︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ |
ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠰᠡᠳᠬᠢᠮᠵᠢ ᠶᠢ ᠭᠦᠨᠵᠡᠭᠡᠶ ᠦᠢᠯᠡᠳᠦᠯᠭᠡᠵᠢᠭᠦᠯᠵᠦ᠂ |
ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠵᠠᠯᠠᠭᠤᠴᠤᠳ ᠪᠠᠭᠠᠴᠤᠳ ᠤᠨ |
ᠤᠰᠤ ᠶᠢ ᠠᠷᠪᠢᠯᠠᠨ ᠬᠡᠷᠡᠭᠯᠡᠬᠦ ᠣᠨᠣᠯᠵᠢᠬᠤᠨ ᠪᠠ ᠤᠰᠤᠨ ᠤ ᠰᠠᠨᠠᠭᠠᠰᠢᠷᠠᠯ ᠤᠨ ᠤᠬᠠᠮᠰᠠᠷ ᠢ ᠴᠢᠩᠭᠠᠷᠠᠭᠤᠯᠵᠤ᠂ |
ᠤᠰᠤ ᠠᠷᠪᠢᠯᠠᠬᠤ᠂ ᠤᠰᠤ ᠶᠢ ᠬᠠᠮᠠᠭᠠᠯᠠᠬᠤ᠂ ᠤᠰᠤ ᠶᠢ ᠬᠠᠶᠢᠷᠠᠯᠠᠬᠤ᠂ ᠤᠰᠤ ᠶᠢ ᠬᠠᠶᠢᠷᠠᠯᠠᠬᠤ ᠰᠠᠶᠢᠨ ᠰᠠᠶᠢᠬᠠᠨ |
ᠠᠭᠤᠷ ᠠᠮᠢᠰᠬᠤᠯ ᠢ ᠪᠣᠶ ᠪᠣᠯᠭᠠᠬᠤ ᠶᠢᠨ ᠲᠤᠰᠠᠳᠠ᠂ ︽ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ |
ᠤᠰᠤ ᠠᠷᠪᠢᠯᠠᠬᠤ ᠡᠯᠴᠢ ᠶᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠲᠤᠷᠠᠨ 2023 ᠣᠨ ᠤ ᠳᠤᠮᠳᠠᠳᠤ |
ᠪᠠᠭ᠎ᠠ ᠰᠤᠷᠭᠠᠭᠤᠯᠢ ᠶᠢᠨ ᠤᠰᠤ ᠠᠷᠪᠢᠯᠠᠬᠤ ᠡᠯᠴᠢᠨ ᠰᠠᠶᠢᠳ ᠤᠨ ᠤᠰᠤ ᠠᠷᠪᠢᠯᠠᠬᠤ ᠪᠦᠲᠦᠭᠡᠯ ᠢ ᠬᠢᠨᠠᠨ |
ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ |
ᠡᠷᠬᠡ ᠲᠡᠭᠰᠢ ᠪᠠᠶᠢᠬᠤ ᠵᠠᠷᠴᠢᠮ ᠶᠣᠰᠣᠭᠠᠷ᠂ ᠡᠯ᠎ᠡ ᠭᠠᠵᠠᠷ ᠤᠨ ᠤᠰᠤ ᠠᠷᠪᠢᠯᠠᠬᠤ ᠡᠯᠴᠢᠨ ᠰᠠᠶᠢᠳ ᠤᠨ |
ᠳᠡᠪᠰᠢᠭᠦᠯᠦᠭᠰᠡᠨ ᠵᠢᠷᠤᠭ᠂ ᠬᠠᠶᠢᠴᠢᠯᠠᠨ ᠨᠠᠭᠠᠬᠤ ᠵᠢᠷᠤᠭ᠂ ᠴᠠᠭᠠᠰᠤᠨ ᠬᠠᠶᠢᠴᠢᠯᠠᠮᠠᠯ ᠤᠨ ᠵᠢᠷᠤᠭ᠂ ᠸᠢᠳᠢᠣ᠋ ᠵᠡᠷᠭᠡ |
ᠤᠰᠤ ᠠᠷᠪᠢᠯᠠᠬᠤ ᠪᠦᠲᠦᠭᠡᠯ ᠢ ᠰᠢᠯᠭᠠᠷᠠᠭᠤᠯᠪᠠ᠃ ᠪᠦᠲᠦᠭᠡᠯ ᠤᠨ ᠭᠤᠣᠯ ᠰᠡᠳᠦᠪ᠂ ᠬᠡᠯᠪᠡᠷᠢ᠂ ᠪᠦᠲᠦᠭᠡᠯᠴᠢ |
ᠰᠠᠨᠠᠭ᠎ᠠ᠂ ᠥᠩᠭᠡ ᠪᠤᠳᠤᠭ ᠪᠠ ᠪᠦᠲᠦᠴᠡ ᠶᠢᠨ ᠵᠢᠷᠤᠭ ᠢ ᠦᠨᠳᠦᠰᠦᠯᠡᠨ᠂ ᠨᠢᠭᠡᠳᠦᠭᠡᠷ ᠳᠡᠰ ᠤᠨ ᠱᠠᠩᠨᠠᠯ 5 |
ᠨᠡᠷᠡᠰ᠂ ᠬᠤᠶᠠᠳᠤᠭᠠᠷ ᠳᠡᠰ ᠤᠨ ᠱᠠᠩᠨᠠᠯ 10 ᠨᠡᠷᠡᠰ᠂ ᠭᠤᠷᠪᠠᠳᠤᠭᠠᠷ ᠳᠡᠰ ᠤᠨ ᠱᠠᠩᠨᠠᠯ 20 ᠨᠡᠷᠡᠰ |
ᠰᠢᠯᠭᠠᠷᠠᠭᠤᠯᠪᠠ᠃ ᠥᠷᠭᠡᠨ ᠣᠯᠠᠨ ᠵᠠᠯᠠᠭᠤ ᠪᠠᠭᠠᠴᠤᠳ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ |
ᠪᠣᠯᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ |
ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠬᠡᠮᠳᠦᠭ ᠨᠣᠭᠤᠭᠠᠨ |
ᠠᠭᠤᠯᠠ ᠤᠰᠤᠨ ᠤ ᠤᠬᠠᠭᠤᠯᠤᠭᠴᠢ᠂ ᠣᠷᠣᠯᠴᠠᠭᠴᠢ ᠪᠠ ᠪᠦᠲᠦᠭᠡᠨ ᠪᠠᠶᠢᠭᠤᠯᠤᠭᠴᠢ ᠪᠣᠯᠬᠤ ᠪᠠᠷ ᠴᠢᠷᠮᠠᠶᠢᠬᠤ ᠶᠢ |
ᠬᠦᠰᠡᠵᠦ ᠪᠠᠶᠢᠨ᠎ᠠ᠃ |
|
|
|
|
|
|
|
|
|