ᠡᠯ᠎ᠡ ᠠᠶᠢᠮᠠᠭ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠲᠢᠩᠬᠢᠮ ᠤᠨ |
ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠳᠤ᠄ |
︽︿2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠶᠤᠯᠭᠦᠢ |
ᠦᠢᠯᠡᠳᠪᠦᠷᠢᠯᠡᠯ ᠤᠨ ᠰᠠᠷ᠎ᠠ﹀ ᠶᠢᠨ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ |
ᠮᠡᠳᠡᠭᠳᠡᠯ︾ ︵ᠥᠪᠥᠷ ᠠᠶᠤᠯᠭᠦᠢ ᠵᠥᠪᠯᠡᠯ ᠠᠯᠪᠠᠨ ﹇2024﹈ 34 ᠳ᠋ᠤᠭᠡᠷ ᠲᠣᠭᠠᠲᠤ︶ ︽ᠤᠰᠤᠨ |
ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠬᠢᠨᠠᠯᠲᠠ ᠲᠠᠯᠪᠢᠬᠤ ﹇2024﹈ |
175 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2024 ᠣᠨ ᠤ 6 ᠳ᠋ᠤᠭᠠᠷ ᠰᠠᠷ᠎ᠠ ᠳᠤ ᠪᠥᠬᠦ |
ᠣᠷᠣᠨ ᠤ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠲᠠᠢ |
ᠤᠶᠠᠯᠳᠤᠭᠤᠯᠤᠨ᠂ 2024 ᠣᠨ ᠤ 6 ᠳ᠋ᠤᠭᠠᠷ ᠰᠠᠷ᠎ᠠ ᠳᠤ ᠪᠥᠬᠦ ᠣᠷᠣᠨ ᠤ ᠤᠰᠤᠨ ᠠᠰᠢᠭᠯᠠᠯᠲᠠ ᠶᠢᠨ |
ᠰᠢᠰᠲ᠋ᠧᠮ ᠳᠤ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ |
ᠠᠷᠭᠠᠴᠠᠭᠠᠬᠤ — ᠠᠮᠢ ᠨᠠᠰᠤᠨ ᠤ ᠵᠠᠮ ᠢ ᠰᠢᠯᠤᠭᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠤᠰᠤᠨ |
ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ︵ᠠᠵᠢᠯᠯᠠᠭ᠎ᠠ ᠶᠢᠨ ᠲᠥᠰᠥᠯ ᠢ |
ᠳᠠᠭᠠᠯᠳᠤᠭᠤᠯᠤᠯ 1 ᠳᠤ ᠦᠵᠡ︶ ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠤᠷᠠᠬᠢ |
ᠮᠡᠲᠦ ᠮᠡᠳᠡᠭᠳᠡᠶ᠎ᠡ᠃ |
ᠨᠢᠭᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ |
ᠥᠭᠦᠯᠡᠯᠲᠡ ᠶᠢ ᠭᠦᠨᠵᠡᠭᠡᠢ ᠤᠬᠠᠭᠤᠯᠤᠨ ᠲᠤᠭᠤᠰᠢᠯᠠᠭᠤᠯᠬᠤ ᠬᠡᠷᠡᠭᠲᠡᠢ |
ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ |
ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ |
ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠤᠬᠠᠭᠤᠯᠤᠨ |
ᠲᠠᠶᠢᠯᠪᠤᠷᠢᠯᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠬᠤ ᠵᠡᠷᠭᠡ ᠬᠡᠯᠪᠡᠷᠢ ᠶᠢ ᠠᠪᠴᠤ᠂ ᠪᠠᠶᠢᠩᠭᠤ ᠶᠢᠨ |
ᠴᠢᠨᠠᠷᠲᠠᠢ᠂ ᠰᠢᠰᠲ᠋ᠧᠮᠲᠦ ᠴᠢᠨᠠᠷᠲᠠᠢ ᠪᠠᠷ ᠤᠬᠠᠭᠤᠯᠤᠨ ᠲᠤᠭᠤᠰᠢᠯᠠᠭᠤᠯᠬᠤ ᠪᠠ ᠭᠤᠣᠯ ᠰᠡᠳᠦᠪᠲᠦ ᠤᠬᠠᠭᠤᠯᠤᠨ |
ᠲᠠᠶᠢᠯᠪᠤᠷᠢᠯᠠᠬᠤ ᠠᠵᠢᠯᠯᠠᠭ᠎ᠠ ᠶᠢ ᠱᠠᠳᠤ ᠲᠦᠷᠦᠯ ᠬᠤᠪᠢᠶᠠᠨ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ |
ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠭᠤᠣᠯ ᠠᠭᠤᠯᠭ᠎ᠠ ᠶᠢ ᠪᠦᠬᠦ ᠲᠠᠯ᠎ᠠ ᠪᠠᠷ |
ᠣᠶᠢᠯᠠᠭᠠᠵᠤ᠂ ᠬᠥᠭᠵᠢᠯᠲᠡ ᠳᠤ ᠶᠠᠭᠠᠬᠢᠭᠰᠠᠨ ᠴᠤ ᠠᠮᠤᠷ ᠲᠦᠪᠰᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ |
ᠪᠣᠯᠭᠠᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃ ᠤᠰᠤᠨ ᠠᠰᠢᠭᠯᠠᠯᠲᠠ ᠶᠢᠨ ᠲᠢᠩᠬᠢᠮ ᠨᠢ ︽ᠨᠢᠭᠡᠳᠦᠭᠡᠷ |
ᠭᠠᠷ︾ ᠢ ᠵᠣᠬᠢᠶᠠᠨ ᠪᠠᠶᠢᠭᠤᠯᠤᠨ ᠠᠶᠤᠯᠭᠦᠢ ᠦᠢᠯᠡᠳᠪᠦᠷᠢᠯᠡᠯ ᠤᠨ ᠠᠵᠢᠯᠯᠠᠭ᠎ᠠ ᠶᠢᠨ ᠲᠤᠬᠠᠶ ᠶᠠᠷᠢᠯᠴᠠᠵᠤ᠂ |
ᠲᠢᠩᠬᠢᠮ ᠤᠨ ᠬᠠᠷᠢᠶ᠎ᠠ ᠨᠢᠭᠡᠴᠢ ᠪᠠ ᠠᠶᠢᠮᠠᠭ ᠬᠤᠲᠠ ᠶᠢᠨ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ |
ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠤᠨ ᠨᠡᠷ᠎ᠡ ᠪᠢᠴᠢᠭᠰᠡᠨ ᠵᠣᠬᠢᠶᠠᠯ ᠢ ᠡᠯᠰᠡᠨ |
ᠴᠤᠭᠯᠠᠭᠤᠯᠵᠤ᠂ ᠰᠢᠯᠢᠳᠡᠭ ᠢ ᠨᠢ ᠰᠣᠩᠭᠤᠵᠤ ︽ᠥᠪᠥᠷ ᠮᠣᠩᠭᠤᠯ ᠤᠨ ᠤᠰᠤᠨ ᠠᠰᠢᠭᠯᠠᠯᠲᠠ︾ ᠰᠡᠳᠬᠦᠯ᠂ |
ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠰᠦᠯᠵᠢᠶ᠎ᠡ ᠶᠢᠨ ᠲᠡᠭᠦᠪᠦᠷᠢ ᠳᠤ ᠨᠡᠶᠢᠲᠡᠯᠡᠨ᠎ᠡ᠃ |
ᠬᠤᠶᠠᠷ᠂ ᠠᠮᠢ ᠨᠠᠰᠤᠨ ᠤ ᠰᠠᠭᠠᠳ ᠥᠬᠡᠶ ᠨᠡᠪᠲᠡᠷᠡᠬᠦ ᠵᠠᠮ ᠤᠨ ᠤᠬᠠᠭᠤᠯᠭ᠎ᠠ ᠪᠠ ᠰᠣᠷᠢᠯᠲᠠ ᠶᠢ ᠵᠣᠬᠢᠶᠠᠨ |
ᠪᠠᠶᠢᠭᠤᠯᠤᠨ ᠥᠷᠨᠢᠭᠦᠯᠦᠨ᠎ᠡ |
ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ︽ᠠᠮᠢ ᠨᠠᠰᠤᠨ ᠤ ᠰᠠᠭᠠᠳ ᠦᠭᠡᠢ ᠨᠡᠪᠲᠡᠷᠡᠬᠦ ᠵᠠᠮ︾ ᠭᠡᠬᠦ |
ᠡᠨᠡᠬᠦ ᠭᠤᠣᠯ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠪᠠ ᠰᠣᠷᠢᠯᠲᠠ ᠶᠢ ᠵᠣᠬᠢᠶᠠᠨ |
ᠪᠠᠶᠢᠭᠤᠯᠤᠨ ᠥᠷᠨᠢᠭᠦᠯᠬᠦ ᠬᠡᠷᠡᠭᠲᠡᠢ᠃ ᠵᠠᠷᠯᠠᠯ᠂ ᠺᠠᠷᠲ᠋ᠤᠨ ᠵᠢᠷᠤᠭ᠂ ᠣᠬᠤᠷ ᠸᠢᠳᠢᠣ᠋ ᠵᠡᠷᠭᠡ ᠣᠯᠠᠨ ᠡᠰᠢᠵᠢᠭᠰᠡᠨ |
ᠬᠡᠯᠪᠡᠷᠢ ᠶᠢ ᠭᠦᠢᠴᠡᠳ ᠠᠰᠢᠭᠯᠠᠨ᠂ ᠠᠮᠢ ᠨᠠᠰᠤᠨ ᠤ ᠵᠠᠮ ᠤᠨ ᠲᠡᠮᠳᠡᠭ ᠤᠨ ᠠᠭᠤᠯᠭ᠎ᠠ ᠪᠠ ᠢᠯᠭᠠᠨ ᠲᠠᠨᠢᠬᠤ |
ᠠᠷᠭ᠎ᠠ ᠶᠢ ᠲᠠᠶᠢᠯᠪᠤᠷᠢᠯᠠᠵᠤ᠂ ᠰᠠᠭᠠᠳ ᠦᠭᠡᠢ ᠨᠡᠪᠲᠡᠷᠡᠬᠦ ᠶᠢᠨ ᠴᠢᠬᠤᠯᠠ ᠴᠢᠨᠠᠷ ᠪᠠ ᠬᠠᠤᠯᠢ ᠴᠠᠭᠠᠵᠠ ᠶᠢᠨ |
ᠬᠠᠷᠢᠭᠤᠴᠠᠯᠭ᠎ᠠ ᠶᠢ ᠪᠠᠲᠤᠯᠠᠵᠤ᠂ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠣᠯᠠᠨ |
ᠶᠠᠩᠵᠤ ᠶᠢᠨ ᠠᠴᠢᠶᠠᠯᠠᠪᠤᠷᠢ ᠪᠠᠷ ᠳᠠᠮᠵᠢᠭᠤᠯᠤᠨ ᠥᠷᠭᠡᠨ ᠢᠶᠠᠷ ᠤᠯᠠᠮᠵᠢᠯᠠᠵᠤ᠂ ︽ᠠᠮᠢ ᠨᠠᠰᠤᠨ ᠤ ᠰᠠᠭᠠᠳ ᠦᠭᠡᠢ |
ᠨᠡᠪᠲᠡᠷᠡᠬᠦ ᠵᠠᠮ︾ ᠤᠨ ᠤᠬᠠᠭᠤᠯᠭ᠎ᠠ ᠶᠢᠨ ᠬᠡᠪᠴᠢᠶ᠎ᠡ᠂ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠠᠶᠤᠯᠭᠦᠢ |
ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠹᠢᠯᠢᠮ |
ᠵᠡᠷᠭᠡ ᠶᠢ ᠵᠣᠬᠢᠶᠠᠨ ᠪᠠᠶᠢᠭᠤᠯᠤᠨ ᠦᠵᠡᠵᠦ᠂ ᠪᠣᠳᠠᠲᠠᠶ ᠲᠠᠢ ᠪᠠᠨ ᠤᠶᠠᠯᠳᠤᠭᠤᠯᠤᠨ ᠪᠠᠴᠢᠮ ᠪᠠᠶᠢᠳᠠᠯ ᠢ ᠠᠷᠭᠠᠴᠠᠭᠠᠨ |
ᠲᠠᠷᠬᠠᠭᠠᠵᠤ ᠵᠠᠶᠢᠯᠠᠭᠤᠯᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠭᠠᠨ ᠠᠶᠤᠯ ᠠᠴᠠ ᠵᠠᠶᠢᠯᠠᠵᠤ ᠠᠮᠢ ᠵᠢᠭᠤᠲᠠᠬᠤ |
ᠮᠡᠳᠡᠯᠭᠡ ᠶᠢᠨ ᠪᠣᠯᠪᠠᠰᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ |
ᠠᠷᠭᠠᠴᠠᠭᠠᠨ ᠲᠠᠷᠬᠠᠭᠠᠵᠤ ᠵᠠᠶᠢᠯᠠᠭᠤᠯᠬᠤ ᠮᠡᠳᠡᠯᠭᠡ ᠬᠢᠭᠡᠳ ᠮᠡᠷᠭᠡᠵᠢᠯ ᠴᠢᠳᠠᠪᠤᠷᠢ ᠶᠢ ᠤᠬᠠᠭᠤᠯᠤᠨ᠂ ᠠᠶᠤᠯ ᠠᠴᠠ |
ᠵᠠᠶᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠣᠭᠲᠠᠴᠠ ᠶᠢ ᠭᠦᠢᠴᠡᠳ |
ᠬᠡᠷᠡᠭᠯᠡᠨ᠂ ᠥᠷᠭᠡᠨ ᠣᠯᠠᠨ ᠲᠦᠮᠡᠨ ᠤ ᠳᠡᠷᠭᠡᠳᠡᠬᠢ ᠢᠨᠵᠧᠨᠧᠷᠢᠩ ᠤᠨ ᠠᠮᠤᠷ ᠲᠦᠪᠰᠢᠨ᠂ ᠦᠶᠡᠷ ᠢ ᠰᠡᠷᠭᠡᠶᠢᠯᠡᠬᠦ |
ᠠᠮᠤᠷ ᠲᠦᠪᠰᠢᠨ᠂ ᠤᠰᠤ ᠲᠠᠯᠪᠢᠬᠤ ᠠᠮᠤᠷ ᠲᠦᠪᠰᠢᠨ᠂ ᠬᠥᠮᠦᠨ ᠣᠯᠠᠨ ᠴᠤᠭᠯᠠᠷᠠᠬᠤ ᠭᠠᠵᠠᠷ ᠤᠨ ᠠᠮᠤᠷ |
ᠲᠦᠪᠰᠢᠨ ᠤ ᠳᠠᠯᠳᠠ ᠭᠡᠮ ᠢ ᠢᠳᠡᠪᠬᠢᠲᠡᠶ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠣᠯᠠᠨ ᠨᠡᠶᠢᠲᠡ ᠶᠢᠨ ᠠᠮᠤᠷ |
ᠲᠦᠪᠰᠢᠨ ᠤ ᠱᠦᠭᠯᠦ ᠦᠯᠢᠶᠡᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠶᠠᠭᠠᠷᠠᠯᠲᠠᠢ |
ᠲᠣᠬᠢᠶᠠᠯᠳᠤᠯ ᠳᠤ ᠬᠠᠷᠢᠭᠤ ᠠᠷᠭ᠎ᠠ ᠬᠡᠮᠵᠢᠶ᠎ᠡ ᠠᠪᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ |
ᠭᠤᠷᠪᠠ᠂ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠠᠮᠢᠶᠠᠷᠤᠨ |
ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠶᠢᠨ ᠭᠤᠤᠯ ᠰᠡᠳᠦᠪᠲᠦ ᠤᠬᠠᠭᠤᠯᠭ᠎ᠠ ᠶᠢ ᠵᠣᠬᠢᠶᠠᠨ ᠪᠠᠶᠢᠭᠤᠯᠤᠨ |
ᠥᠷᠨᠢᠭᠦᠯᠦᠨ᠎ᠡ |
ᠡᠯ᠎ᠡ ᠭᠠᠵᠠᠷ ᠣᠷᠣᠨ ᠡᠯ᠎ᠡ ᠨᠢᠭᠡᠴᠢ ᠨᠦᠭᠦᠳ ᠬᠠᠷᠢᠶᠠᠯᠠᠯ ᠤᠨ ᠬᠡᠪᠴᠢᠶᠡᠨ ᠳᠣᠲᠣᠷᠠᠬᠢ ᠤᠰᠤᠨ |
ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ ᠤᠯᠠᠨ ᠬᠡᠯᠪᠡᠷᠢ ᠶᠢᠨ |
ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠤᠰᠤᠨ ᠠᠰᠢᠭᠯᠠᠯᠲᠠ ᠶᠢᠨ ᠦᠢᠯᠡᠳᠪᠦᠷᠢᠯᠡᠯ |
ᠡᠵᠡᠩᠨᠡᠯᠲᠡ ᠶᠢᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠢ ︽ᠠᠶᠤᠯᠭᠦᠢ ᠦᠢᠯᠡᠳᠪᠦᠷᠢᠯᠡᠯ ᠢ ᠤᠯᠠᠨ ᠢᠶᠠᠷ ᠢᠶᠠᠨ |
ᠶᠠᠷᠢᠯᠴᠠᠬᠤ︾᠂ ︽ᠠᠵᠢᠯ ᠠᠴᠠ ᠡᠮᠦᠨᠡᠬᠢ ᠬᠤᠷᠠᠯ︾᠂ ︽ᠬᠡᠷᠡᠭ ᠢᠶᠠᠷ ᠬᠠᠤᠯᠢ ᠴᠠᠭᠠᠵᠠ ᠶᠢ ᠲᠦᠭᠡᠮᠡᠯᠵᠢᠭᠦᠯᠬᠦ︾ |
ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠶᠠᠷᠢᠬᠤ᠂ |
ᠲᠤᠰᠬᠠᠢ ᠮᠡᠷᠭᠡᠵᠢᠯᠲᠡᠨ ᠡᠷᠳᠡᠮᠲᠡᠨ ᠭᠦᠨᠵᠡᠭᠡᠢ ᠶᠠᠷᠢᠬᠤ᠂ ᠨᠢᠭᠡᠳᠦᠭᠡᠷ ᠹᠷᠣᠨᠲ ᠤᠨ ᠠᠵᠢᠯᠲᠠᠳ ᠬᠠᠷᠢᠯᠴᠠᠨ |
ᠬᠥᠳᠡᠯᠦᠯᠴᠡᠬᠦ ᠪᠠᠷ ᠳᠠᠮᠵᠢᠭᠤᠯᠵᠤ᠂ ᠠᠶᠤᠯᠭᠦᠢ ᠦᠢᠯᠡᠳᠪᠦᠷᠢᠯᠡᠯ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ |
ᠠᠶᠤᠯᠭᠦᠢ ᠦᠢᠯᠡᠳᠪᠦᠷᠢᠯᠡᠯ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠰᠠᠶᠢᠨ ᠰᠠᠶᠢᠬᠠᠨ ᠠᠭᠤᠷ ᠠᠮᠢᠰᠬᠤᠯ ᠢ |
ᠪᠤᠢ ᠪᠣᠯᠭᠠᠬᠤ ᠬᠡᠷᠡᠭᠲᠡᠢ᠃ ᠪᠦᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠺᠠᠳ᠋ᠷ ᠪᠣᠯᠤᠨ |
ᠠᠵᠢᠯᠳᠠᠨ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠠᠮᠢᠶᠠᠷᠤᠨ |
ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠶᠢᠨ ᠰᠦᠯᠵᠢᠶᠡᠨ ᠤ ᠰᠡᠳᠦᠪ ᠬᠠᠷᠢᠭᠤᠯᠬᠤ ᠠᠵᠢᠯᠯᠠᠭ᠎ᠠ ᠳᠤ |
ᠢᠳᠡᠪᠬᠢᠲᠡᠢ ᠣᠷᠣᠯᠴᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ |
ᠡᠷᠬᠢᠯᠡᠭᠰᠡᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ |
ᠳᠥᠷᠪᠡ᠂ ︽ᠠᠶᠤᠯᠭᠦᠢ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ︾ ᠤᠨ ᠠᠵᠢᠯᠯᠠᠭ᠎ᠠ ᠶᠢ ᠵᠣᠬᠢᠶᠠᠨ |
ᠪᠠᠶᠢᠭᠤᠯᠤᠨ ᠥᠷᠨᠢᠭᠦᠯᠬᠦ ᠬᠡᠷᠡᠭᠲᠡᠶ |
ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠠᠮᠤᠷ |
ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ |
ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠠᠮᠢ |
ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠠᠮᠤᠷ |
ᠲᠦᠪᠰᠢᠨ ᠤ ᠰᠠᠨᠠᠭᠠᠴᠢᠯᠠᠭ᠎ᠠ᠂ ᠠᠮᠤᠷ ᠲᠦᠪᠰᠢᠨ ᠤ ᠲᠠᠩᠭᠠᠷᠢᠭᠯᠠᠬᠤ᠂ ᠠᠮᠤᠷ ᠲᠦᠪᠰᠢᠨ ᠤ ᠦᠵᠡᠰᠬᠦᠯᠡᠩ᠂ ᠠᠮᠤᠷ |
ᠲᠦᠪᠰᠢᠨ ᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠥᠷᠨᠢᠭᠦᠯᠵᠦ᠂ ᠨᠡᠶᠢᠭᠡᠮ |
ᠨᠡᠶᠢᠲᠡ ᠪᠠᠷ ᠢᠶᠠᠨ ᠠᠩᠬᠠᠷᠴᠤ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ |
ᠪᠣᠶ ᠪᠣᠯᠭᠠᠬᠤ ᠬᠡᠷᠡᠭᠲᠡᠶ᠃ 6 ᠳ᠋ᠤᠭᠠᠷ ᠰᠠᠷ᠎ᠠ ᠶᠢᠨ 16 ᠤ ᠡᠳᠦᠷ᠂ ᠪᠦᠬᠦ ᠣᠷᠣᠨ ᠤ ᠤᠰᠤᠨ ᠠᠰᠢᠭᠯᠠᠯᠲᠠ ᠶᠢᠨ |
ᠠᠵᠢᠯ ᠲᠦᠷᠦᠯ ᠤᠨ ᠠᠵᠢᠯᠲᠠᠳ ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠨᠡᠶᠢᠲᠡ ᠶᠢᠨ |
ᠠᠰᠠᠷᠠᠮᠵᠢ ᠶᠢᠨ ᠲᠠᠶᠢᠯᠤᠮᠵᠢ ᠳᠤ ᠢᠳᠡᠪᠬᠢᠲᠡᠢ ᠣᠷᠣᠯᠴᠠᠵᠤ᠂ ᠤᠰᠤᠨ ᠠᠰᠢᠭᠯᠠᠯᠲᠠ ᠶᠢᠨ ᠠᠶᠤᠯᠭᠦᠢ |
ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ |
ᠪᠣᠯᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ |
ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢᠨ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠬᠤ |
ᠬᠡᠷᠡᠭᠲᠡᠢ᠃ |
ᠲᠠᠪᠤ᠂ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯ ᠢ ᠦᠷᠭᠦᠯᠵᠢᠯᠡᠨ |
ᠠᠬᠢᠭᠤᠯᠤᠨ᠎ᠠ |
ᠡᠯ᠎ᠡ ᠭᠠᠵᠠᠷ ᠣᠷᠣᠨ ᠡᠯ᠎ᠡ ᠨᠢᠭᠡᠴᠢ ᠶᠢᠨ ᠬᠢᠨ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠶᠢ |
ᠣᠷᠣᠭᠤᠯᠬᠤ︾ ᠠᠵᠢᠯ ᠢ ᠢᠳᠡᠪᠬᠢᠲᠡᠢ ᠠᠬᠢᠭᠤᠯᠵᠤ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ |
ᠪᠣᠳᠠᠲᠠᠢ ᠲᠠᠢ ᠤᠶᠠᠯᠳᠤᠭᠤᠯᠤᠨ ᠠᠮᠤᠷ ᠲᠦᠪᠰᠢᠨ ᠤ ᠤᠬᠠᠭᠤᠯᠭ᠎ᠠ ᠶᠢ ᠢᠨᠵᠧᠨᠧᠷᠢᠩ᠂ ᠦᠷᠳᠡᠭᠡ ᠭᠠᠵᠠᠷ ᠲᠤ |
ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠨᠢᠭᠡᠴᠢ ᠳᠤ ᠣᠷᠣᠭᠤᠯᠬᠤ᠂ ᠦᠨᠳᠦᠰᠦᠨ ᠱᠠᠲᠤᠨ ᠳᠤ |
ᠣᠷᠣᠭᠤᠯᠬᠤ ᠵᠡᠷᠭᠡ ᠠᠵᠢᠯ ᠢ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ |
ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ |
ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠢᠯᠡᠳᠪᠦᠷᠢᠯᠡᠯ ᠤᠨ |
ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠠᠶᠢᠲᠤᠷ |
ᠵᠣᠬᠢᠶᠠᠨ ᠪᠠᠶᠢᠭᠤᠯᠤᠨ ᠰᠠᠶᠢᠲᠤᠷ ᠬᠡᠷᠡᠭᠯᠡᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠳᠦᠭᠡᠨ |
ᠪᠠᠶᠢᠭᠤᠯᠤᠯᠲᠠ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭ᠎ᠠ᠂ ᠤᠰᠤᠨ ᠰᠢᠨᠵᠢᠯᠡᠭᠡᠨ ᠤ ᠬᠢᠨᠠᠨ |
ᠬᠡᠮᠵᠢᠯᠲᠡ᠂ ᠤᠰᠤᠨ ᠠᠰᠢᠭᠯᠠᠯᠲᠠ ᠶᠢᠨ ᠬᠠᠶᠢᠨ ᠬᠡᠮᠵᠢᠯᠲᠡ ᠵᠢᠷᠤᠭ ᠲᠥᠯᠥᠪᠯᠡᠭᠡ᠂ ᠤᠰᠤᠨ ᠠᠰᠢᠭᠯᠠᠯᠲᠠ ᠶᠢᠨ |
ᠰᠢᠨᠵᠢᠯᠡᠬᠦ ᠤᠬᠠᠭᠠᠨᠴᠢ ᠲᠤᠷᠰᠢᠯᠲᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠴᠢᠭᠯᠡᠭᠦᠯᠦᠨ ᠠᠮᠤᠷ ᠲᠦᠪᠰᠢᠨ ᠤ |
ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠠᠶᠤᠯ |
ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠥᠬᠦ ᠣᠷᠣᠨ ᠤ |
ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠵᠢᠯᠯᠠᠵᠤ ᠪᠠᠶᠢᠭ᠎ᠠ ᠬᠥᠮᠦᠰ ︽ᠱᠦᠢ ᠠᠨ ᠵᠠᠩᠵᠤᠨ︾ ᠤ |
ᠰᠣᠨᠢᠷᠬᠠᠯᠲᠤ ᠮᠡᠳᠡᠯᠭᠡ ᠶᠢᠨ ᠰᠦᠯᠵᠢᠶᠡᠨ ᠤ ᠤᠷᠤᠯᠳᠤᠭᠠᠨ ᠤ ᠠᠵᠢᠯᠯᠠᠭ᠎ᠠ ᠪᠠ ᠤᠰᠤᠨ ᠠᠰᠢᠭᠯᠠᠯᠲᠠ ᠶᠢᠨ ᠠᠶᠤᠯᠭᠦᠢ |
ᠦᠢᠯᠡᠳᠪᠦᠷᠢᠯᠡᠯ ᠤᠨ ᠬᠡᠷᠡᠭ ᠤᠨ ᠵᠢᠱᠢᠶ᠎ᠡ ᠶᠢ ᠸᠢᠳᠢᠤ᠋ ᠪᠠᠷ ᠵᠣᠬᠢᠶᠠᠨ ᠪᠦᠲᠦᠭᠡᠵᠦ ᠴᠤᠭᠯᠠᠭᠤᠯᠬᠤ ᠠᠵᠢᠯᠯᠠᠭ᠎ᠠ ᠳᠤ |
ᠢᠳᠡᠪᠬᠢᠲᠡᠶ ᠣᠷᠣᠯᠴᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠵᠤ |
ᠠᠪᠤᠷᠠᠨ ᠲᠤᠰᠠᠯᠠᠬᠤ᠂ ᠠᠶᠤᠯ ᠠᠴᠠ ᠵᠠᠶᠢᠯᠠᠵᠤ ᠠᠮᠢ ᠵᠢᠭᠤᠲᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ᠂ |
ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠳᠤ ᠠᠩᠬᠠᠷᠤᠯ ᠢᠶᠠᠨ |
ᠲᠥᠪᠯᠡᠷᠡᠭᠦᠯᠵᠦ᠂ ᠪᠥᠬᠦ ᠣᠷᠣᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠵᠢᠯ ᠡᠷᠭᠢᠯᠡᠭᠰᠡᠳ ᠤᠨ |
ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ |
ᠲᠢᠩᠬᠢᠮ ᠤᠨ ᠬᠠᠷᠢᠶ᠎ᠠ ᠡᠯ᠎ᠡ ᠨᠢᠭᠡᠴᠢ᠂ ᠡᠯ᠎ᠡ ᠠᠶᠢᠮᠠᠭ ᠬᠤᠲᠠ ᠶᠢᠨ ᠤᠰᠤᠨ ᠤ ᠶᠠᠪᠤᠳᠠᠯ ᠤᠨ ᠵᠠᠰᠠᠭ |
ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ |
︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ |
ᠬᠦ ᠴᠢᠩᠭᠠᠳᠬᠠᠵᠤ᠂ ᠬᠠᠷᠢᠶᠠᠯᠠᠬᠤ ᠬᠡᠪᠴᠢᠶᠡᠨ ᠳᠠᠬᠢ ᠤᠰᠤᠨ ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ |
ᠨᠢᠭᠡᠴᠢ ᠶᠢ ᠬᠢᠨᠠᠮᠠᠭᠠᠶ ᠵᠣᠬᠢᠶᠠᠨ ᠪᠠᠶᠢᠭᠤᠯᠤᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠪᠠ 2024 ᠣᠨ ᠤ ᠪᠥᠬᠦ ᠣᠷᠣᠨ ᠤ |
ᠤᠰᠤᠨ ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠢᠳᠡᠪᠬᠢᠲᠡᠶ |
ᠣᠷᠣᠯᠴᠠᠭᠤᠯᠵᠤ᠂ ᠭᠤᠤᠯ ᠵᠠᠭᠤᠴᠢᠯᠠᠭᠤᠷ᠂ ᠠᠵᠢᠯ ᠲᠥᠷᠥᠯ ᠤᠨ ᠵᠠᠭᠤᠴᠢᠯᠠᠭᠤᠷ ᠵᠢᠴᠢ ᠰᠢᠨ᠎ᠡ ᠵᠠᠭᠤᠴᠢᠯᠠᠭᠤᠷ ᠢ |
ᠭᠦᠢᠴᠡᠳ ᠠᠰᠢᠭᠯᠠᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠬᠠᠯᠠᠭᠤᠨ |
ᠥᠷᠨᠢᠯᠲᠡ ᠶᠢ ᠪᠣᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ |
ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ ᠤ ᠰᠦᠯᠵᠢᠶ᠎ᠡ ᠨᠢ |
︽ᠠᠶᠤᠯᠭᠦᠢ ᠦᠢᠯᠡᠳᠪᠦᠷᠢᠯᠡᠯ︾ ᠭᠡᠬᠦ ᠲᠤᠰᠬᠠᠢ ᠪᠤᠯᠤᠩ ᠭᠠᠷᠭᠠᠵᠤ ᠠᠵᠢᠯᠯᠠᠭ᠎ᠠ ᠶᠢᠨ ᠤᠬᠠᠭᠤᠯᠭ᠎ᠠ ᠬᠢᠨ᠎ᠡ᠃ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠶᠤᠯᠭᠦᠢ ᠦᠢᠯᠡᠳᠪᠦᠷᠢᠯᠡᠯ ᠤᠨ |
ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠪᠠ ᠠᠶᠤᠯᠭᠦᠢ ᠦᠢᠯᠡᠳᠪᠦᠷᠢᠯᠡᠯ ᠤᠨ |
ᠰᠠᠷ᠎ᠠ ᠶᠢᠨ ᠤᠬᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯᠭᠦᠢ ᠳᠤ ᠬᠢᠨᠠᠯᠲᠠ ᠲᠠᠯᠪᠢᠬᠤ ᠦᠢᠯᠡᠴᠢᠯᠡᠭᠡᠨ ᠤ |
ᠲᠥᠪ ᠠᠴᠠ ᠪᠣᠳᠠᠲᠠᠶ ᠳᠠᠭᠠᠭᠠᠨ ᠭᠦᠢᠴᠡᠳᠬᠡᠨ᠎ᠡ᠃ ᠬᠠᠮᠢᠶ᠎ᠠ ᠪᠦᠬᠦᠢ ᠨᠢᠭᠡᠴᠢ ︽ᠠᠶᠤᠯ ᠦᠭᠡᠶ |
ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠰᠢᠷᠢᠰ ᠤᠬᠠᠭᠤᠯᠭ᠎ᠠ ᠬᠥᠮᠦᠵᠢᠯ ᠤᠨ ᠪᠦᠲᠦᠭᠡᠭᠳᠡᠬᠦᠨ ᠢ ᠡᠯ᠎ᠡ |
ᠨᠢᠭᠡᠴᠢ ᠠᠴᠠ ᠰᠣᠩᠭᠤᠨ ᠬᠡᠷᠡᠭᠯᠡᠬᠦ ᠳᠤ ᠬᠠᠩᠭᠠᠪᠠ᠃ |
ᠡᠯ᠎ᠡ ᠪᠠᠶᠢᠭᠤᠯᠭ᠎ᠠ 5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ 1 ᠬᠤᠯᠪᠣᠭᠠᠴᠢᠨ ︵ |
ᠳᠠᠭᠠᠯᠳᠤᠭᠤᠯᠤᠯ 2 ᠢ ᠦᠵᠡ︶ ᠢ ᠮᠡᠳᠡᠭᠦᠯᠦᠨ ᠬᠦᠷᠭᠡᠵᠦ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ |
ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ |
ᠬᠠᠷᠢᠯᠴᠠᠬᠤ ᠬᠦᠮᠦᠨ᠄ ᠴᠧᠩ ᠭᠤᠸᠠᠩ ᠶᠤᠸᠠᠨ ᠮᠠ ᠮᠢᠩ |
ᠬᠠᠷᠢᠯᠴᠠᠬᠤ ᠤᠲᠠᠰᠤ᠄ 0471— 5259658 0471 – 5259319 |
ᠢᠮᠧᠯ᠄ nmslyg@163.com |
ᠳᠠᠭᠠᠯᠳᠤᠭᠤᠯᠤᠯ |
1. 2024 ᠣᠨ ᠤ ᠪᠥᠬᠦ ᠣᠷᠣᠨ ᠤ ᠤᠰᠤᠨ ᠠᠰᠢᠭᠯᠠᠯᠲᠠ ᠶᠢᠨ ︽ᠠᠶᠤᠯᠭᠦᠶ ᠦᠢᠯᠡᠳᠪᠦᠷᠢᠯᠡᠯ ᠤᠨ |
ᠰᠠᠷ᠎ᠠ︾ ᠶᠢᠨ ᠠᠵᠢᠯᠯᠠᠭ᠎ᠠ ᠶᠢᠨ ᠲᠥᠰᠦᠯ .docx |
2. ᠤᠰᠤᠨ ᠠᠰᠢᠭᠯᠠᠯᠲᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭᠠᠨ ᠤ |
ᠬᠤᠯᠪᠣᠭᠠᠴᠢᠨ ᠤ ᠮᠡᠳᠡᠭᠡ ᠵᠠᠩᠭᠢ ᠶᠢᠨ ᠬᠦᠰᠦᠨᠦᠭᠲᠦ .doc |
3. ᠳᠤᠮᠳᠠᠲᠦ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠡᠪᠯᠡᠯ ᠤᠨ ᠬᠤᠷᠢᠶ᠎ᠠ ︽ |
ᠵᠢᠷᠤᠭ ᠢᠶᠠᠷ ᠵᠠᠳᠠᠯᠠᠬᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ |
ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠠᠳᠡᠯ ᠤᠨ ᠳᠠᠯᠳᠠ ᠭᠡᠮ︾ ᠭᠡᠬᠦ ᠨᠤᠮ ᠪᠢᠴᠢᠭ |
ᠵᠠᠬᠢᠶᠠᠯᠠᠬᠤ ᠠᠵᠢᠯ ᠢ ᠵᠤᠭᠢᠶᠠᠨ ᠪᠠᠶᠢᠭᠤᠯᠤᠨ ᠦᠷᠨᠢᠭᠦᠯᠬᠦ ᠲᠤᠬᠠᠢ ᠵᠠᠬᠢᠳᠠᠯ .pdf |
4. 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠰᠢᠷᠢᠰ ᠤᠬᠠᠭᠤᠯᠭ᠎ᠠ ᠶᠢᠨ |
ᠮᠠᠲ᠋ᠧᠷᠢᠶᠠᠯ ᠢ ᠵᠠᠬᠢᠶᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠵᠠᠬᠢᠳᠠᠯ .pdf |
5.︽ᠤᠰᠤᠨ ᠠᠰᠢᠭᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠰᠢᠷᠢᠰ ᠤᠨ ︿ᠬᠡᠷᠡᠭ ᠤᠨ ᠯᠠᠪᠯᠠᠯᠭ᠎ᠠ﹀ |
ᠶᠢᠨ ᠠᠶᠤᠯ ᠲᠦᠭᠰᠢᠬᠦᠷᠢ ᠶᠢ ᠬᠠᠮᠢᠶᠠᠷᠤᠨ ᠡᠵᠡᠮᠳᠡᠬᠦ ︿ᠵᠢᠷᠭᠤᠭᠠᠨ ᠵᠤᠷᠪᠤᠰ﹀ ᠤᠨ ᠲᠤᠭᠲᠠᠴᠠ︾ ᠶᠢᠨ ᠪᠢᠴᠢᠯ |
ᠵᠢᠭᠠᠨ ᠰᠤᠷᠭᠠᠯᠲᠠ ᠶᠢᠨ ᠹᠢᠯᠢᠮ ᠢ ᠵᠠᠬᠢᠶᠠᠯᠠᠬᠤ ᠠᠵᠢᠯ ᠢ ᠦᠷᠨᠢᠭᠦᠯᠬᠦ ᠲᠤᠬᠠᠢ ᠵᠠᠬᠢᠳᠠᠯ .pdf |
|
2024 ᠣᠨ ᠤ 5 ᠳ᠋ᠤᠭᠠᠷ ᠰᠠᠷ᠎ᠠ ᠶᠢᠨ 28 ᠤ ᠡᠳᠦᠷ |
|
|