2024 ᠣᠨ ᠤ 3 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ |
ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ 776 ᠳ᠋ᠤᠭᠠᠷ ᠲᠣᠭᠠᠲᠤ ᠵᠠᠷᠯᠢᠭ ᠲᠤ ᠭᠠᠷ ᠤᠨ |
ᠥᠰᠥᠭ ᠵᠢᠷᠤᠵᠤ᠂ ︽ᠤᠰᠤ ᠶᠢ ᠠᠷᠪᠢᠯᠠᠵᠤ ᠬᠡᠷᠡᠭᠯᠡᠬᠦ ᠲᠦᠷᠢᠮ︾ ︵ᠳᠣᠷᠣᠭᠰᠢ ︽ᠲᠦᠷᠢᠮ︾ ᠭᠡᠵᠦ |
ᠲᠣᠪᠴᠢᠯᠠᠨ᠎ᠠ︶ ᠢ ᠨᠡᠶᠢᠲᠡᠯᠡᠵᠦ᠂ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ |
ᠬᠡᠷᠡᠭᠵᠢᠭᠦᠯᠦᠨ᠎ᠡ᠃ ᠤᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠣᠷᠣᠨ |
ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ︽ᠳᠦᠷᠢᠮ︾ ᠤᠨ ᠬᠤᠯᠪᠣᠭᠳᠠᠯ ᠪᠦᠬᠦᠢ ᠠᠰᠠᠭᠤᠳᠠᠯ ᠤᠨ |
ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |
ᠠᠰᠠᠭᠤᠬᠤ ᠨᠢ᠄ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ ᠢ ᠲᠥᠬᠦᠮ ᠲᠠᠨᠢᠯᠴᠠᠭᠤᠯᠤᠭᠠᠷᠠᠢ᠃ |
ᠬᠠᠷᠢᠭᠤᠯᠬᠤ ᠨᠢ᠄ ᠤᠰᠤ ᠪᠣᠯ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ |
ᠰᠠᠭᠤᠷᠢ ᠴᠢᠨᠠᠷᠲᠠᠶ ᠪᠠᠶᠢᠭᠠᠯᠢ ᠶᠢᠨ ᠡᠬᠢ ᠪᠠᠶᠠᠯᠢᠭ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠵᠤ ᠠᠬᠤᠶ ᠶᠢᠨ |
ᠡᠬᠢ ᠪᠠᠶᠠᠯᠢᠭ ᠮᠥᠨ᠃ ᠮᠠᠨ ᠤ ᠤᠯᠤᠰ ᠤᠨ ᠬᠥᠮᠦᠨ ᠠᠮᠠ ᠤᠯᠠᠨ᠂ ᠤᠰᠤ ᠪᠠᠭ᠎ᠠ᠂ ᠤᠰᠤᠨ ᠤ ᠡᠬᠢ |
ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠵᠤ᠂ ᠤᠰᠤ ᠠᠷᠪᠢᠯᠠᠬᠤ ᠪᠣᠯ ᠤᠰᠤᠨ ᠤ |
ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠤᠨ᠎ᠠ᠃ ᠣᠶᠢᠷ᠎ᠠ ᠶᠢᠨ ᠵᠢᠯ ᠤᠳ ᠲᠤ᠂ |
ᠮᠠᠨ ᠤ ᠤᠯᠤᠰ ᠤᠰᠤ ᠠᠷᠪᠢᠯᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ |
ᠨᠡᠶᠢᠭᠡᠮ ᠤᠨ ᠪᠠᠶᠢᠭᠤᠯᠤᠯᠲᠠ ᠶᠢ ᠥᠷᠨᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃ ᠡᠭᠦᠨ ᠤ ᠬᠠᠮᠲᠤ᠂ |
ᠮᠠᠨ ᠤ ᠤᠯᠤᠰ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠠᠶᠢᠳᠠᠯ ᠮᠥᠨ ᠬᠦ ᠬᠦᠨᠳᠦ ᠬᠡᠴᠡᠭᠦᠦ᠂ |
ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠬᠦᠷᠦᠯᠴᠡᠬᠦ ᠦᠭᠡᠢ᠂ ᠤᠰᠤ ᠠᠷᠪᠢᠯᠠᠬᠤ ᠠᠵᠢᠯ ᠳᠤ ᠮᠥᠨ ᠬᠦ |
ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠶ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ |
ᠲᠡᠭᠦᠯᠳᠡᠷᠵᠢᠭᠦᠯᠬᠦ ᠴᠢᠬᠤᠯᠠᠲᠠᠶ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠴᠢᠬᠤᠯᠠᠲᠠᠶ᠂ |
ᠬᠢᠨᠠᠯᠲᠠ ᠲᠠᠯᠪᠢᠬᠤ ᠡᠷᠴᠢᠮ ᠢ ᠴᠢᠩᠭᠠᠷᠠᠭᠤᠯᠬᠤ ᠴᠢᠬᠤᠯᠠᠲᠠᠶ ᠵᠡᠷᠭᠡ ᠠᠰᠠᠭᠤᠳᠠᠯ ᠲᠤᠯᠭᠠᠷᠠᠵᠤ᠂ ᠬᠦᠴᠦᠲᠡᠶ ᠠᠷᠭ᠎ᠠ |
ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠴᠢᠬᠤᠯᠠᠲᠠᠶ ᠪᠠᠶᠢᠨ᠎ᠠ᠃ ᠤᠰᠤ ᠠᠷᠪᠢᠯᠠᠬᠤ ᠠᠵᠢᠯ ᠢ |
ᠴᠢᠩᠭᠠᠳᠬᠠᠬᠤ ᠪᠣᠳᠠᠲᠠᠶ ᠬᠡᠷᠡᠭᠴᠡᠭᠡ ᠶᠢ ᠦᠨᠳᠦᠰᠦᠯᠡᠨ ᠤᠰᠤ ᠠᠷᠪᠢᠯᠠᠬᠤ ᠬᠠᠤᠯᠢ ᠲᠣᠭᠲᠠᠭᠠᠯᠲᠠ ᠶᠢ ᠠᠬᠢᠭᠤᠯᠵᠤ᠂ |
ᠤᠰᠤ ᠠᠷᠪᠢᠯᠠᠬᠤ ᠲᠤᠰᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠵᠤ᠂ ᠤᠰᠤ ᠠᠷᠪᠢᠯᠠᠬᠤ |
ᠠᠵᠢᠯᠯᠠᠭ᠎ᠠ ᠶᠢ ᠪᠥᠬᠦ ᠲᠠᠯ᠎ᠠ ᠪᠠᠷ᠂ ᠰᠢᠰᠲ᠋ᠧᠮ ᠲᠠᠢ ᠵᠢᠷᠤᠮᠵᠢᠭᠤᠯᠤᠨ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ |
ᠫᠢᠩ ᠤᠨ ᠤᠰᠤ ᠶᠢ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ |
ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ |
ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ |
ᠲᠠᠯ᠎ᠠ ᠪᠠᠷ ᠪᠥᠲᠥᠭᠡᠨ ᠪᠠᠶᠢᠭᠤᠯᠬᠤ᠂ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ᠂ ᠠᠮᠢ ᠠᠬᠤᠶ ᠶᠢᠨ |
ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠰᠤᠳᠴᠢ |
ᠱᠠᠭᠠᠷᠳᠠᠯᠭ᠎ᠠ ᠮᠥᠨ᠃ |
ᠠᠰᠠᠭᠤᠬᠤ ᠨᠢ ᠄ ︽ᠳᠦᠷᠢᠮ︾ ᠢ ᠲᠣᠭᠲᠠᠭᠠᠭᠰᠠᠨ ᠶᠡᠷᠦᠩᠬᠡᠢ ᠰᠡᠳᠬᠢᠮᠵᠢ ᠨᠢ ᠶᠠᠭᠤ ᠪᠣᠢ︖ |
ᠬᠠᠷᠢᠭᠤᠯᠬᠤ ᠨᠢ᠄ ︽ᠲᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ |
ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ |
ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠶᠢ |
ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠶᠡᠷᠦᠩᠬᠡᠢ ᠰᠡᠳᠬᠢᠴᠡ ᠶᠢᠨ ᠲᠠᠯ᠎ᠠ ᠪᠠᠷ |
ᠭᠤᠣᠯᠳᠠᠭᠤ ᠳᠣᠣᠷᠠᠬᠢ ᠬᠡᠳᠦᠨ ᠲᠠᠯ᠎ᠠ ᠶᠢ ᠡᠵᠡᠮᠰᠢᠪᠡ᠄ ᠨᠢᠭᠡ ᠳᠤ᠂ ᠮᠠᠨ ᠤ ᠤᠯᠤᠰ ᠤᠨ ᠦᠨᠳᠦᠰᠦᠨ ᠤᠰᠤᠨ ᠤ |
ᠪᠠᠶᠢᠳᠠᠯ ᠳᠤ ᠰᠠᠭᠤᠷᠢᠯᠠᠵᠤ᠂ ᠤᠰᠤ ᠠᠷᠪᠢᠯᠠᠬᠤ ᠠᠵᠢᠯ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ |
ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ᠂ ᠤᠰᠤ ᠠᠷᠪᠢᠯᠠᠬᠤ |
ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ ᠪᠠᠲᠤᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ |
ᠴᠠᠭᠠᠵᠠ ᠶᠢᠨ ᠬᠠᠷᠢᠭᠤᠴᠠᠯᠭ᠎ᠠ ᠶᠢ ᠴᠢᠩᠳᠠᠯᠠᠬᠤ ᠵᠡᠷᠭᠡ ᠲᠠᠯ᠎ᠠ ᠪᠠᠷ᠂ ᠤᠰᠤ ᠠᠷᠪᠢᠯᠠᠬᠤ ᠪᠦᠬᠦ ᠲᠠᠯ᠎ᠠ ᠶᠢᠨ |
ᠰᠢᠰᠲ᠋ᠧᠮ ᠲᠠᠢ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠪᠠ᠃ ᠬᠤᠶᠠᠷ ᠲᠤ᠂ ᠨᠠᠮ ᠤᠨ ᠠᠷᠪᠠᠨ ᠨᠠᠢᠮᠠᠳᠤᠭᠠᠷ |
ᠶᠡᠭᠡ ᠬᠤᠷᠠᠯ ᠠᠴᠠ ᠨᠠᠭᠠᠰᠢᠬᠢ ᠤᠰᠤ ᠠᠷᠪᠢᠯᠠᠬᠤ ᠠᠵᠢᠯ ᠤᠨ ᠡᠯᠪᠡᠭ ᠪᠠᠶᠠᠯᠢᠭ ᠦᠢᠯᠡᠳᠦᠯᠭᠡ ᠶᠢ ᠨᠠᠷᠢᠨ ᠬᠢᠨᠠᠮᠠᠭᠠᠢ |
ᠳ᠋ᠦᠩᠨᠡᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠲᠦᠷᠢᠮ ᠤᠨ ᠵᠢᠷᠤᠮᠵᠢᠯ ᠪᠣᠯᠭᠠᠨ ᠬᠤᠪᠢᠷᠠᠭᠤᠯᠬᠤ |
ᠬᠡᠷᠡᠭᠲᠡᠢ᠃ ᠭᠤᠷᠪᠠ ᠳᠤ᠂ ᠤᠰᠤᠨ ᠤ ᠬᠠᠤᠯᠢ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ |
ᠬᠠᠤᠯᠢ ᠲᠣᠭᠲᠠᠭᠠᠯ ᠯᠤᠭ᠎ᠠ ᠵᠣᠯᠭᠠᠭᠤᠯᠬᠤ ᠶᠢ ᠰᠠᠶᠢᠲᠤᠷ ᠬᠢᠵᠦ᠂ ᠳᠦᠷᠢᠮ ᠤᠨ ᠨᠡᠶᠢᠯᠡᠮᠡᠯ ᠬᠦᠴᠦᠨ ᠢ |
ᠪᠦᠷᠢᠯᠳᠦᠭᠦᠯᠦᠨ᠎ᠡ᠃ |
ᠠᠰᠠᠭᠤᠬᠤ ᠨᠢ᠄ ︽ᠲᠦᠷᠢᠮ︾ ᠳᠤ ᠶᠠᠮᠠᠷ ᠲᠠᠯ᠎ᠠ ᠠᠴᠠ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ |
ᠪᠣᠶ︖ |
ᠬᠠᠷᠢᠭᠤᠯᠬᠤ ᠨᠢ᠄ ᠨᠢᠭᠡ ᠳᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ |
ᠴᠢᠩᠭᠠᠳᠬᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠬᠤ ᠶᠢ |
ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠭᠤᠤᠯ ᠪᠣᠯᠬᠤ ᠲᠠᠷᠢᠮᠠᠯ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ |
ᠦᠢᠯᠡᠳᠬᠦᠨ ᠪᠠ ᠦᠢᠯᠡᠴᠢᠯᠡᠭᠡᠨ ᠤ ᠦᠢᠯᠡᠰ ᠤᠨ ᠤᠯᠤᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠵᠣᠬᠢᠶᠠᠨ |
ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ |
ᠪᠦᠬᠦᠢ ᠠᠵᠢᠯ ᠲᠥᠷᠥᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ |
ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ |
ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ |
ᠤᠰᠤᠨ ᠤ ᠡᠬᠢ ᠪᠠᠶᠠᠯᠢᠭ ᠤᠨ ᠪᠠᠶᠢᠳᠠᠯ᠂ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ ᠪᠣᠯᠤᠨ ᠮᠡᠷᠭᠡᠵᠢᠯ ᠤᠨ |
ᠳᠠᠪᠰᠢᠯᠲᠠ ᠵᠡᠷᠭᠡ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ |
ᠬᠤᠶᠠᠷ ᠲᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤ ᠶᠢ ᠲᠥᠯᠥᠪᠯᠡᠭᠡ ᠲᠠᠢ ᠪᠠᠷ ᠬᠡᠷᠡᠭᠯᠡᠬᠦ |
ᠬᠠᠮᠢᠶᠠᠷᠤᠯᠲᠠ ᠶᠢ ᠴᠢᠩᠭᠠᠳᠬᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ |
ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ |
ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠤᠰᠤ ᠬᠡᠷᠡᠭᠯᠡᠬᠦ ᠲᠥᠯᠥᠪᠯᠡᠭᠡ ᠶᠢ ᠲᠣᠭᠲᠠᠭᠠᠵᠤ᠂ ᠤᠰᠤ |
ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠎ᠡ︔ ᠤᠰᠤ ᠬᠡᠷᠡᠭᠯᠡᠬᠦ ᠶᠢ ᠵᠣᠬᠢᠬᠤ |
ᠬᠡᠪᠴᠢᠶᠡᠨ ᠳᠤ ᠬᠦᠷᠦᠭᠰᠡᠨ ᠨᠢᠭᠡᠴᠢ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ |
ᠬᠡᠷᠡᠭᠵᠢᠭᠦᠯᠦᠨ᠎ᠡ᠃ ᠭᠤᠷᠪᠠ ᠳᠤ᠂ ᠤᠰᠤ ᠬᠡᠷᠡᠭᠯᠡᠬᠦ ᠬᠡᠮᠵᠢᠯᠲᠡ ᠪᠠ ᠤᠰᠤᠨ ᠤ ᠦᠨ᠎ᠡ ᠶᠢᠨ ᠳᠦᠷᠢᠮ ᠢ |
ᠵᠢᠷᠤᠮᠵᠢᠭᠤᠯᠬᠤ ᠬᠡᠷᠡᠭᠲᠡᠶ᠃ ᠠᠳᠠᠯᠢ ᠪᠤᠰᠤ ᠤᠰᠤᠨ ᠰᠤᠷᠪᠤᠯᠵᠢ᠂ ᠠᠳᠠᠯᠢ ᠪᠤᠰᠤ ᠬᠡᠷᠡᠭᠴᠡᠭᠡᠲᠦ ᠤᠰᠤ ᠶᠢ ᠲᠤᠰ |
ᠲᠤᠰ ᠲᠤᠨᠢ ᠬᠡᠮᠵᠢᠬᠦ ᠶᠢᠨ ᠬᠠᠮᠲᠤ ᠪᠤᠳᠤᠵᠤ ᠰᠦᠢᠳᠬᠡᠯ ᠬᠤᠷᠢᠶᠠᠬᠤ ᠶᠢ ᠬᠡᠷᠡᠭᠵᠢᠭᠦᠯᠬᠦ ᠬᠡᠷᠡᠭᠲᠡᠶ︔ ᠶᠠᠮᠠᠷᠪᠠ |
ᠨᠢᠭᠡᠴᠢ ᠪᠠ ᠬᠤᠪᠢ ᠬᠥᠮᠦᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠵᠦ᠂ ᠰᠦᠢᠳᠬᠡᠵᠦ᠂ |
ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠦᠭᠡᠢ ᠭᠡᠵᠦ ᠲᠣᠭᠲᠠᠭᠠᠵᠠᠶ᠃ ᠤᠰᠤ ᠠᠷᠪᠢᠯᠠᠬᠤ ᠶᠢ ᠠᠬᠢᠭᠤᠯᠬᠤ |
ᠤᠰᠤᠨ ᠤ ᠦᠨ᠎ᠡ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ |
ᠬᠡᠮᠵᠢᠶ᠎ᠡ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤ ᠬᠠᠩᠭᠠᠬᠤ |
ᠥᠪᠡᠷ ᠤᠨ ᠥᠷᠲᠡᠭ᠂ ᠤᠰᠤ ᠬᠡᠷᠡᠭᠯᠡᠬᠦ ᠡᠷᠦᠬᠡ ᠶᠢᠨ ᠳᠠᠭᠠᠭᠠᠬᠤ ᠴᠢᠳᠠᠪᠤᠷᠢ ᠪᠣᠯᠤᠨ ᠤᠰᠤ ᠠᠷᠪᠢᠯᠠᠬᠤ |
ᠱᠠᠭᠠᠷᠳᠠᠯᠭ᠎ᠠ ᠵᠡᠷᠭᠡ ᠶᠢ ᠦᠨᠳᠦᠰᠦᠯᠡᠨ᠂ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ |
ᠬᠡᠷᠡᠭᠲᠡᠶ᠃ ᠲᠦᠷᠪᠡ ᠳᠤ᠂ ᠤᠰᠤ ᠶᠡᠭᠡ ᠬᠤᠷᠣᠭᠳᠠᠭᠤᠯᠬᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ |
ᠪᠠᠶᠢᠭᠤᠯᠤᠯᠲᠠ ᠶᠢ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ |
ᠣᠷᠣᠨ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ ᠳᠤ ᠤᠰᠤ ᠶᠡᠭᠡ |
ᠬᠤᠷᠣᠭᠳᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠬᠤ |
ᠬᠡᠷᠡᠭᠲᠡᠶ ᠭᠡᠵᠦ ᠲᠣᠭᠲᠠᠭᠠᠵᠠᠶ᠃ |
ᠠᠰᠠᠭᠤᠬᠤ ᠨᠢ᠄ ︽ᠲᠦᠷᠢᠮ︾ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠲᠠᠯ᠎ᠠ ᠪᠠᠷ |
ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ |
ᠬᠠᠷᠢᠭᠤᠯᠬᠤ ᠨᠢ᠄ ᠨᠢᠭᠡ ᠳᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ |
ᠠᠬᠢᠭᠤᠯᠤᠨ᠎ᠠ᠃ ᠲᠠᠷᠢᠮᠠᠯ ᠲᠡᠵᠢᠭᠡᠪᠦᠷᠢ ᠶᠢᠨ ᠪᠦᠲᠦᠴᠡ ᠪᠣᠯᠤᠨ ᠲᠠᠷᠢᠶᠠᠯᠠᠩ ᠤᠨ ᠤᠰᠤ ᠬᠡᠷᠡᠭᠯᠡᠬᠦ ᠪᠦᠲᠦᠴᠡ ᠳᠤ |
ᠲᠣᠬᠢᠷᠠᠭᠤᠯᠤᠯᠲᠠ ᠬᠢᠵᠦ᠂ ᠤᠰᠤ ᠠᠷᠪᠢᠯᠠᠬᠤ ᠬᠡᠯᠪᠡᠷᠢ ᠶᠢᠨ ᠲᠠᠷᠢᠶᠠᠯᠠᠩ ᠪᠣᠯᠤᠨ ᠬᠠᠭᠤᠷᠠᠶ ᠲᠠᠷᠢᠶᠠᠯᠠᠩ ᠢ |
ᠬᠥᠭᠵᠢᠭᠦᠯᠦᠨ᠎ᠡ︔ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠎ᠡ︔ ᠬᠥᠳᠡᠭᠡ ᠲᠣᠰᠬᠤᠨ ᠤ |
ᠠᠮᠢᠳᠤᠷᠠᠯ ᠤᠨ ᠤᠰᠤ ᠬᠠᠩᠭᠠᠬᠤ ᠪᠡᠯᠡᠳᠬᠡᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠶᠢᠨ ᠲᠣᠤᠷ ᠤᠨ ᠪᠥᠲᠥᠭᠡᠨ |
ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠨ᠎ᠠ᠃ ᠬᠤᠶᠠᠷ ᠲᠤ᠂ ᠠᠵᠤ ᠦᠢᠯᠡᠳᠪᠦᠷᠢ ᠶᠢᠨ ᠤᠰᠤ |
ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃ ᠠᠵᠤ |
ᠦᠢᠯᠡᠳᠪᠦᠷᠢ ᠶᠢᠨ ᠠᠵᠤ ᠠᠬᠤᠶᠢᠯᠠᠯ ᠲᠡᠷᠢᠭᠦᠨ ᠤ᠂ ᠤᠰᠤ ᠠᠷᠪᠢᠯᠠᠬᠤ ᠮᠡᠷᠭᠡᠵᠢᠯ᠂ ᠤᠷ᠎ᠠ ᠮᠡᠷᠭᠡᠰᠢᠯ ᠪᠣᠯᠤᠨ |
ᠲᠥᠬᠦᠭᠡᠷᠦᠮᠵᠢ ᠶᠢ ᠬᠡᠷᠡᠭᠯᠡᠬᠦ ᠶᠢ ᠱᠠᠭᠠᠷᠳᠠᠪᠠ︔ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠠᠵᠤ |
ᠠᠬᠤᠶᠢᠯᠠᠯ ᠬᠠᠶᠠᠭᠳᠠᠮᠠᠯ ᠤᠰᠤ ᠶᠢ ᠭᠦᠨᠵᠡᠭᠡᠶ ᠰᠢᠢᠳᠪᠦᠷᠢᠯᠡᠵᠤ ᠡᠭᠡᠭᠦᠯᠦᠨ ᠬᠡᠷᠡᠭᠯᠡᠬᠦ ᠮᠡᠷᠭᠡᠵᠢᠯ ᠤᠨ ᠠᠷᠭ᠎ᠠ |
ᠬᠡᠮᠵᠢᠶ᠎ᠡ ᠶᠢ ᠳᠡᠯᠭᠡᠷᠡᠭᠦᠯᠵᠦ᠂ ᠤᠰᠤ ᠬᠡᠷᠡᠭᠯᠡᠬᠦ ᠬᠢᠷᠢ ᠲᠦᠪᠰᠢᠨ ᠨᠢ ᠤᠰᠤ ᠬᠡᠷᠡᠭᠯᠡᠬᠦ ᠲᠣᠭᠲᠠᠭᠰᠠᠨ ᠲᠤᠭ᠎ᠠ ᠠᠴᠠ |
ᠬᠡᠲᠦᠷᠡᠭᠦᠯᠦᠨ ᠤᠰᠤ ᠠᠷᠪᠢᠯᠠᠬᠤ ᠥᠭᠡᠷᠡᠴᠢᠯᠡᠯᠲᠡ ᠬᠢᠨ᠎ᠡ︔ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢ |
ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠬᠠᠮᠢᠶ᠎ᠠ ᠪᠦᠬᠦᠢ ᠪᠡᠯᠡᠳᠬᠡᠮᠵᠢ ᠶᠢ |
ᠨᠢᠭᠡᠳᠦᠯᠲᠡᠶ ᠲᠥᠯᠥᠪᠯᠡᠨ ᠪᠦᠲᠦᠭᠡᠨ ᠪᠠᠶᠢᠭᠤᠯᠵᠤ᠂ ᠨᠢᠭᠡ ᠤᠰᠤ ᠶᠢ ᠣᠯᠠᠨ ᠬᠡᠷᠡᠭᠯᠡᠬᠦ ᠪᠠ ᠡᠷᠭᠢᠯᠳᠦᠭᠦᠯᠦᠨ |
ᠠᠰᠢᠭᠯᠠᠬᠤ ᠶᠢ ᠪᠡᠶᠡᠯᠡᠭᠦᠯᠦᠨ᠎ᠡ᠃ ᠭᠤᠷᠪᠠ ᠳᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ |
ᠪᠠᠭᠠᠰᠬᠠᠬᠤ ᠶᠢ ᠠᠬᠢᠭᠤᠯᠤᠨ᠎ᠠ᠃ ᠤᠰᠤ ᠠᠷᠪᠢᠯᠠᠬᠤ ᠬᠡᠯᠪᠡᠷᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠪᠦᠬᠦ |
ᠲᠠᠯ᠎ᠠ ᠪᠠᠷ ᠠᠬᠢᠭᠤᠯᠤᠨ᠎ᠠ︔ ᠤᠰᠤ ᠬᠠᠩᠭᠠᠬᠤ᠂ ᠤᠰᠤ ᠬᠡᠷᠡᠭᠯᠡᠬᠦ ᠬᠤᠭᠤᠯᠠᠶ ᠶᠢᠨ ᠲᠣᠣᠷ ᠤᠨ ᠲᠥᠬᠦᠭᠡᠷᠦᠮᠵᠢ ᠶᠢᠨ |
ᠭᠤᠭᠤᠵᠢᠬᠤ ᠶᠢ ᠡᠵᠡᠮᠳᠡᠬᠦ ᠰᠢᠰᠲ᠋ᠧᠮ ᠢ ᠪᠠᠶᠢᠭᠤᠯᠵᠤ᠂ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ |
ᠲᠥᠬᠦᠭᠡᠷᠦᠮᠵᠢ ᠶᠢᠨ ᠥᠭᠡᠷᠡᠴᠢᠯᠡᠯᠲᠡ ᠶᠢ ᠳᠡᠮᠵᠢᠨ᠎ᠡ︔ ᠪᠠᠷᠢᠯᠭ᠎ᠠ ᠶᠢᠨ ᠠᠵᠢᠯᠯᠠᠭᠠᠨ ᠤ ᠤᠰᠤᠨ ᠤ ᠬᠤᠷᠣᠭᠳᠠᠯ ᠢ |
ᠪᠠᠭᠠᠰᠬᠠᠬᠤ ᠶᠢ ᠠᠬᠢᠭᠤᠯᠤᠨ᠎ᠠ︔ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠤ ᠬᠤᠲᠠ |
ᠪᠠᠯᠭᠠᠰᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠡᠩ ᠲᠡᠷᠢᠭᠦᠨ ᠳᠤ ᠤᠰᠤ ᠠᠷᠪᠢᠯᠠᠬᠤ ᠭᠠᠩ |
ᠬᠠᠭᠰᠠᠷᠠᠭᠠᠨ ᠳᠤ ᠲᠡᠰᠪᠦᠷᠢᠲᠡᠶ ᠤᠷᠭᠤᠮᠠᠯ ᠤᠨ ᠬᠤᠴᠢᠯᠭ᠎ᠠ ᠶᠢ ᠰᠣᠩᠭᠤᠨ ᠬᠡᠷᠡᠭᠯᠡᠵᠦ᠂ ᠤᠰᠤ ᠠᠷᠪᠢᠯᠠᠬᠤ |
ᠤᠰᠤᠯᠠᠯᠲᠠ ᠶᠢᠨ ᠠᠷᠭ᠎ᠠ ᠮᠠᠶ᠋ᠢᠭ ᠢ ᠠᠪᠴᠤ᠂ ᠬᠢᠮᠡᠯ ᠭᠤᠤᠯ ᠮᠥᠷᠡᠨ ᠨᠠᠭᠤᠷ ᠴᠥᠭᠦᠷᠥᠮ ᠵᠡᠷᠭᠡ ᠦᠵᠡᠮᠵᠢ ᠶᠢᠨ |
ᠬᠡᠷᠡᠭᠯᠡᠬᠦ ᠤᠰᠤ ᠶᠢ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠱᠠᠭᠠᠷᠳᠠᠪᠠ᠃ ᠳᠥᠷᠪᠡ ᠳᠤ᠂ ᠡᠩ ᠤᠨ ᠪᠤᠰᠤ |
ᠤᠰᠤᠨ ᠤ ᠠᠰᠢᠭᠯᠠᠯᠲᠠ ᠶᠢ ᠠᠬᠢᠭᠤᠯᠤᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ |
ᠠᠷᠠᠳ ᠤᠨ ᠵᠠᠰᠠᠭ ᠤᠨ ᠣᠷᠳᠣᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠬᠤ ᠳᠤ ᠣᠷᠣᠭᠤᠯᠵᠤ᠂ |
ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠡᠩ ᠤᠨ ᠪᠤᠰᠤ ᠤᠰᠤᠨ ᠠᠰᠢᠭᠯᠠᠯᠲᠠ ᠶᠢᠨ |
ᠬᠡᠷᠡᠭᠯᠡᠬᠦ ᠲᠥᠯᠥᠪᠯᠡᠭᠡ ᠲᠣᠭᠲᠠᠭᠠᠬᠤ ᠬᠡᠷᠡᠭᠲᠡᠶ︔ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠰᠠᠭᠤᠷᠢ |
ᠪᠡᠯᠡᠳᠬᠡᠮᠵᠢ ᠶᠢ ᠨᠢᠭᠡᠳᠦᠯᠲᠡᠶ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ︔ ᠬᠤᠲᠠ ᠶᠢᠨ ᠨᠣᠭᠤᠭᠠᠷᠠᠭᠤᠯᠤᠯᠲᠠ |
ᠵᠡᠷᠭᠡ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠶ︔ ᠪᠣᠷᠣᠭᠠᠨ ᠤ ᠤᠰᠤ ᠶᠢ ᠡᠬᠢ |
ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠳᠠᠯᠠᠢ ᠶᠢᠨ ᠤᠰᠤᠨ ᠤ ᠡᠬᠢ ᠪᠠᠶᠠᠯᠢᠭ ᠢ |
ᠢᠳᠡᠪᠬᠢᠲᠡᠶ ᠪᠠᠷ ᠨᠡᠭᠡᠭᠡᠨ ᠠᠰᠢᠭᠯᠠᠬᠤ ᠬᠡᠷᠡᠭᠲᠡᠶ᠃ |
ᠠᠰᠠᠭᠤᠬᠤ ᠨᠢ᠄ ︽ᠲᠦᠷᠢᠮ︾ ᠳᠤ ᠤᠰᠤ ᠠᠷᠪᠢᠯᠠᠬᠤ ᠪᠠᠲᠤᠯᠠᠭ᠎ᠠ ᠪᠠ ᠬᠢᠨᠠᠯᠲᠠ ᠲᠠᠯᠪᠢᠬᠤ ᠠᠷᠭ᠎ᠠ |
ᠬᠡᠮᠵᠢᠶ᠎ᠡ ᠶᠢᠨ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ |
ᠬᠠᠷᠢᠭᠤᠯᠬᠤ ᠨᠢ᠄ ᠤᠷᠮᠠᠰᠢᠭᠤᠯᠬᠤ ᠪᠠ ᠪᠠᠲᠤᠯᠠᠬᠤ ᠲᠠᠯ᠎ᠠ ᠪᠠᠷ᠂ ᠰᠢᠶᠠᠨ ᠤ ᠱᠠᠲᠤᠨ ᠠᠴᠠ ᠳᠡᠭᠡᠭᠰᠢᠬᠢ |
ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢ ᠲᠠᠷᠢᠶᠠᠯᠠᠩ ᠤᠨ ᠤᠰᠤ ᠬᠡᠷᠡᠭᠯᠡᠬᠦ ᠳᠤ ᠲᠦᠢᠯ ᠤᠨ |
ᠣᠨᠣᠪᠴᠢᠲᠠᠶ ᠪᠠᠷ ᠨᠥᠬᠦᠪᠥᠷᠢ ᠥᠭᠬᠦ ᠲᠣᠭᠲᠠᠴᠠ ᠪᠠ ᠤᠰᠤ ᠠᠷᠪᠢᠯᠠᠬᠤ ᠶᠢᠨ ᠱᠠᠩᠨᠠᠯ ᠤᠨ ᠲᠣᠭᠲᠠᠴᠠ ᠶᠢ |
ᠪᠦᠷᠢᠨᠰᠢᠭᠦᠯᠦᠨ᠎ᠡ ᠭᠡᠵᠦ ᠲᠣᠭᠲᠠᠭᠠᠪᠠ︔ ᠨᠥᠬᠦᠴᠡᠯ ᠳᠤ ᠨᠡᠶᠢᠴᠡᠬᠦ ᠤᠰᠤ ᠠᠷᠪᠢᠯᠠᠬᠤ ᠲᠥᠷᠥᠯ ᠵᠦᠢᠯ ᠳᠤ |
ᠨᠥᠬᠦᠪᠥᠷᠢ ᠥᠭᠭᠦᠨ᠎ᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ ᠳᠤ ᠳᠡᠮᠵᠢᠯᠭᠡ |
ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠤᠰᠤ ᠠᠷᠪᠢᠯᠠᠬᠤ ᠲᠥᠷᠥᠯ ᠵᠦᠢᠯ ᠤᠨ |
ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ |
ᠣᠷᠣᠯᠴᠠᠭᠤᠯᠤᠨ᠎ᠠ︔ ᠤᠰᠤ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ |
ᠤᠰᠤ ᠠᠷᠪᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠬᠡᠷᠡᠭᠯᠡᠬᠦ |
ᠨᠢᠭᠡᠴᠢ ᠪᠤᠶᠤ ᠬᠤᠪᠢ ᠬᠥᠮᠦᠨ ᠯᠦᠭᠡ ᠤᠰᠤ ᠠᠷᠪᠢᠯᠠᠬᠤ ᠬᠠᠮᠢᠶᠠᠷᠤᠯᠲᠠ ᠶᠢᠨ ᠭᠡᠷ᠎ᠡ ᠲᠣᠭᠲᠠᠨ᠎ᠠ︔ ᠤᠰᠤᠨ ᠤ |
ᠡᠷᠬᠡ ᠶᠢᠨ ᠵᠠᠬ᠎ᠠ ᠳᠡᠯᠭᠡᠭᠦᠷ ᠢ ᠪᠤᠶᠢᠵᠢᠭᠤᠯᠤᠨ ᠵᠢᠷᠤᠮᠵᠢᠭᠤᠯᠵᠤ᠂ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ |
ᠳᠡᠮᠵᠢᠨ᠎ᠡ︔ ᠤᠰᠤ ᠠᠷᠪᠢᠯᠠᠬᠤ ᠠᠮᠵᠢᠯᠲᠠ ᠪᠦᠲᠦᠮᠵᠢ ᠪᠠᠷ ᠢᠯᠡᠳᠲᠡ ᠨᠢᠭᠡᠴᠢ ᠪᠠ ᠬᠤᠪᠢ ᠬᠥᠮᠦᠨ ᠢ ᠬᠥᠬᠢᠭᠦᠯᠦᠨ |
ᠱᠠᠩᠨᠠᠨ᠎ᠠ᠃ ᠬᠢᠨᠠᠯᠲᠠ ᠲᠠᠯᠪᠢᠵᠤ ᠬᠢᠨᠠᠨ ᠰᠢᠯᠭᠠᠬᠤ ᠲᠠᠯ᠎ᠠ ᠪᠠᠷ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ |
ᠰᠠᠯᠠᠭ᠎ᠠ ᠮᠥᠴᠢᠷ ᠢ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ |
ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ︔ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠤᠨ᠎ᠠ︔ ᠬᠢᠨᠠᠯᠲᠠ ᠲᠠᠯᠪᠢᠵᠤ |
ᠬᠢᠨᠠᠨ ᠰᠢᠯᠭᠠᠬᠤ ᠶᠢ ᠴᠢᠩᠭᠠᠷᠠᠭᠤᠯᠤᠨ᠂ ᠤᠰᠤ ᠠᠷᠪᠢᠯᠠᠬᠤ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠣᠷᠣᠨ |
ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠭᠤᠴᠠᠯᠭᠠᠲᠠᠨ ᠢ ᠬᠢᠨᠠᠨ ᠰᠢᠯᠭᠠᠬᠤ |
ᠬᠡᠪᠴᠢᠶᠡᠨ ᠳᠤ ᠣᠷᠣᠭᠤᠯᠬᠤ ᠬᠡᠷᠡᠭᠲᠡᠶ᠃ |
ᠠᠰᠠᠭᠤᠬᠤ ᠨᠢ᠄ ︽ᠲᠦᠷᠢᠮ︾ ᠳᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠴᠠᠭᠠᠵᠠ ᠶᠢᠨ |
ᠬᠠᠷᠢᠭᠤᠴᠠᠯᠭ᠎ᠠ ᠶᠢᠨ ᠲᠤᠬᠠᠢ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ︖ |
ᠬᠠᠷᠢᠭᠤᠯᠬᠤ ᠨᠢ᠄ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠬᠦ᠂ ᠡᠪᠳᠡᠬᠦ᠂ ᠳᠤᠷ᠎ᠠ ᠪᠠᠷ ᠢᠶᠠᠨ |
ᠰᠢᠯᠵᠢᠭᠦᠯᠬᠦ ᠪᠤᠶᠤ ᠤᠰᠤ ᠬᠡᠷᠡᠭᠯᠡᠬᠦ ᠬᠡᠮᠵᠢᠶ᠎ᠡ ᠶᠢ ᠬᠠᠷᠰᠢᠯᠠᠬᠤ᠂ ᠤᠰᠤ ᠶᠡᠭᠡ ᠬᠤᠷᠣᠭᠳᠠᠭᠤᠯᠬᠤ ᠠᠵᠤ |
ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ ᠲᠣᠭᠲᠠᠭᠰᠠᠨ |
ᠨᠤᠷᠮ᠎ᠠ ᠠᠴᠠ ᠬᠡᠲᠦᠷᠡᠭᠰᠡᠨ ᠮᠥᠷᠲᠡᠭᠡᠨ ᠲᠣᠭᠲᠠᠭᠰᠠᠨ ᠬᠤᠭᠤᠴᠠᠭᠠᠨ ᠳᠠᠭᠠᠨ ᠤᠰᠤ ᠠᠷᠪᠢᠯᠠᠬᠤ ᠥᠭᠡᠷᠡᠴᠢᠯᠡᠯᠲᠡ |
ᠬᠢᠭᠰᠡᠨ ᠦᠭᠡᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠣᠭᠤᠰ ᠢᠶᠠᠷ ᠲᠣᠷᠭᠠᠬᠤ᠂ ᠤᠰᠤ |
ᠠᠪᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠵᠠᠰᠠᠭ ᠵᠠᠬᠢᠷᠭᠠᠨ ᠤ |
ᠴᠢᠩᠭ᠎ᠠ ᠰᠢᠢᠳᠬᠡᠯ ᠢ ᠲᠣᠭᠲᠠᠭᠠᠪᠠ᠃ ᠤᠯᠤᠰ ᠠᠴᠠ ᠢᠯᠡ ᠪᠠᠷ ᠵᠠᠷᠯᠢᠭᠳᠠᠨ ᠰᠢᠭᠰᠢᠭᠳᠡᠭᠦᠯᠦᠭᠰᠡᠨ ᠬᠤᠴᠣᠷᠤᠩᠭᠤᠢ |
ᠮᠡᠷᠭᠡᠵᠢᠯ᠂ ᠤᠷ᠎ᠠ ᠮᠡᠷᠭᠡᠰᠢᠯ᠂ ᠲᠣᠨᠤᠭ ᠲᠥᠬᠦᠭᠡᠷᠦᠮᠵᠢ ᠪᠣᠯᠤᠨ ᠦᠢᠯᠡᠳᠬᠦᠨ ᠵᠡᠷᠭᠡ ᠬᠠᠤᠯᠢ ᠶᠢ ᠵᠥᠷᠢᠴᠡᠭᠰᠡᠨ |
ᠠᠵᠢᠯᠯᠠᠭ᠎ᠠ ᠶᠢ ᠤᠰᠤᠨ ᠤ ᠬᠠᠤᠯᠢ ᠶᠢᠨ ᠬᠤᠯᠪᠣᠭᠳᠠᠯ ᠲᠠᠢ ᠲᠣᠭᠲᠠᠭᠠᠯ ᠶᠣᠰᠣᠭᠠᠷ ᠰᠢᠢᠳᠭᠡᠨ᠎ᠡ᠃ |
ᠠᠰᠠᠭᠤᠬᠤ ᠨᠢ ᠄ ︽ᠲᠦᠷᠢᠮ︾ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ |
ᠬᠤᠯᠪᠣᠭᠳᠠᠯ ᠪᠥᠬᠦᠶ ᠲᠠᠯ᠎ᠠ ᠶᠢᠨ ᠬᠢᠨ ᠪᠠᠰᠠ ᠶᠠᠮᠠᠷ ᠶᠠᠮᠠᠷ ᠠᠵᠢᠯ ᠥᠷᠨᠢᠭᠦᠯᠬᠦ ᠪᠣᠶ︖ |
ᠬᠠᠷᠢᠭᠤᠯᠬᠤ ᠨᠢ ᠄ ︽ᠲᠦᠷᠢᠮ︾ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ |
ᠬᠤᠯᠪᠣᠭᠳᠠᠯ ᠪᠥᠬᠦᠶ ᠲᠠᠯ᠎ᠠ ᠶᠢᠨ ᠬᠢᠨ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠃ ᠣᠯᠠᠨ |
ᠵᠦᠢᠯ ᠤᠨ ᠬᠡᠯᠪᠡᠷᠢ ᠪᠠᠷ ︽ᠲᠦᠷᠢᠮ︾ ᠢ ᠤᠬᠠᠭᠤᠯᠤᠨ ᠲᠠᠶᠢᠯᠪᠤᠷᠢᠯᠠᠬᠤ ᠪᠠ ᠪᠣᠯᠪᠠᠰᠤᠷᠠᠭᠤᠯᠬᠤ ᠵᠡᠷᠭᠡ ᠠᠵᠢᠯ ᠢ |
ᠰᠠᠶᠢᠲᠤᠷ ᠬᠢᠵᠦ᠂ ᠬᠤᠯᠪᠣᠭᠳᠠᠯ ᠪᠥᠬᠦᠶ ᠡᠯ᠎ᠡ ᠲᠠᠯ᠎ᠠ ᠶᠢᠨ ᠬᠢᠨ ᠳᠤ ︽ᠲᠦᠷᠢᠮ︾ ᠤᠨ ᠠᠭᠤᠯᠭ᠎ᠠ ᠶᠢ ᠭᠦᠢᠴᠡᠳ |
ᠮᠡᠳᠡᠭᠦᠯᠬᠦ ᠪᠠ ᠣᠨᠣᠪᠴᠢᠲᠠᠶ ᠡᠵᠡᠮᠰᠢᠭᠦᠯᠵᠦ᠂ ︽ᠲᠦᠷᠢᠮ︾ ᠢ ᠤᠷᠤᠭᠰᠢᠲᠠᠶ ᠬᠡᠷᠡᠭᠵᠢᠭᠦᠯᠬᠦ ᠳᠤ ᠰᠠᠶᠢᠨ ᠰᠠᠶᠢᠬᠠᠨ |
ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠬᠤᠶᠠᠷ ᠲᠤ᠂ ᠢᠵᠢ ᠪᠦᠷᠢᠳᠦᠭᠦᠯᠬᠦ ᠲᠦᠷᠢᠮ ᠤᠨ |
ᠪᠠᠶᠢᠭᠤᠯᠤᠯᠲᠠ ᠶᠢ ᠴᠠᠭ ᠲᠤᠬᠠᠶ ᠳᠤᠨᠢ ᠮᠥᠷᠳᠡᠨ ᠳᠠᠭᠠᠪᠠ᠃ ︽ᠲᠦᠷᠢᠮ︾ ᠳᠤ ᠤᠰᠤ ᠠᠷᠪᠢᠯᠠᠬᠤ |
ᠬᠠᠮᠢᠶᠠᠷᠤᠯᠲᠠ ᠶᠢᠨ ᠦᠨᠳᠦᠰᠦᠨ ᠲᠦᠷᠢᠮ ᠤᠨ ᠪᠣᠷᠣ ᠲᠥᠯᠥᠪ ᠢ ᠲᠣᠭᠲᠠᠭᠠᠵᠤ᠂ ᠨᠠᠩ ᠪᠣᠳᠠᠲᠠᠶ᠂ ᠠᠵᠢᠯᠯᠠᠭᠠᠨ ᠤ |
ᠴᠢᠨᠠᠷ ᠢᠶᠠᠷ ᠨᠠᠩ ᠴᠢᠩᠭ᠎ᠠ ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠭᠲᠠᠭᠠᠯ ᠢ ᠴᠠᠭ ᠲᠤᠬᠠᠶ ᠳᠤᠨᠢ ᠨᠡᠶᠢᠲᠡᠯᠡᠵᠦ᠂ |
ᠲᠦᠷᠢᠮ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ᠂ ︽ᠲᠦᠷᠢᠮ︾ ᠢ |
ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠶᠢ |
ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ |
ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠳᠤ ᠬᠢᠨᠠᠯᠲᠠ |
ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ |
ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨᠬᠦ ᠰᠠᠶᠢᠲᠤᠷ |
ᠬᠢᠬᠦ ᠬᠡᠷᠡᠭᠲᠡᠢ᠃ |
|
︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ 2024 ᠣᠨ ᠤ 3 |
ᠳ᠋ᠤᠭᠠᠷ ᠰᠠᠷ᠎ᠠ ᠶᠢᠨ 22 ᠤᠨ ᠡᠳᠦᠷ 5537 ᠳ᠋ᠤᠭᠠᠷ ᠬᠤᠭᠤᠴᠠᠭ᠎ᠠ |
|