| ᠪᠥᠬᠦ ᠬᠤᠲᠠ ᠶᠢᠨ ᠤᠰᠤ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠶᠢᠨ ᠬᠠᠮᠢᠶᠠᠷᠤᠯᠲᠠ ᠪᠠ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠰᠥᠯ ᠤᠨ ᠤᠰᠤ |
ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢ |
ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ |
ᠤᠰᠤ ᠰᠢᠷᠣᠶ ᠶᠢ ᠬᠠᠮᠠᠭᠠᠯᠠᠬᠤ ᠬᠠᠤᠯᠢ︾ ᠵᠢᠴᠢ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠤᠯᠠᠮ ᠨᠢᠭᠡ |
ᠠᠯᠬᠤᠮ ᠲᠣᠳᠣᠷᠬᠠᠶᠢᠯᠠᠵᠤ᠂ ᠪᠣᠳᠠᠲᠠᠶ ᠠᠵᠢᠯ ᠤᠨ ᠴᠤᠪᠤᠷᠠᠯ ᠢ ᠰᠢᠯᠤᠭᠤᠳᠬᠠᠵᠤ᠂ ᠮᠠᠨ ᠤ ᠬᠤᠲᠠ ᠶᠢᠨ 2024 |
ᠣᠨ ᠤ ᠤᠰᠤ ᠰᠢᠷᠣᠶ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ |
ᠲᠦᠯᠦᠭᠡ᠂ 7 ᠳ᠋ᠤᠭᠠᠷ ᠰᠠᠷ᠎ᠠ ᠶᠢᠨ 10 ᠤ ᠡᠳᠦᠷ᠂ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ |
2024 ᠣᠨ ᠤ ᠤᠰᠤ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠵᠢᠴᠢ ᠲᠤᠬᠠᠶᠢᠯᠠᠭᠰᠠᠨ |
ᠠᠵᠢᠯ ᠤᠨ ᠪᠣᠯᠪᠠᠰᠣᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ |
|
|
|
|
|
ᠬᠤᠷᠠᠯ ᠳᠡᠭᠡᠷ᠎ᠡ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠤᠰᠤ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ |
ᠪᠠᠶᠢᠴᠠᠭᠠᠬᠤ ᠭᠤᠤᠯᠳᠠᠯᠭ᠎ᠠ᠂ ᠤᠰᠤ ᠰᠢᠷᠣᠶ ᠶᠢ ᠬᠠᠮᠠᠭᠠᠯᠠᠬᠤ ᠠᠯᠤᠰ ᠰᠡᠷᠡᠯ ᠤᠨ ᠬᠢᠨᠠᠯᠲᠠ ᠬᠠᠮᠢᠶᠠᠷᠤᠯᠲᠠ᠂ |
ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠰᠥᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ |
ᠬᠠᠮᠢᠶᠠᠷᠤᠯᠲᠠ ᠶᠢᠨ ᠰᠢᠰᠲ᠋ᠧᠮ ᠢ ᠲᠠᠭᠯᠠᠨ ᠮᠡᠳᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ |
ᠲᠠᠶᠢᠯᠤᠮᠵᠢ ᠪᠠ ᠵᠢᠯᠣᠭᠤᠳᠣᠯᠭ᠎ᠠ ᠬᠢᠪᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ 2024 ᠣᠨ ᠤ |
ᠪᠥᠬᠦ ᠬᠤᠲᠠ ᠶᠢᠨ ᠤᠰᠤ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ |
ᠳᠤᠷᠠᠳᠤᠭᠰᠠᠨ ᠪᠥᠭᠡᠳ ᠲᠣᠬᠢᠷᠠᠭᠤᠯᠤᠨ ᠪᠠᠶᠢᠷᠢᠯᠠᠭᠤᠯᠪᠠ᠃ |
ᠬᠤᠷᠠᠯ ᠠᠴᠠ᠂ ᠨᠢᠭᠡ ᠳᠤ ᠲᠠᠨᠢᠯᠲᠠ ᠶᠢᠨ ᠲᠠᠯ᠎ᠠ ᠪᠠᠷ ᠪᠠᠰᠠ ᠳᠡᠭᠡᠭᠰᠢᠯᠡᠭᠦᠯᠦᠨ᠎ᠡ ᠂ ᠤᠰᠤ ᠰᠢᠷᠣᠶ ᠶᠢ |
ᠬᠠᠮᠠᠭᠠᠯᠠᠬᠤ ᠪᠣᠯ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠂ ᠪᠠᠰᠠ ᠴᠤ |
ᠵᠠᠰᠠᠭ ᠤᠨ ᠣᠷᠳᠣᠨ ᠤ ᠣᠨ ᠤ ᠬᠠᠷᠠᠯᠲᠠᠲᠤ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ |
ᠴᠢᠬᠤᠯᠠ ᠲᠥᠰᠥᠯ ᠮᠥᠨ᠂ ᠬᠤᠯᠪᠣᠭᠳᠠᠯ ᠪᠥᠬᠦᠶ ᠨᠢᠭᠡᠴᠢ ᠪᠠ ᠺᠠᠲᠠᠷᠴᠤᠳ ᠡᠭᠦᠷᠭᠡᠯᠡᠵᠦ ᠪᠠᠶᠢᠭ᠎ᠠ ᠴᠢᠬᠤᠯᠠ ᠶᠡᠭᠡ |
ᠬᠠᠷᠢᠭᠤᠴᠠᠯᠭ᠎ᠠ ᠪᠠᠨ ᠭᠦᠢᠴᠡᠳ ᠲᠠᠨᠢᠵᠤ᠂ ᠠᠵᠢᠯ ᠢᠶᠠᠨ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ |
ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠬᠤᠶᠠᠷ ᠲᠤ᠂ ᠠᠵᠢᠯ ᠤᠨ ᠴᠢᠳᠠᠪᠤᠷᠢ ᠪᠠᠨ ᠪᠠᠰᠠ |
ᠳᠡᠭᠡᠭᠰᠢᠯᠡᠭᠦᠯᠵᠦ᠂ ᠠᠵᠢᠯ ᠤᠨ ᠬᠠᠷᠠᠯᠲᠠ ᠪᠠᠨ ᠴᠢᠩᠭ᠎ᠠ ᠠᠩᠬᠠᠷᠴᠤ᠂ ᠤᠰᠤ ᠰᠢᠷᠣᠶ ᠶᠢ ᠬᠠᠮᠠᠭᠠᠯᠠᠬᠤ |
ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ |
ᠵᠥᠪᠰᠢᠶᠡᠷᠡᠬᠦ᠂ ᠬᠢᠨᠠᠯᠲᠠ ᠲᠠᠯᠪᠢᠨ ᠪᠠᠶᠢᠴᠠᠭᠠᠬᠤ᠂ ᠰᠢᠯᠭᠠᠨ ᠠᠪᠴᠤ ᠵᠢᠭᠰᠠᠭᠠᠨ ᠪᠠᠶᠢᠴᠠᠭᠠᠬᠤ᠂ ᠬᠠᠤᠯᠢ |
ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠵᠢᠷᠤᠭ ᠲᠣᠯᠪᠤ ᠶᠢ ᠬᠠᠷᠭᠤᠭᠤᠯᠤᠨ ᠪᠠᠶᠢᠴᠠᠭᠠᠵᠤ ᠴᠡᠭᠴᠡᠯᠡᠨ |
ᠰᠠᠶᠢᠵᠢᠷᠠᠭᠤᠯᠬᠤ᠂ ᠤᠰᠤ ᠰᠢᠷᠣᠶ ᠶᠢ ᠬᠠᠮᠠᠭᠠᠯᠠᠬᠤ ᠲᠥᠰᠦᠯ ᠢ ᠰᠢᠰᠲ᠋ᠧᠮ ᠲᠠᠢ ᠣᠷᠣᠭᠤᠯᠬᠤ ᠵᠡᠷᠭᠡ ᠡᠯ᠎ᠡ |
ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠤᠰᠤ ᠰᠢᠷᠣᠶ ᠶᠢ ᠬᠠᠮᠠᠭᠠᠯᠠᠬᠤ ᠠᠵᠢᠯ ᠤᠨ ᠰᠢᠨ᠎ᠡ |
ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠠᠷᠭ᠎ᠠ ᠪᠦᠬᠦᠨ ᠢ |
ᠰᠦᠪᠡᠭᠴᠢᠯᠡᠨ᠂ ᠰᠢᠯᠢᠳᠡᠭ ᠲᠤᠷᠰᠢᠯᠭ᠎ᠠ ᠪᠠᠷ ᠲᠣᠯᠢ ᠪᠣᠯᠭᠠᠵᠤ᠂ ᠠᠵᠢᠯ ᠤᠨ ᠰᠡᠳᠬᠢᠴᠡ ᠪᠠᠨ ᠥᠷᠭᠡᠳᠬᠡᠵᠦ᠂ |
ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠡᠪ ᠳᠠᠭᠤᠷᠢᠶᠠᠯ ᠢ ᠴᠢᠷᠮᠠᠶᠢᠨ ᠳᠡᠭᠡᠭᠰᠢᠯᠡᠭᠦᠯᠵᠦ᠂ ᠮᠠᠨ ᠤ |
ᠬᠤᠲᠠ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ |
ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |
ᠡᠯ᠎ᠡ ᠬᠤᠰᠢᠭᠤ ᠰᠢᠶᠠᠨ ᠲᠣᠭᠤᠷᠢᠭ ᠤᠨ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ |
ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠤᠰᠤ ᠰᠢᠷᠣᠢ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ |
ᠭᠤᠣᠯᠯᠠᠭᠴᠢ ᠬᠦᠴᠦᠨ ᠪᠣᠯᠣᠨ ᠪᠦᠬᠦ ᠬᠤᠲᠠ ᠶᠢᠨ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ |
ᠵᠥᠪᠯᠡᠯ ᠤᠨ ᠲᠥᠯᠥᠭᠡᠯᠡᠭᠴᠢ ᠵᠢᠴᠢ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ |
ᠲᠥᠪ ᠤᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠪᠠ᠃ |
|