ᠬᠡᠯᠬᠢᠶᠡᠰᠦᠨ ᠨᠣᠮᠧᠷ᠄ 000014348/2024 — 04710 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 48 ᠳ᠋ᠤᠭᠠᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 8 ᠳ᠋ᠤᠭᠠᠷ ᠰᠠᠷ᠎ᠠ ᠶᠢᠨ 11 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ |
ᠠᠯᠠᠱᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ |
ᠮᠠᠨ ᠤ ᠲᠢᠩᠬᠢᠮ ᠨᠢ 2024 ᠣᠨ ᠤ 5 ᠳ᠋ᠤᠭᠠᠷ ᠰᠠᠷ᠎ᠠ ᠶᠢᠨ 27 ᠤ ᠡᠳᠦᠷ ᠲᠠᠨ ᠤ ᠺᠣᠮᠫᠠᠨᠢ ᠶᠢᠨ |
ᠳᠤᠷᠠᠳᠤᠭᠰᠠᠨ ᠥᠪᠥᠷ ᠮᠣᠩᠭᠤᠯ ᠤᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ |
ᠣᠷᠣᠨ ᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠦᠰᠦᠯ ᠤᠨ 220 ᠺᠢᠯᠣᠸᠠᠲ ᠤᠨ ᠲᠣᠤᠷ ᠵᠠᠯᠭᠠᠬᠤ |
ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠭᠥᠯᠢᠶᠡᠨ ᠠᠪᠴᠤ |
ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ |
ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ |
ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ |
ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ |
ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃ |
ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ |
ᠣᠷᠣᠨ ᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠦᠰᠦᠯ ᠤᠨ ᠢᠵᠢ ᠪᠥᠷᠢᠳᠦᠭᠦᠯᠬᠦ 220 |
ᠺᠢᠯᠣᠸᠠᠲ ᠤᠨ ᠲᠣᠤᠷ ᠵᠠᠯᠭᠠᠬᠤ ᠢᠨᠵᠧᠨᠧᠷᠢᠩ ᠨᠢ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠪᠠ ᠦᠬᠠᠶ |
ᠬᠤᠲᠠ ᠶᠢᠨ ᠤᠳᠠ ᠲᠣᠭᠤᠷᠢᠭ ᠤᠨ ᠬᠢᠯᠢ ᠳᠣᠲᠣᠷ᠎ᠠ ᠪᠠᠶᠢᠷᠢᠯᠠᠵᠤ᠂ ᠢᠨᠵᠧᠨᠧᠷᠢᠩ ᠤᠨ ᠰᠢᠨ᠎ᠡ ᠪᠠᠷ ᠪᠠᠶᠢᠭᠤᠯᠤᠭᠰᠠᠨ |
ᠴᠠᠬᠢᠯᠭᠠᠨ ᠬᠦᠷᠭᠡᠬᠦ ᠱᠤᠭᠤᠮ 40.3 ᠺᠢᠯᠤᠮᠧᠲᠷ ᠪᠠᠶᠢᠵᠤ᠂ ᠬᠦᠴᠦᠳᠡᠯ ᠥᠭᠡᠷᠡᠴᠢᠯᠡᠬᠦ ᠥᠷᠲᠡᠭᠡ ᠶᠢᠨ ᠵᠠᠮ ᠠᠴᠠ |
1 ᠶᠢ ᠥᠷᠭᠡᠳᠬᠡᠨ ᠪᠠᠶᠢᠭᠤᠯᠤᠨ᠎ᠠ᠃ ᠢᠨᠵᠧᠨᠧᠷᠢᠩ ᠤᠨ ᠶᠡᠷᠦᠩᠭᠡᠢ ᠳᠠᠳᠠᠪᠤᠷᠢᠯᠠᠭᠰᠠᠨ ᠳᠠᠯᠠᠪᠠᠢ ᠨᠢ 21.04 |
ᠾᠧᠺᠲ᠋ᠠᠷ᠂ ᠬᠦᠳᠡᠯᠦᠩᠬᠦᠢ ᠰᠢᠷᠣᠢ ᠶᠢᠨ ᠶᠡᠷᠦᠩᠬᠡᠢ ᠬᠡᠮᠵᠢᠶ᠎ᠡ ᠨᠢ 7.66 ᠲᠦᠮᠡᠨ ᠪᠤᠰᠤᠭ᠎ᠠ ᠲᠦᠷᠪᠡᠯᠵᠢᠨ ᠮᠧᠲᠷ᠂ |
ᠶᠡᠷᠦᠩᠭᠡᠢ ᠪᠡᠯᠡ ᠤᠷᠤᠭᠤᠯᠤᠯᠳᠠ ᠨᠢ 16232 ᠲᠦᠮᠡᠨ ᠲᠦᠭᠦᠷᠢᠭ᠃ ᠢᠨᠵᠧᠨᠧᠷᠢᠩ ᠨᠢ 2024 ᠣᠨ ᠤ 7 |
ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠵᠦ᠂ 2024 ᠣᠨ ᠤ 12 ᠳ᠋ᠤᠭᠠᠷ ᠰᠠᠷ᠎ᠠ ᠳᠤ ᠠᠵᠢᠯ ᠢᠶᠠᠨ |
ᠳᠠᠭᠤᠰᠬᠠᠵᠤ᠂ ᠶᠡᠷᠦᠩᠬᠡᠶ ᠢᠨᠵᠧᠨᠧᠷᠢᠩ ᠤᠨ ᠬᠤᠭᠤᠴᠠᠭ᠎ᠠ ᠨᠢ 6 ᠰᠠᠷ᠎ᠠ ᠪᠣᠯᠤᠨ᠎ᠠ᠃ |
ᠨᠢᠭᠡ᠂ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ |
︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ |
ᠵᠠᠰᠠᠬᠤ ᠬᠠᠷᠢᠭᠤᠴᠠᠯᠭ᠎ᠠ ᠶᠢᠨ ᠬᠡᠪᠴᠢᠶ᠎ᠡ ᠨᠢ 21.04 ᠾᠧᠺᠲ᠋ᠠᠷ ᠪᠣᠯᠤᠨ᠎ᠠ᠃ |
︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ |
ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ |
ᠵᠦᠪᠰᠢᠶᠡᠷᠡᠨ᠎ᠡ᠃ |
︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ |
ᠬᠠᠷᠠᠯᠲᠠ ᠪᠣᠯ᠄ ᠤᠰᠤ ᠰᠢᠷᠣᠶ ᠶᠢᠨ ᠢᠳᠡᠭᠳᠡᠯ ᠢ ᠵᠠᠰᠠᠬᠤ ᠬᠡᠮᠵᠢᠶ᠎ᠡ 88%᠂ ᠤᠰᠤ ᠰᠢᠷᠣᠶ ᠶᠢᠨ ᠢᠳᠡᠭᠳᠡᠯ ᠢ |
ᠬᠢᠵᠠᠭᠠᠷᠯᠠᠬᠤ ᠨᠣᠷᠮ᠎ᠠ 0.7%᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 89%᠂ ᠤᠰᠤ |
ᠰᠢᠷᠣᠶ ᠶᠢᠨ ᠬᠠᠮᠠᠭᠠᠯᠠᠯᠲᠠ ᠶᠢᠨ ᠨᠣᠷᠮ᠎ᠠ 90% ᠪᠠᠶᠢᠵᠤ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ |
ᠬᠤᠴᠢᠯᠭ᠎ᠠ ᠶᠢ ᠰᠡᠷᠭᠦᠭᠡᠬᠦ ᠨᠣᠷᠮ᠎ᠠ 92%᠂ ᠣᠶ ᠰᠢᠭᠤᠶ ᠡᠪᠡᠰᠦ ᠶᠢᠨ ᠪᠦᠷᠬᠦᠴᠡ ᠶᠢᠨ ᠨᠣᠷᠮ᠎ᠠ 15% |
ᠪᠣᠯᠤᠨ᠎ᠠ᠃ |
︵ᠲᠦᠷᠪᠡ︶ ᠤᠰᠤ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ |
ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ |
︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ ᠰᠢᠷᠣᠢ ᠶᠢ ᠬᠠᠮᠠᠭᠠᠯᠠᠬᠤ ᠨᠥᠬᠦᠪᠥᠷᠢ |
ᠮᠥᠩᠭᠦ 35.768 ᠲᠦᠮᠡᠨ ᠲᠥᠭᠦᠷᠢᠭ ︵ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ |
ᠤᠰᠤ ᠰᠢᠷᠣᠢ ᠶᠢ ᠬᠠᠮᠠᠭᠠᠯᠠᠬᠤ ᠨᠥᠬᠦᠪᠥᠷᠢ ᠮᠥᠩᠭᠦ 33.133 ᠲᠦᠮᠡᠨ ᠲᠥᠭᠦᠷᠢᠭ᠂ ᠦᠬᠠᠢ ᠬᠤᠳᠠ ᠶᠢᠨ ᠤᠳᠠ |
ᠲᠣᠭᠤᠷᠢᠭ ᠤᠨ ᠤᠰᠤ ᠰᠢᠷᠣᠢ ᠶᠢ ᠬᠠᠮᠠᠭᠠᠯᠠᠬᠤ ᠨᠥᠬᠦᠪᠥᠷᠢ ᠮᠥᠩᠭᠦ 2.635 ᠲᠦᠮᠡᠨ ᠲᠥᠭᠦᠷᠢᠭ︶ ᠢ |
ᠦᠨᠳᠦᠰᠦᠨ ᠳᠡᠭᠡᠨ ᠵᠥᠪᠰᠢᠶᠡᠷᠡᠪᠡ᠃ |
ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠤᠰᠤ ᠰᠢᠷᠣᠶ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ |
ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ |
︵ᠨᠢᠭᠡ︶ ᠵᠥᠪᠰᠢᠶᠡᠷᠡᠭᠰᠡᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠣᠶ ᠶᠢ |
ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ |
ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ︽ |
ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ |
︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ |
ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ |
ᠠᠵᠢᠯᠯᠠᠭ᠎ᠠ ᠶᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠳᠠᠷᠤᠬᠤ᠂ |
ᠦᠢᠮᠡᠭᠦᠯᠬᠦ ᠪᠠ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠢᠩᠭ᠎ᠠ ᠴᠠᠭᠠᠵᠠᠯᠠᠵᠤ᠂ |
ᠲᠦᠰᠦᠯ ᠤᠨ ᠦᠯᠡᠳᠡᠭᠰᠡᠨ ᠲᠠᠯ᠎ᠠ ᠶᠢ ᠰᠢᠢᠳᠪᠦᠷᠢᠯᠡᠬᠦ ᠶᠢ ᠰᠠᠶᠢᠲᠤᠷ ᠨᠠᠶᠢᠳᠠᠪᠤᠷᠢᠵᠢᠭᠤᠯᠵᠤ᠂ ᠤᠰᠤ ᠰᠢᠷᠤᠢ ᠶᠢ |
ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷ ᠴᠠᠭ ᠤᠨ ᠰᠢᠷᠣᠶ ᠣᠪᠣᠭᠠᠯᠠᠬᠤ |
ᠲᠠᠯᠠᠪᠠᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ |
ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ |
ᠤᠷ᠎ᠠ ᠮᠡᠷᠭᠡᠰᠢᠯ ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠡᠰ ᠳᠠᠷᠠᠭᠠᠯᠠᠯ ᠪᠠ ᠤᠰᠤ ᠰᠢᠷᠤᠢ ᠶᠢ |
ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ |
ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ |
︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠰᠢᠨᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ |
ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ |
ᠮᠠᠨ ᠤ ᠲᠢᠩᠬᠢᠮ ᠵᠢᠴᠢ ᠠᠯᠠᠱᠠ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠦᠬᠠᠶ ᠬᠤᠲᠠ ᠶᠢᠨ |
ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠰᠢᠨᠵᠢᠬᠦ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ |
ᠮᠡᠳᠡᠭᠦᠯᠦᠯᠲᠡ ᠶᠢ ᠲᠤᠰᠢᠶᠠᠨ᠎ᠠ᠃ |
︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ |
ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃ |
︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ |
ᠲᠤᠭ᠎ᠠ ᠪᠠᠷ ᠲᠤᠰᠢᠶᠠᠨ᠎ᠠ᠃ |
ᠭᠤᠷᠪᠠ᠂ ᠲᠤᠰ ᠵᠦᠢᠯ ᠤᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ |
ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ |
ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠰᠢᠷᠤᠢ ᠶᠢ ᠬᠠᠮᠠᠭᠠᠯᠠᠬᠤ ᠲᠥᠰᠦᠯ ᠳᠤ |
ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ |
ᠬᠡᠷᠡᠭᠲᠡᠶ︔ ᠰᠢᠭᠠᠷᠤ ᠬᠠᠶᠠᠬᠤ ᠳᠠᠯᠠᠪᠤᠷ ᠰᠢᠨ᠎ᠡ ᠪᠠᠷ ᠭᠠᠷᠭᠠᠬᠤ ᠴᠢᠬᠤᠯᠠ ᠲᠠᠢ ᠪᠣᠯ ᠦᠢᠯᠡᠳᠪᠦᠷᠢᠯᠡᠯ ᠪᠦᠲᠦᠭᠡᠨ |
ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ |
ᠬᠢᠬᠦ ᠶᠢᠨ ᠬᠠᠮᠲᠤ ᠰᠢᠭᠠᠷᠤ ᠶᠢ ᠲᠠᠶᠠᠭᠳᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠨᠥᠬᠦᠪᠥᠷᠢ |
ᠮᠡᠳᠡᠭᠦᠯᠦᠯᠲᠡ ᠬᠢᠵᠦ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ |
ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ |
ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠢ ᠠᠰᠢᠭᠯᠠᠯᠲᠠ ᠳᠤ |
ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ |
ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ |
ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ |
ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ |
ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ |
ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ |
ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ |
ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ |
ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 |
ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ |
ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ |
ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ |
ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ |
ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃ |
ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ |
ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ |
ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ |
ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ |
ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ |
ᠬᠡᠷᠡᠭᠲᠡᠶ᠃ ᠲᠦᠰᠦᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ |
ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ |
ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ |
ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃ |
|
2024 ᠣᠨ ᠤ 7 ᠳ᠋ᠤᠭᠠᠷ ᠰᠠᠷ᠎ᠠ ᠶᠢᠨ 11 ᠤ ᠡᠳᠦᠷ |
|
ᠳᠠᠭᠠᠯᠳᠤᠭᠤᠯᠤᠯ᠄ |
︽ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ |
ᠣᠷᠣᠨ ᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠦᠰᠦᠯ ᠳᠤ 220 ᠺᠢᠯᠣᠸᠠᠲ ᠤᠨ ᠲᠣᠤᠷ ᠵᠠᠯᠭᠠᠬᠤ |
ᠢᠨᠵᠧᠨᠧᠷᠢᠩ ᠤᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠲᠤᠬᠠᠶ ᠮᠡᠳᠡᠭᠦᠯᠦᠯᠲᠡ ᠶᠢᠨ ᠪᠢᠴᠢᠭ︾ ᠢ |
ᠮᠡᠳᠡᠭᠦᠯᠦᠨ ᠬᠦᠷᠭᠡᠬᠦ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠤᠨ ᠲᠤᠬᠠᠢ ᠮᠡᠳᠡᠭᠦᠯᠦᠯᠲᠡ ᠦᠪᠦᠷ |
ᠮᠤᠩᠭᠤᠯ ᠤᠨ ᠤᠰᠤᠨ ᠠᠰᠢᠭᠯᠠᠯᠲᠠ ᠶᠢᠨ ᠲᠦᠪ ᠤᠨ ᠮᠡᠷᠭᠡᠵᠢᠯ ᠤᠨ ᠬᠢᠨᠠᠯᠲᠠ ﹇2024﹈ 239 ᠳ᠋ᠤᠭᠠᠷ |
ᠲᠤᠭᠠᠲᠦ .pdf |
ᠮᠡᠳᠡᠭᠦᠯᠦᠯᠲᠡ ᠶᠢᠨ ᠭᠤᠣᠯ ᠠᠭᠤᠯᠭ᠎ᠠ .pdf |
|
|