ᠡᠯ᠎ᠡ ᠬᠤᠯᠪᠣᠭᠳᠠᠯ ᠪᠦᠬᠦᠢ ᠨᠢᠭᠡᠴᠢ᠄ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ︽ |
2024 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ |
ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ |
ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ |
ᠲᠥᠯᠥᠪᠯᠡᠭᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠤᠰᠤᠨ ᠲᠡᠭᠡᠭᠡᠪᠦᠷᠢ ᠬᠠᠮᠢᠶᠠᠷᠤᠯᠲᠠ ﹇2024﹈ 22 |
ᠳ᠋ᠤᠭᠠᠷ ᠲᠣᠭᠠᠲᠤ︶ ᠢ ᠦᠨᠳᠦᠰᠦᠯᠡᠨ᠂ ᠣᠲᠣ 2024 ᠣᠨ ᠤ ᠨᠢᠭᠡᠳᠦᠭᠡᠷ ᠪᠦᠯᠦᠭ ᠤᠨ ᠤᠰᠤᠨ ᠠᠰᠢᠭᠯᠠᠯᠲᠠ |
ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ |
ᠲᠦᠰᠦᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ |
ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ |
ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ |
ᠨᠢᠭᠡ᠂ ᠰᠢᠯᠭᠠᠯᠲᠠ ᠪᠠᠷ ᠨᠡᠷ᠎ᠡ ᠮᠡᠳᠡᠭᠦᠯᠬᠦ ᠵᠣᠬᠢᠶᠠᠨ ᠪᠠᠶᠢᠭᠤᠯᠤᠯᠲᠠ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ |
ᠦᠢᠯᠡᠴᠢᠯᠡᠭᠡᠨ ᠤ ᠲᠥᠪ ︵ᠳᠣᠷᠣᠭᠰᠢ ᠰᠢᠯᠭᠠᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ |
ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠬᠤᠶᠠᠳᠤᠭᠠᠷ ᠳᠡᠰ ︵ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ᠂ |
ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠲᠠᠢ |
ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ ᠡᠭᠦᠷᠭᠡᠯᠡᠨ᠎ᠡ᠃ |
ᠬᠤᠶᠠᠷ᠂ ᠨᠡᠷ᠎ᠡ ᠮᠡᠳᠡᠭᠦᠯᠬᠦ ᠴᠠᠭ |
2024 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ 09᠄ 00 ᠴᠠᠭ ᠠᠴᠠ 6 ᠳ᠋ᠤᠭᠠᠷ ᠰᠠᠷ᠎ᠠ ᠶᠢᠨ |
7 ᠤ ᠡᠳᠦᠷ ᠤᠨ 17᠄ 00 ᠴᠠᠭ᠃ |
ᠭᠤᠷᠪᠠ᠂ ᠨᠡᠷ᠎ᠡ ᠮᠡᠳᠡᠭᠦᠯᠬᠦ ᠬᠡᠪᠴᠢᠶ᠎ᠡ ᠵᠢᠴᠢ ᠠᠷᠭ᠎ᠠ ᠮᠠᠶ᠋ᠢᠭ |
1. ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ |
ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵A ᠲᠥᠷᠥᠯ︶᠂ ᠲᠥᠷᠥᠯ ᠵᠦᠢᠯ ᠤᠨ ᠬᠠᠷᠢᠭᠤᠴᠠᠯᠭᠠᠲᠠᠨ ︵ |
B ᠲᠥᠷᠥᠯ︶᠂ ᠲᠤᠰᠬᠠᠶ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠦᠮᠦᠰ ︵C ᠲᠥᠷᠥᠯ︶ |
ᠦᠨᠡᠮᠯᠡᠯ ᠤᠨ ᠬᠠᠮᠢᠶ᠎ᠠ ᠪᠦᠬᠦᠢ ᠠᠵᠢᠯ ᠡᠷᠬᠢᠯᠡᠭᠰᠡᠳ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ ᠢ |
ᠦᠷᠭᠦᠯᠵᠢᠯᠡᠭᠦᠯᠬᠦ ᠬᠥᠮᠥᠨ ᠲᠤᠰ ᠤᠳᠠᠭᠠᠨ ᠤ ᠰᠢᠯᠭᠠᠯᠲᠠ ᠳᠤ ᠣᠷᠣᠯᠴᠠᠬᠤ ᠦᠭᠡᠢ᠃ |
2. ᠨᠡᠷ᠎ᠡ ᠮᠡᠳᠡᠭᠦᠯᠦᠭᠰᠡᠨ ᠬᠦᠮᠦᠰ ︽ᠥᠪᠥᠷ ᠮᠣᠩᠭᠤᠯ ᠤᠨ 2024 ᠣᠨ ᠤ ᠨᠢᠭᠡᠳᠦᠭᠡᠷ ᠪᠦᠯᠦᠭ ᠤᠨ |
ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢᠨ ᠨᠡᠷ᠎ᠡ ᠮᠡᠳᠡᠭᠦᠯᠬᠦ |
ᠬᠦᠰᠦᠨᠦᠭᠲᠦ︾ ︵ᠳᠠᠭᠠᠯᠳᠤᠭᠤᠯᠤᠯ ᠳᠤ ᠨᠠᠷᠢᠨ ᠦᠵᠡᠭᠡᠷᠡᠶ︶ ᠶᠢ ᠲᠠᠭᠯᠠᠵᠤ᠂ ᠪᠠᠶᠢᠭ᠎ᠠ ᠨᠢᠭᠡᠴᠢ ᠠᠴᠠ ᠪᠠᠨ |
ᠬᠤᠷᠢᠶᠠᠩᠭᠤᠶᠢᠯᠠᠭᠰᠠᠨ ᠤ ᠳᠠᠷᠠᠭ᠎ᠠ nmgslagbaoming@126.com ᠰᠢᠤᠳᠠᠨ ᠤ ᠬᠠᠶᠢᠷᠴᠠᠭ ᠲᠤ |
ᠢᠯᠡᠭᠡᠭᠡᠷᠡᠢ᠃ |
ᠳᠥᠷᠪᠡ᠂ ᠰᠢᠯᠭᠠᠯᠲᠠ ᠶᠢᠨ ᠴᠠᠭ ᠬᠤᠭᠤᠴᠠᠭ᠎ᠠ ᠵᠢᠴᠢ ᠭᠠᠵᠠᠷ ᠣᠷᠣᠨ |
ᠰᠢᠯᠭᠠᠯᠲᠠ ᠶᠢᠨ ᠴᠠᠭ᠄ 2024 ᠣᠨ ᠤ 6 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ |
9᠄ 00 — 11᠄ 30 |
ᠰᠢᠯᠭᠠᠯᠲᠠ ᠶᠢᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ |
ᠢᠦ᠋ᠢᠴᠢᠤᠸᠠᠨ ᠲᠣᠭᠤᠷᠢᠭ ᠤᠨ ᠰᠢᠯᠢᠨ ᠡᠮᠦᠨ᠎ᠡ ᠵᠠᠮ ᠤᠨ ᠶᠡᠭᠡ ᠹᠧᠢ ᠼᠦᠢ ᠬᠤᠲᠠ ᠶᠢᠨ 10 ᠳ᠋ᠤᠭᠠᠷ ᠠᠰᠠᠷ |
ᠲᠡᠷᠭᠡᠨ ᠳᠤ ᠰᠠᠭᠤᠬᠤ ᠱᠤᠭᠤᠮ᠄ 20 ᠵᠠᠮ᠂ 26 ᠵᠠᠮ᠂ 84 ᠵᠠᠮ᠂ 208 ᠵᠠᠮ ᠤᠨ ᠲᠣᠭᠤᠷᠢᠯ |
ᠱᠤᠭᠤᠮ ᠢ ᠪᠠᠭᠲᠠᠭᠠᠭᠰᠠᠨ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠣᠭᠤᠷᠢᠭ ᠤᠨ ᠨᠡᠶᠢᠲᠡ ᠶᠢᠨ ᠮᠠᠰᠢᠨ |
ᠲᠡᠷᠭᠡᠨ ᠤ ᠥᠷᠲᠡᠭᠡ ᠳᠤ ᠲᠡᠷᠭᠡᠨ ᠠᠴᠠ ᠪᠠᠨ ᠪᠠᠭᠤᠵᠤ᠂ ᠭᠠᠵᠠᠷ ᠳᠣᠣᠷᠠᠬᠢ ᠲᠡᠮᠦᠷ ᠵᠠᠮ ᠤᠨ 2 ᠳ᠋ᠤᠭᠠᠷ ᠱᠤᠭᠤᠮ ᠢ |
ᠪᠠᠭᠲᠠᠭᠠᠭᠰᠠᠨ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠲᠣᠭᠤᠷᠢᠭ ᠤᠨ ᠭᠠᠵᠠᠷ ᠳᠣᠣᠷᠠᠬᠢ ᠲᠡᠮᠦᠷ ᠵᠠᠮ ᠤᠨ |
ᠥᠷᠲᠡᠭᠡ ᠳᠤ ᠪᠠᠭᠤᠵᠤ ᠪᠣᠯᠣᠨ᠎ᠠ᠃ |
ᠲᠠᠪᠤ᠂ ᠰᠢᠯᠭᠠᠭᠤᠯᠬᠤ ᠦᠨᠡᠮᠯᠡᠯ ᠨᠢ ᠪᠠᠭᠤᠯᠭᠠᠵᠤ ᠳᠠᠷᠤᠮᠠᠯᠯᠠᠨ᠎ᠠ |
ᠰᠢᠯᠭᠠᠭᠤᠯᠤᠭᠴᠢ ᠶᠢᠨ ᠬᠤᠪᠢ ᠬᠥᠮᠦᠨ 2024 ᠣᠨ ᠤ 6 ᠳ᠋ᠤᠭᠠᠷ ᠰᠠᠷ᠎ᠠ ᠶᠢᠨ 22 ᠤᠨ ᠡᠳᠦᠷ ᠤᠨ 9᠄ |
00 ᠴᠠᠭ ᠠᠴᠠ 6 ᠳ᠋ᠤᠭᠠᠷ ᠰᠠᠷ᠎ᠠ ᠶᠢᠨ 27 ᠤ ᠡᠳᠦᠷ ᠤᠨ 9᠄ 00 ᠴᠠᠭ ᠲᠤ https://t.exam-sp. |
com/index.html#/e/NM202406/print ᠰᠦᠯᠵᠢᠶᠡᠨ ᠳᠤ ᠭᠠᠷᠴᠦ ᠦᠪᠡᠰᠦᠪᠡᠨ ᠪᠠᠭᠤᠯᠭᠠᠵᠤ |
ᠠᠪᠤᠨ᠎ᠠ᠃ |
ᠵᠢᠷᠭᠤᠭ᠎ᠠ᠂ ᠰᠢᠯᠭᠠᠯᠳᠠ ᠶᠢᠨ ᠠᠭᠤᠯᠭ᠎ᠠ |
ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠢ ᠦᠢᠯᠡᠳᠪᠦᠷᠢᠯᠡᠯ ᠤᠨ |
ᠰᠢᠯᠭᠠᠯᠲᠠ ᠶᠢᠨ ᠠᠭᠤᠯᠭ᠎ᠠ ᠳᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠪᠣᠯᠤᠨ ᠬᠠᠮᠢᠶᠠᠷᠤᠯᠲᠠ ᠶᠢᠨ ᠴᠢᠳᠠᠪᠤᠷᠢ |
ᠬᠤᠶᠠᠷ ᠬᠡᠰᠡᠭ ᠪᠠᠭᠲᠠᠨ᠎ᠠ᠃ |
ᠠᠶᠤᠯᠭᠦᠢ ᠦᠢᠯᠡᠳᠪᠦᠷᠢᠯᠡᠯ ᠤᠨ ᠮᠡᠳᠡᠯᠭᠡ ᠳᠤ᠄ ᠠᠶᠤᠯᠭᠦᠢ ᠦᠢᠯᠡᠳᠪᠦᠷᠢᠯᠡᠯ ᠤᠨ ᠠᠵᠢᠯ ᠤᠨ ᠦᠨᠳᠦᠰᠦᠨ |
ᠴᠢᠭᠯᠡᠯᠲᠡ ᠲᠥᠷᠥ ᠶᠢᠨ ᠪᠣᠳᠣᠯᠭ᠎ᠠ᠂ ᠠᠶᠤᠯᠭᠦᠢ ᠦᠢᠯᠡᠳᠪᠦᠷᠢᠯᠡᠯ ᠤᠨ ᠲᠠᠯ᠎ᠠ ᠶᠢᠨ ᠬᠠᠤᠯᠢ ᠴᠠᠭᠠᠵᠠ ᠬᠠᠤᠯᠢ |
ᠲᠣᠭᠲᠠᠭᠠᠯ᠂ ᠤᠯᠤᠰ ᠪᠣᠯᠤᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ |
ᠬᠤᠯᠪᠣᠭᠳᠠᠯ ᠪᠦᠬᠦᠢ ᠳᠦᠷᠢᠮ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤᠨ ᠠᠰᠢᠭᠯᠠᠯᠲᠠ ᠤᠰᠤᠨ |
ᠴᠠᠬᠢᠯᠭᠠᠨ ᠤ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠵᠡᠷᠭᠡ ᠪᠠᠭᠲᠠᠨ᠎ᠠ᠃ |
ᠬᠠᠮᠢᠶᠠᠷᠤᠯᠲᠠ ᠶᠢᠨ ᠴᠢᠳᠠᠪᠤᠷᠢ ᠳᠤ᠄ ᠠᠶᠤᠯᠭᠦᠢ ᠶᠢᠨ ᠡᠬᠢ ᠰᠤᠷᠪᠤᠯᠵᠢ ᠶᠢ ᠢᠯᠭᠠᠨ ᠲᠠᠨᠢᠵᠤ ᠦᠨᠡᠯᠡᠨ |
ᠵᠢᠱᠢᠬᠦ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠠᠳᠡᠯ ᠢ |
ᠮᠡᠳᠡᠭᠦᠯᠬᠦ ᠪᠠ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ |
ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ᠃ |
ᠰᠢᠯᠭᠠᠯᠲᠠ ᠶᠢᠨ ᠲᠥᠷᠥᠯ ᠵᠦᠢᠯ ᠪᠣᠯ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ |
ᠠᠵᠢᠯ ᠤᠨ ᠠᠵᠤ ᠠᠬᠤᠶᠢᠯᠠᠯ ᠪᠣᠯ ᠭᠤᠤᠯᠳᠠᠭᠤ ᠬᠥᠮᠦᠨ ᠲᠥᠷᠥᠯᠬᠢᠲᠡᠨ᠂ ᠲᠥᠷᠥᠯ ᠵᠦᠢᠯ ᠢ ᠬᠠᠷᠢᠭᠤᠴᠠᠵᠤ |
ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ |
ᠠᠵᠢᠯᠲᠠᠨ ᠤ ᠲᠥᠷᠥᠯ ᠭᠤᠷᠪᠠᠨ ᠲᠥᠷᠥᠯ ᠪᠣᠯᠤᠨ᠎ᠠ᠃ |
ᠳᠣᠯᠤᠭ᠎ᠠ᠂ ᠰᠢᠯᠭᠠᠯᠲᠠ ᠶᠢᠨ ᠬᠡᠯᠪᠡᠷᠢ ᠵᠢᠴᠢ ᠰᠡᠳᠦᠪ ᠤᠨ ᠬᠡᠯᠪᠡᠷᠢ |
ᠠᠶᠤᠯᠭᠦᠢ ᠦᠢᠯᠡᠳᠪᠦᠷᠢᠯᠡᠯ ᠤᠨ ᠰᠢᠯᠭᠠᠯᠳᠠ ᠳᠤ ᠺᠤᠮᠫᠢᠦ᠋ᠲ᠋ᠧᠷ ᠤᠨ ᠰᠢᠯᠭᠠᠯᠳᠠ ᠶᠢᠨ ᠠᠷᠭ᠎ᠠ ᠶᠢ ᠬᠡᠷᠡᠭᠯᠡᠵᠦ᠂ |
ᠰᠢᠯᠭᠠᠯᠳᠠ ᠶᠢᠨ ᠴᠠᠭ ᠨᠢ 150 ᠮᠢᠨᠦ᠋ᠲ ᠪᠤᠯᠤᠨ᠎ᠠ᠃ ᠰᠢᠯᠭᠠᠯᠲᠠ ᠳᠤ ᠪᠦᠷᠢᠨ ᠬᠤᠪᠢ ᠨᠢ 100 ᠬᠤᠪᠢ᠂ 60 |
ᠬᠤᠪᠢ ᠶᠢᠨ ᠬᠢᠷᠢ ᠲᠡᠩᠴᠡᠭᠰᠡᠨ ᠬᠢᠷᠢ ᠪᠦᠲᠦᠮᠵᠢ ᠠᠴᠠ ᠳᠣᠣᠷ᠎ᠠ ᠪᠠᠶᠢᠵᠤ ᠪᠣᠯᠬᠤ ᠦᠭᠡᠢ᠃ ᠰᠢᠯᠭᠠᠯᠲᠠ ᠶᠢᠨ |
ᠬᠠᠭᠤᠳᠠᠰᠤ ᠶᠢᠨ ᠰᠡᠳᠦᠪ ᠲᠤ ᠭᠠᠭᠴᠠ ᠰᠡᠳᠦᠪ ᠰᠣᠩᠭᠤᠬᠤ᠂ ᠣᠯᠠᠨ ᠰᠡᠳᠦᠪ ᠰᠣᠩᠭᠤᠬᠤ ᠪᠠ ᠮᠠᠭᠠᠳᠯᠠᠬᠤ |
ᠰᠡᠳᠦᠪ ᠵᠡᠷᠭᠡ ᠰᠡᠳᠦᠪ ᠪᠠᠭᠲᠠᠨ᠎ᠠ᠃ ᠬᠢᠷᠢ ᠲᠡᠩᠴᠡᠭᠰᠡᠨ ᠬᠥᠮᠦᠰ ᠢ ᠵᠠᠷᠯᠠᠨ ᠨᠡᠶᠢᠲᠡᠯᠡᠵᠦ ᠳᠠᠭᠤᠰᠤᠭᠰᠠᠨ ᠤ |
ᠳᠠᠷᠠᠭ᠎ᠠ᠂ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ 1 ᠵᠢᠯ ᠪᠣᠯᠤᠨ᠎ᠠ᠃ |
ᠨᠠᠢᠮᠠ᠂ ᠮᠡᠳᠡᠯᠭᠡ ᠶᠢᠨ ᠰᠢᠯᠭᠠᠯᠲᠠ ᠳᠤ ᠨᠡᠷ᠎ᠡ ᠮᠡᠳᠡᠭᠦᠯᠬᠦ |
︵ᠨᠢᠭᠡ︶ ᠰᠦᠢᠳᠬᠡᠯ ᠬᠤᠷᠢᠶᠠᠬᠤ ᠦᠭᠡᠢ ᠪᠠᠷ ᠨᠡᠷ᠎ᠡ ᠮᠡᠳᠡᠭᠦᠯᠬᠦ ᠳᠤ᠂ ᠰᠢᠯᠭᠠᠭᠤᠯᠤᠭᠴᠢ ᠵᠥᠪᠬᠡᠨ ᠨᠢᠭᠡ |
ᠲᠦᠷᠦᠯ ᠢᠶᠠᠷ ᠨᠡᠷ᠎ᠡ ᠮᠡᠳᠡᠭᠦᠯᠬᠦ ᠳᠤ ᠣᠷᠣᠯᠴᠠᠵᠤ᠂ ᠤᠯᠠᠨ ᠲᠦᠷᠦᠯ ᠢᠶᠠᠷ ᠨᠡᠷ᠎ᠡ ᠮᠡᠳᠡᠭᠦᠯᠬᠦ ᠶᠢ ᠴᠠᠭᠠᠵᠠᠯᠠᠨ᠎ᠠ᠃ |
︵ᠬᠤᠶᠠᠷ︶ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ ᠳᠠᠭᠠᠨ ᠡᠷᠬᠡᠪᠰᠢ ᠲᠦᠷᠢᠮ ᠲᠣᠭᠲᠠᠭᠠᠯ ᠢ |
ᠵᠢᠷᠤᠮᠯᠠᠬᠤ ᠬᠡᠷᠡᠭᠲᠡᠶ᠄ |
1. ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠰᠢᠯᠭᠠᠭᠤᠯᠬᠤ ᠪᠠᠷ ᠵᠥᠪᠰᠢᠶᠡᠷᠡᠭᠰᠡᠨ ᠦᠨᠡᠮᠯᠡᠯ ᠵᠡᠷᠭᠡ |
ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠯᠲᠠ ᠶᠢᠨ ᠲᠠᠯᠠᠪᠤᠷ ᠲᠤ ᠣᠷᠣᠨ᠎ᠠ᠃ ᠪᠡᠶ᠎ᠡ ᠶᠢᠨ |
ᠭᠠᠷᠤᠯ ᠤᠨ ᠰᠤᠷᠠᠭ ᠵᠠᠩᠭᠢ ᠶᠢ ᠨᠡᠷ᠎ᠡ ᠮᠡᠳᠡᠭᠦᠯᠬᠦ ᠦᠶ᠎ᠡ ᠲᠠᠢ ᠨᠢᠭᠡᠳᠦᠯᠲᠡᠢ ᠪᠠᠶᠢᠯᠭᠠᠬᠤ ᠬᠡᠷᠡᠭᠲᠡᠢ᠃ |
2. ᠰᠢᠯᠭᠠᠯᠲᠠ ᠬᠢᠭᠡᠳ 30 ᠮᠢᠨᠦ᠋ᠲ ᠤᠨ ᠳᠠᠷᠠᠭ᠎ᠠ ᠰᠢᠯᠭᠠᠯᠲᠠ ᠶᠢᠨ ᠲᠠᠯᠠᠪᠤᠷ ᠲᠤ ᠣᠷᠣᠬᠤ ᠶᠢ ᠡᠷᠡᠰ |
ᠴᠠᠭᠠᠵᠠᠯᠠᠬᠤ ᠬᠡᠷᠡᠭᠲᠡᠶ᠃ |
3. ᠰᠢᠯᠭᠠᠯᠲᠠ ᠶᠢᠨ ᠲᠠᠯᠠᠪᠠᠢ ᠶᠢᠨ ᠳᠦᠷᠢᠮ ᠢ ᠵᠢᠷᠤᠮᠯᠠᠵᠤ᠂ ᠰᠢᠯᠭᠠᠯᠲᠠ ᠶᠢᠨ ᠠᠵᠢᠯᠲᠠᠨ ᠤ |
ᠬᠠᠮᠢᠶᠠᠷᠤᠯᠲᠠ ᠶᠢ ᠳᠠᠭᠠᠵᠤ᠂ ᠰᠢᠯᠭᠠᠯᠲᠠ ᠶᠢᠨ ᠰᠡᠳᠦᠪ ᠶᠣᠰᠣᠭᠠᠷ ᠬᠠᠷᠢᠭᠤᠯᠲᠠ ᠥᠭᠬᠦ ᠱᠠᠭᠠᠷᠳᠠᠯᠭ᠎ᠠ ᠲᠠᠯᠪᠢᠨ᠎ᠠ᠃ |
︵ᠭᠤᠷᠪᠠ︶ ᠰᠢᠯᠭᠠᠯᠳᠠ ᠶᠢᠨ ᠠᠮᠤᠷ ᠲᠦᠪᠰᠢᠨ ᠢ ᠪᠠᠳᠤᠯᠠᠵᠦ᠂ ᠰᠢᠯᠭᠠᠯᠳᠠ ᠶᠢᠨ ᠡᠷᠬᠡ ᠲᠡᠭᠰᠢ ᠲᠦᠪ |
ᠭᠤᠤᠯᠴᠢ ᠪᠠᠶᠢᠬᠤ ᠶᠢ ᠬᠠᠮᠠᠭᠠᠯᠠᠬᠤ ᠶᠢᠨ ᠲᠦᠯᠦᠬᠡ᠂ ᠰᠢᠯᠭᠠᠯᠳᠠ ᠶᠢᠨ ᠪᠠᠶᠢᠭᠤᠯᠤᠮᠵᠢ ᠶᠢᠨ ᠠᠵᠢᠯᠳᠠᠨ |
ᠰᠢᠯᠭᠠᠯᠳᠠ ᠶᠢᠨ ᠶᠠᠪᠤᠴᠠ ᠳᠤ ᠲᠤᠤᠷᠠᠬᠢ ᠮᠡᠳᠦ ᠠᠷᠭ᠎ᠠ ᠬᠡᠮᠵᠢᠶ᠎ᠡ ᠶᠢ ᠠᠪᠴᠤ ᠪᠤᠯᠤᠨ᠎ᠠ᠄ |
1. ᠰᠢᠯᠭᠠᠭᠤᠯᠤᠭᠰᠠᠳ ᠤᠨ ᠰᠢᠯᠭᠠᠯᠲᠠ ᠶᠢᠨ ᠲᠠᠯᠠᠪᠤᠷ ᠲᠤ ᠣᠷᠣᠬᠤ ᠪᠤᠶᠤ ᠰᠢᠯᠭᠠᠯᠲᠠ ᠠᠴᠠ ᠰᠠᠯᠬᠤ ᠳᠤ |
ᠵᠢᠷᠤᠮᠵᠢᠯ ᠤᠨ ᠴᠢᠨᠠᠷᠲᠠᠶ ᠱᠠᠭᠠᠷᠳᠠᠯᠭ᠎ᠠ ᠳᠤᠷᠠᠳᠤᠨ᠎ᠠ᠃ |
2. ᠰᠢᠯᠭᠠᠭᠤᠯᠤᠭᠴᠢ ᠶᠢᠨ ᠪᠡᠶ᠎ᠡ ᠶᠢᠨ ᠦᠨᠡᠮᠯᠡᠯ᠂ ᠠᠪᠴᠤ ᠶᠠᠪᠤᠭ᠎ᠠ ᠪᠣᠳᠠᠰ ᠢ ᠪᠠᠶᠢᠴᠠᠭᠠᠨ ᠰᠢᠯᠭᠠᠵᠤ᠂ |
ᠴᠢᠬᠤᠯᠠᠲᠠᠶ ᠦᠶ᠎ᠡ ᠳᠤ ᠲᠤᠰᠬᠠᠶ ᠲᠥᠬᠦᠭᠡᠷᠦᠮᠵᠢ᠂ ᠲᠤᠰᠬᠠᠶ ᠮᠡᠷᠭᠡᠵᠢᠯ ᠤᠨ ᠠᠵᠢᠯᠲᠠᠨ ᠢ ᠠᠰᠢᠭᠯᠠᠨ ᠪᠠᠶᠢᠴᠠᠭᠠᠵᠤ |
ᠪᠣᠯᠤᠨ᠎ᠠ᠃ |
3. ᠰᠢᠯᠭᠠᠯᠲᠠ ᠳᠤ ᠬᠡᠮ ᠬᠢᠬᠦ ᠲᠥᠬᠦᠭᠡᠷᠦᠮᠵᠢ ᠶᠢ ᠬᠠᠤᠯᠢ ᠶᠣᠰᠣᠭᠠᠷ ᠬᠤᠷᠢᠶᠠᠨ ᠠᠪᠴᠤ᠂ |
ᠰᠢᠯᠭᠠᠭᠤᠯᠤᠭᠴᠢ ᠶᠢᠨ ᠲᠣᠭᠲᠠᠭᠠᠯ ᠠᠴᠠ ᠵᠥᠷᠢᠴᠡᠨ ᠠᠪᠴᠤ ᠪᠠᠶᠢᠭ᠎ᠠ ᠪᠠᠭᠠᠵᠢ᠂ ᠮᠠᠲ᠋ᠧᠷᠢᠶᠠᠯ ᠵᠡᠷᠭᠡ ᠪᠣᠳᠠᠰ ᠢ |
ᠲᠥᠪᠯᠡᠷᠡᠭᠦᠯᠦᠨ ᠬᠠᠳᠠᠭᠠᠯᠠᠬᠤ ᠬᠡᠷᠡᠭᠲᠡᠢ᠃ |
4. ᠰᠢᠯᠭᠠᠯᠲᠠ ᠶᠢᠨ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠪᠠ ᠰᠢᠯᠭᠠᠯᠲᠠ ᠶᠢ ᠵᠣᠬᠢᠶᠠᠨ ᠪᠠᠶᠢᠭᠤᠯᠵᠤ |
ᠬᠡᠷᠡᠭᠵᠢᠭᠦᠯᠬᠦ ᠶᠠᠪᠤᠴᠠ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠨ᠎ᠡ᠃ |
5. ᠪᠤᠰᠤᠳ ᠴᠢᠬᠤᠯᠠ ᠪᠦᠬᠦᠢ ᠠᠶᠤᠯᠭᠦᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ |
︵ᠲᠦᠷᠪᠡ︶ ᠰᠢᠯᠭᠠᠭᠤᠯᠤᠭᠰᠠᠳ ᠰᠢᠯᠭᠠᠯᠲᠠ ᠶᠢᠨ ᠶᠠᠪᠤᠴᠠ ᠳᠤ ᠰᠠᠬᠢᠯᠭ᠎ᠠ ᠪᠠᠲᠤ ᠪᠠ ᠲᠣᠭᠲᠠᠭᠠᠯ ᠠᠴᠠ |
ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠰᠢᠯᠭᠠᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ |
ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ᠃ |
︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠬᠦ ᠶᠢᠨ ᠲᠥᠯᠥᠭᠡ᠂ |
ᠰᠢᠯᠭᠠᠭᠤᠯᠤᠭᠴᠢ ᠰᠢᠯᠭᠠᠯᠲᠠ ᠶᠢᠨ ᠲᠣᠬᠢᠷᠠᠭᠤᠯᠤᠯᠲᠠ ᠶᠣᠰᠣᠭᠠᠷ ᠰᠢᠯᠭᠠᠯᠲᠠ ᠳᠤ ᠣᠷᠣᠯᠴᠠᠬᠤ ᠬᠡᠷᠡᠭᠲᠡᠶ᠂ ᠤᠴᠢᠷ |
ᠰᠢᠯᠲᠠᠭᠠᠨ ᠥᠬᠡᠶ ᠪᠠᠷ ᠰᠢᠯᠭᠠᠯᠲᠠ ᠳᠤ ᠳᠤᠲᠠᠭᠤ ᠪᠠᠶᠢᠵᠤ ᠪᠣᠯᠬᠤ ᠥᠬᠡᠶ᠂ ᠤᠴᠢᠷ ᠰᠢᠯᠲᠠᠭᠠᠨ ᠥᠬᠡᠶ ᠪᠠᠷ |
ᠰᠢᠯᠭᠠᠯᠲᠠ ᠳᠤ ᠳᠤᠲᠠᠭᠳᠠᠬᠤ ᠬᠥᠮᠦᠰ ᠲᠠᠷᠠᠭᠠᠴᠢ ᠶᠢᠨ ᠪᠦᠯᠦᠭ ᠤᠳᠠᠭ᠎ᠠ ᠶᠢᠨ ᠰᠢᠯᠭᠠᠯᠲᠠ ᠶᠢ ᠬᠢᠵᠠᠭᠠᠷᠯᠠᠬᠤ |
ᠪᠣᠯᠤᠨ᠎ᠠ᠃ |
ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠤᠨ ᠬᠠᠷᠢᠯᠴᠠᠬᠤ |
ᠬᠥᠮᠦᠨ᠄ |
ᠯᠢ ᡁᠢ ᠸᠧᠨ 0471 – 5259382 |
ᠮᠠ ᠮᠢᠩ 0471 – 5259319 |
ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ |
ᠭᠠᠵᠠᠷ ᠤᠨ ᠬᠠᠷᠢᠯᠴᠠᠬᠤ ᠬᠥᠮᠦᠨ᠄ |
ᠴᠧᠩ ᠭᠤᠸᠠᠩ ᠶᠤᠸᠠᠨ 0471 – 5259658 |
|
2024 ᠣᠨ ᠤ 5 ᠳ᠋ᠤᠭᠠᠷ ᠰᠠᠷ᠎ᠠ ᠶᠢᠨ 27 ᠤ ᠡᠳᠦᠷ |
|
|
ᠳᠠᠭᠠᠯᠳᠤᠭᠤᠯᠤᠯ᠄ ᠥᠪᠥᠷ ᠮᠣᠩᠭᠤᠯ ᠤᠨ 2024 ᠣᠨ ᠤ ᠠᠩᠬᠠᠳᠠᠭᠴᠢ ᠪᠦᠯᠦᠭ ᠤᠰᠤᠨ |
ᠠᠰᠢᠭᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢᠨ ᠮᠡᠳᠡᠭᠦᠯᠬᠦ ᠬᠦᠰᠦᠨᠦᠭᠲᠦ |
. xlsx |
|
|
|
|
|