ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠤᠰᠬᠠᠶ ᠮᠡᠷᠭᠡᠵᠢᠯᠲᠡᠨ ᠢ ᠵᠣᠬᠢᠶᠠᠨ |
ᠪᠠᠶᠢᠭᠤᠯᠤᠨ ᠬᠢᠨᠠᠨ ᠬᠠᠷᠭᠤᠭᠤᠯᠤᠭᠰᠠᠨ ᠢᠶᠠᠷ᠂ ᠬᠤᠶᠠᠷᠬᠤᠳᠳᠤᠭ ᠬᠠᠳᠤᠨ ᠭᠤᠤᠯ ᠤᠨ ᠤᠰᠤ ᠲᠠᠲᠠᠬᠤ |
ᠤᠰᠤᠯᠠᠯᠲᠠ ᠶᠢᠨ ᠣᠷᠣᠨ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ᠂ ᠳ᠋ᠧᠩᠺᠸᠤ ᠶᠢᠨ ᠤᠰᠤ ᠲᠠᠲᠠᠬᠤ |
ᠤᠰᠤᠯᠠᠯᠲᠠ ᠶᠢᠨ ᠣᠷᠣᠨ ᠵᠡᠷᠭᠡ 3 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠢ ᠥᠪᠡᠷᠲᠡᠭᠡᠨ |
ᠵᠠᠰᠠᠬᠤ ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ |
ᠣᠷᠣᠨ ᠢᠶᠠᠷ ᠦᠨᠡᠯᠡᠭᠳᠡᠪᠡ᠃ ᠰᠠᠨ ᠬᠤ᠋ ᠾᠧ ᠤᠰᠤᠯᠠᠯᠲᠠ ᠶᠢᠨ ᠣᠷᠣᠨ ᠨᠢ ᠥᠪᠡᠷᠲᠡᠭᠡᠨ ᠵᠠᠰᠠᠬᠤ ᠣᠷᠣᠨ ᠤ |
ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠦᠭᠰᠡᠨ ᠤᠰᠤᠯᠠᠯᠲᠠ ᠶᠢᠨ ᠣᠷᠣᠨ ᠳᠤ |
ᠬᠤᠪᠢ ᠣᠯᠪᠠ᠃ ᠬᠤᠶᠠᠷᠬᠤᠳᠳᠤᠭ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠬᠥᠭᠡᠷᠭᠡ ᠶᠢᠨ ᠥᠷᠲᠡᠭᠡ᠂ |
ᠬᠤᠩ ᠭᠧ ᠪᠥ᠋ ᠤᠰᠤ ᠲᠠᠲᠠᠬᠤ ᠥᠷᠲᠡᠭᠡ᠂ ᠳ᠋ᠧᠩᠺᠸᠤ ᠤᠰᠤ ᠲᠠᠲᠠᠬᠤ ᠥᠷᠲᠡᠭᠡ ᠨᠢ ᠥᠪᠡᠷᠲᠡᠭᠡᠨ ᠵᠠᠰᠠᠬᠤ |
ᠣᠷᠣᠨ ᠤ ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤ ᠵᠠᠯᠠᠬᠤ |
ᠬᠥᠭᠡᠷᠭᠡ ᠶᠢᠨ ᠥᠷᠲᠡᠭᠡ ᠪᠠᠷ ᠦᠨᠡᠯᠡᠭᠳᠡᠵᠦ᠂ ᠣᠲᠣ ᠵᠠᠷᠯᠠᠨ ᠨᠡᠶᠢᠲᠡᠯᠡᠶ᠎ᠡ ︵ᠬᠤᠪᠢ ᠲᠣᠭᠲᠠᠭᠠᠬᠤ ᠶᠢ |
ᠥᠨᠳᠥᠷ ᠠᠴᠠ ᠳᠣᠤᠷ᠎ᠠ ᠬᠦᠷᠲᠡᠯ᠎ᠡ ᠵᠢᠭᠰᠠᠭᠠᠨ᠎ᠠ︶᠃ ᠣᠨᠳᠣᠣ ᠰᠠᠨᠠᠯ ᠲᠠᠢ ᠪᠣᠯ ᠵᠠᠷᠯᠠᠨ ᠨᠡᠶᠢᠲᠡᠯᠡᠬᠦ |
ᠬᠤᠭᠤᠴᠠᠭᠠᠨ ᠳᠤ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠲᠤᠰᠬᠠᠵᠤ ᠪᠣᠯᠣᠨ᠎ᠠ᠃ |
ᠵᠠᠷᠯᠠᠨ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ |
ᠲᠠᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠰᠤᠯᠠᠯᠲᠠ ᠶᠢᠨ ᠣᠷᠣᠨ᠂ ᠤᠰᠤᠯᠠᠬᠤ |
ᠪᠠ ᠤᠰᠤ ᠵᠠᠯᠠᠬᠤ ᠬᠥᠭᠡᠷᠭᠡ ᠶᠢᠨ ᠥᠷᠲᠡᠭᠡ ᠶᠢ ᠤᠰᠤᠨ ᠠᠰᠢᠭᠯᠠᠯᠲᠠ ᠶᠢᠨ ᠶᠠᠮᠤᠨ ᠤ ᠪᠠᠷᠢᠮᠵᠢᠶᠠᠵᠢᠭᠤᠯᠤᠭᠰᠠᠨ |
ᠬᠠᠮᠢᠶᠠᠷᠤᠯᠲᠠ ᠶᠢᠨ ᠤᠰᠤᠯᠠᠯᠲᠠ ᠶᠢᠨ ᠣᠷᠣᠨ᠂ ᠤᠰᠤᠯᠠᠬᠤ ᠪᠠ ᠤᠰᠤ ᠵᠠᠯᠠᠬᠤ ᠬᠥᠭᠡᠷᠭᠡ ᠶᠢᠨ ᠥᠷᠲᠡᠭᠡ ᠶᠢ |
ᠮᠡᠳᠡᠭᠦᠯᠦᠨ᠎ᠡ᠃ |
ᠵᠠᠷᠯᠠᠨ ᠨᠡᠶᠢᠲᠡᠯᠡᠬᠦ ᠴᠠᠭ᠄ 2024 ᠣᠨ ᠤ 6 ᠳ᠋ᠤᠭᠠᠷ ᠰᠠᠷ᠎ᠠ ᠶᠢᠨ 5 ᠤ ᠡᠳᠦᠷ ᠠᠴᠠ 12 ᠤᠨ ᠡᠳᠦᠷ |
ᠪᠣᠯᠲᠠᠯ᠎ᠠ᠃ |
ᠬᠠᠷᠢᠯᠴᠠᠬᠤ ᠬᠥᠮᠦᠨ᠄ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠮᠠᠯᠵᠢᠬᠤ ᠣᠷᠣᠨ ᠤ |
ᠣᠰᠣᠨ ᠠᠰᠢᠭᠯᠠᠯᠲᠠ ᠶᠢᠨ ᠭᠠᠵᠠᠷ ᠦ᠋ ᠬᠠᠶ ᠪᠥᠸᠧ |
ᠬᠠᠷᠢᠯᠴᠠᠬᠤ ᠤᠲᠠᠰᠤ᠄ 0471 – 5259537 |
ᠳᠠᠭᠠᠯᠳᠤᠭᠤᠯᠤᠯ᠄ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠳᠤ |
ᠪᠠᠷᠢᠮᠵᠢᠶᠠᠵᠢᠭᠤᠯᠤᠭᠰᠠᠨ ᠦᠨᠡᠯᠡᠯᠲᠡ ᠶᠢ ᠬᠡᠷᠡᠭᠵᠢᠭᠦᠯᠦᠭᠰᠡᠨ ᠶᠡᠭᠡ᠂ ᠳᠤᠮᠳᠠ ᠬᠡᠯᠪᠡᠷᠢ ᠶᠢᠨ ᠤᠰᠤᠯᠠᠯᠲᠠ ᠶᠢᠨ |
ᠣᠷᠣᠨ ᠪᠠ ᠤᠰᠤᠯᠠᠬᠤ ᠤᠰᠤ ᠵᠠᠯᠠᠬᠤ ᠬᠥᠭᠡᠷᠭᠡ ᠶᠢᠨ ᠥᠷᠲᠡᠭᠡ ᠶᠢᠨ ᠨᠡᠷᠡᠰ ᠤᠨ ᠵᠢᠭᠰᠠᠭᠠᠯᠲᠠ .docx |
|
|