᠢᠪᠠᠳᠠᠨ |
ᠰᠢᠢᠳᠪᠦᠷᠢᠯᠡᠭᠦᠯᠬᠦ ᠶᠢ ᠬᠡᠷᠡᠭᠵᠢᠭᠦᠯᠵᠦ᠂ ᠲᠣᠭᠲᠠᠭᠰᠠᠨ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠶᠢ ᠦᠨᠡᠨ |
ᠬᠦ ᠪᠠᠲᠤᠯᠠᠪᠠ︔ ᠪᠣᠭᠤᠮᠲᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠰᠢᠢᠳᠪᠦᠷᠢᠯᠡᠵᠦ ᠬᠠᠷᠢᠭᠤᠯᠲᠠ ᠥᠭᠬᠦ |
ᠶᠠᠰᠤ ᠴᠢᠨᠠᠷ ᠢ ᠪᠠᠲᠤᠯᠠᠪᠠ︔ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠠᠨᠠᠭᠤᠯᠭ᠎ᠠ ᠳᠤᠷᠠᠳᠤᠯᠭ᠎ᠠ ᠶᠢ |
ᠰᠢᠢᠳᠪᠦᠷᠢᠯᠡᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ︔ ᠭᠦᠨᠵᠡᠭᠡᠶ ᠨᠡᠪᠲᠡᠷᠡᠯᠴᠡᠨ ᠵᠥᠪᠳᠡᠯᠴᠡᠵᠦ᠂ |
ᠤᠲᠠᠰᠤ ᠪᠠᠷ ᠰᠣᠯᠢᠯᠴᠠᠬᠤ᠂ ᠡᠭᠦᠳᠡᠨ ᠳᠤᠨᠢ ᠬᠦᠷᠴᠦ ᠰᠤᠷᠪᠤᠯᠵᠢᠯᠠᠬᠤ᠂ ᠶᠠᠷᠢᠯᠴᠠᠨ ᠰᠤᠳᠤᠯᠤᠯᠲᠠ ᠬᠢᠬᠦ ᠵᠡᠷᠭᠡ |
ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠯᠥᠭᠡᠯᠡᠭᠴᠢ ᠭᠡᠰᠢᠭᠦᠳ ᠲᠠᠢ 337 ᠬᠥᠮᠦᠨ ᠤᠳᠠᠭ᠎ᠠ ᠨᠡᠪᠲᠡᠷᠡᠯᠴᠡᠵᠦ᠂ |
ᠨᠡᠪᠲᠡᠷᠡᠯᠴᠡᠬᠦ ᠨᠣᠷᠮ᠎ᠠ ᠶᠢ 100% ᠳᠤ ᠬᠦᠷᠭᠡᠪᠡ᠃ ᠤᠰᠤᠨ ᠠᠰᠢᠭᠯᠠᠯᠲᠠ ᠶᠢᠨ ᠶᠠᠮᠤᠨ ᠰᠠᠨᠠᠭᠤᠯᠭ᠎ᠠ ᠰᠠᠨᠠᠯ |
ᠳᠤᠷᠠᠳᠤᠯᠭ᠎ᠠ ᠶᠢ ᠭᠦᠨᠵᠡᠭᠡᠶ ᠵᠠᠳᠠᠯᠤᠨ ᠰᠤᠳᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠨᠢᠭᠡ ᠠᠴᠠ ᠨᠥᠭᠦᠭᠡ ᠶᠢ |
ᠵᠦᠢᠴᠢᠯᠡᠨ ᠮᠡᠳᠡᠬᠦ ᠶᠢ ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ᠂ ᠬᠦᠴᠢᠷ ᠶᠠᠪᠤᠳᠠᠯ ᠢ ᠰᠢᠢᠳᠪᠦᠷᠢᠯᠡᠬᠦ᠂ ᠪᠣᠳᠠᠲᠤ |
ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠤᠰᠤᠨ ᠠᠰᠢᠭᠯᠠᠯᠲᠠ ᠶᠢᠨ ᠶᠠᠮᠤᠨ ᠬᠤᠸᠠᠶ |
ᠾᠧ ᠭᠤᠤᠯ ᠤᠨ ᠦᠶᠡᠷ ᠵᠠᠯᠠᠬᠤ ᠣᠷᠣᠨ ᠤ ᠲᠣᠬᠢᠷᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ |
ᠠᠬᠢᠭᠤᠯᠵᠤ᠂ ᠶᠡᠭᠡ ᠭᠤᠤᠯ ᠮᠥᠷᠡᠨ ᠶᠡᠭᠡ ᠨᠠᠭᠤᠷ ᠤᠨ ᠬᠠᠰᠢᠯᠭ᠎ᠠ ᠶᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ |
ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠳᠤᠮᠳᠠ ᠪᠠᠭ᠎ᠠ ᠭᠤᠤᠯ ᠮᠥᠷᠡᠨ ᠤ ᠰᠢᠰᠲ᠋ᠧᠮ ᠤᠨ |
ᠵᠠᠰᠠᠯᠲᠠ ᠶᠢ ᠲᠦᠷᠭᠡᠳᠬᠡᠨ ᠬᠡᠷᠡᠭᠵᠢᠭᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ |
ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ ᠤᠰᠤᠨ ᠠᠰᠢᠭᠯᠠᠯᠲᠠ ᠶᠢᠨ ᠶᠠᠮᠤᠨ ᠠᠴᠠ ᠤᠰᠤᠨ ᠠᠰᠢᠭᠯᠠᠯᠲᠠ ᠶᠢᠨ |
ᠲᠣᠣᠷ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠯᠤᠰ ᠤᠨ |
ᠤᠰᠤᠨ ᠲᠣᠣᠷ ᠤᠨ ᠭᠤᠣᠯᠯᠠᠭᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ |
ᠮᠤᠵᠢ ᠶᠢᠨ ᠱᠠᠲᠤᠨ ᠤ ᠤᠰᠤᠨ ᠲᠣᠣᠷ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ |
ᠠᠬᠢᠭᠤᠯᠵᠤ᠂ ᠤᠮᠠᠷᠠᠲᠤ ᠬᠡᠰᠡᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ |
ᠣᠷᠣᠭᠤᠯᠤᠯᠲᠠ ᠶᠢ 11996 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠤᠰᠤᠨ ᠠᠰᠢᠭᠯᠠᠯᠲᠠ ᠶᠢᠨ ᠪᠡᠯᠡ |
ᠣᠷᠣᠭᠤᠯᠤᠯᠲᠠ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠦᠢᠯᠡᠳᠦᠯ ᠢ ᠭᠦᠢᠴᠡᠳ |
ᠪᠠᠳᠠᠷᠠᠭᠤᠯᠵᠤ᠂ ᠤᠯᠤᠰ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ |
ᠳᠡᠭᠡᠭᠰᠢᠯᠡᠭᠦᠯᠪᠡ᠃ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠬᠢ |
ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠤᠰᠤᠨ ᠠᠰᠢᠭᠯᠠᠯᠲᠠ ᠶᠢᠨ ᠶᠠᠮᠤᠨ ᠠᠴᠠ ᠬᠤᠯᠪᠣᠭᠳᠠᠯ ᠪᠦᠬᠦᠢ |
ᠰᠠᠨᠠᠭᠤᠯᠭ᠎ᠠ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ |
ᠮᠥᠴᠢᠷ ᠤᠨ ᠬᠢᠨ ᠤ ᠳᠠᠷᠤᠮᠠᠯᠯᠠᠨ ᠲᠠᠷᠬᠠᠭᠠᠭᠰᠠᠨ ︽ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ |
ᠡᠷᠴᠢᠮᠵᠢᠭᠦᠯᠦᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠢ ᠰᠢᠩᠭᠡᠭᠡᠨ ᠠᠪᠴᠤ᠂ |
ᠨᠢᠩᠰᠢᠶᠠ ᠭᠦᠬᠠᠢ᠂ ᠴᠢᠩ ᠲᠦᠩ ᠰᠢᠶᠠ ᠬᠤᠶᠠᠷ ᠭᠠᠵᠠᠷ ᠤᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ |
ᠣᠷᠣᠨ ᠪᠠ ᠪᠠ ᠵᠤᠸᠠᠩᠽᠢ᠂ ᠷᠦ᠋ ᠾᠧ ᠺᠦ᠋ ᠵᠢᠩ ᠵᠡᠷᠭᠡ 11 ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ |
ᠤᠰᠤ ᠠᠷᠪᠢᠯᠠᠬᠤ ᠥᠭᠡᠷᠡᠴᠢᠯᠡᠯᠲᠡ ᠶᠢᠨ ᠲᠥᠰᠥᠯ ᠳᠤ ᠣᠷᠣᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ |
ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ |
ᠰᠢᠨ᠎ᠡ ᠪᠠᠷ ᠨᠡᠮᠡᠬᠦ ᠶᠢ ᠲᠦᠷ ᠵᠣᠭᠰᠣᠭᠠᠵᠤ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠲᠠᠢ ᠬᠤᠯᠪᠣᠭᠠᠯᠠᠨ |
ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠤᠰᠬᠠᠢ ᠠᠵᠢᠯᠯᠠᠭ᠎ᠠ ᠶᠢ |
ᠥᠷᠨᠢᠭᠦᠯᠵᠦ᠂ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠎ᠡ᠃ |
ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ ᠬᠠᠮᠠᠭᠠᠯᠠᠨ ᠵᠠᠰᠠᠬᠤ ᠲᠠᠯ᠎ᠠ ᠪᠠᠷ ᠬᠢ ᠰᠠᠨᠠᠭᠤᠯᠭ᠎ᠠ ᠰᠠᠨᠠᠯ |
ᠳᠤᠷᠠᠳᠤᠯᠭ᠎ᠠ ᠳᠤ ᠤᠰᠤᠨ ᠠᠰᠢᠭᠯᠠᠯᠲᠠ ᠶᠢᠨ ᠶᠠᠮᠤᠨ ᠭᠤᠣᠯ ᠮᠥᠷᠡᠨ ᠨᠠᠭᠤᠷ ᠴᠥᠭᠦᠷᠥᠮ ᠢ ᠰᠡᠷᠭᠦᠭᠡᠬᠦ |
ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠢᠩ ᠬᠠᠩ ᠶᠡᠭᠡ ᠲᠠᠲᠠᠮᠠᠯ ᠭᠤᠣᠯ ᠢ ᠬᠤᠶᠠᠳᠤᠭᠠᠷ ᠤᠳᠠᠭ᠎ᠠ ᠪᠦᠬᠦ |
ᠱᠤᠭᠤᠮ ᠢᠶᠠᠷ ᠨᠡᠪᠲᠡᠷᠡᠭᠦᠯᠦᠨ ᠤᠰᠤ ᠨᠥᠬᠦᠪᠦᠷᠢᠯᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ |
ᠶᠡᠷᠦᠩᠬᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠤᠰᠤ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ |
ᠯᠠᠪᠳᠠᠭᠤᠨ ᠪᠠᠲᠤᠲᠠᠢ ᠠᠬᠢᠭᠤᠯᠪᠠ᠃ |
ᠪᠦᠷᠢᠳᠬᠡᠭᠰᠡᠨ ᠢᠶᠠᠷ᠂ ᠤᠰᠤᠨ ᠠᠰᠢᠭᠯᠠᠯᠲᠠ ᠶᠢᠨ ᠶᠠᠮᠤᠨ ᠠᠴᠠ ᠳᠠᠭᠠᠭᠠᠨ ᠭᠦᠢᠴᠡᠳᠬᠡᠭᠰᠡᠨ 233 ᠬᠤᠪᠢ |
ᠰᠠᠨᠠᠭᠤᠯᠭ᠎ᠠ ᠳᠤᠷᠠᠳᠤᠯᠭ᠎ᠠ ᠶᠢ ᠭᠤᠣᠯᠯᠠᠨ ᠡᠷᠬᠢᠯᠡᠭᠰᠡᠨ ᠬᠤᠪᠢ ᠲᠤᠭ᠎ᠠ ᠶᠢᠨ ᠳᠣᠲᠣᠷ᠎ᠠ᠂ ᠳᠤᠷᠠᠳᠤᠭᠰᠠᠨ |
ᠠᠰᠠᠭᠤᠳᠠᠯ ᠢ ᠨᠢᠭᠡᠨᠲᠡ ᠰᠢᠢᠳᠪᠦᠷᠢᠯᠡᠭᠰᠡᠨ ᠪᠤᠶᠤ ᠬᠡᠷᠡᠭᠯᠡᠭᠰᠡᠨ ᠨᠢ 208 ᠬᠤᠪᠢ ᠪᠠᠶᠢᠵᠤ᠂ ᠳᠤᠷᠠᠳᠤᠭᠰᠠᠨ |
ᠠᠰᠠᠭᠤᠳᠠᠯ ᠢ ᠨᠢᠭᠡᠨᠲᠡ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠭᠰᠠᠨ ᠪᠤᠶᠤ ᠠᠵᠢᠯ ᠤᠨ ᠲᠥᠯᠥᠪᠯᠡᠭᠡ ᠳᠤ |
ᠣᠷᠣᠭᠤᠯᠤᠭᠰᠠᠨ ᠨᠢ 5 ᠬᠤᠪᠢ ᠪᠠᠶᠢᠵᠤ᠂ ᠰᠠᠨᠠᠭᠤᠯᠭ᠎ᠠ ᠳᠤᠷᠠᠳᠤᠯᠭ᠎ᠠ ᠶᠢ ᠦᠨᠳᠦᠰᠦᠯᠡᠨ 19 ᠵᠦᠢᠯ ᠤᠨ |
ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠨ᠎ᠠ᠃ |
ᠤᠰᠤᠨ ᠠᠰᠢᠭᠯᠠᠯᠲᠠ ᠶᠢᠨ ᠶᠠᠮᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ |
ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠤ᠂ |
ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠷᠭᠦᠯᠵᠢᠯᠡᠨ ᠠᠩᠬᠠᠷᠴᠤ᠂ ᠲᠥᠯᠥᠭᠡᠯᠡᠭᠴᠢ ᠭᠡᠰᠢᠭᠦᠳ ᠪᠣᠯᠤᠨ |
ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠠᠨᠠᠭᠤᠯᠭ᠎ᠠ ᠰᠠᠨᠠᠯ |
ᠳᠤᠷᠠᠳᠤᠯᠭ᠎ᠠ ᠶᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠠᠶᠢᠲᠤᠷ |
ᠬᠢᠵᠦ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ |
ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠤᠰᠤᠨ ᠤ ᠠᠮᠤᠷ |
ᠲᠦᠪᠰᠢᠨ ᠤ ᠬᠦᠴᠦᠲᠡᠢ ᠪᠠᠲᠤᠯᠠᠭ᠎ᠠ ᠬᠠᠩᠭᠠᠨ᠎ᠠ᠃ |
|