︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠮᠠᠨ ᠤ ᠲᠥᠪ ᠣᠲᠣ |
ᠢᠯᠡ ᠪᠠᠷ ᠳᠠᠭᠠᠭᠠᠴᠢᠯᠠᠯᠲᠠ ᠵᠠᠷᠯᠠᠬᠤ ᠶᠢᠨ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠨ ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠬᠤ |
ᠲᠦᠰᠦᠯ︾ ᠢ ᠥᠷᠨᠢᠭᠦᠯᠬᠦ ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ᠂ ᠲᠦᠰᠦᠯ ᠤᠨ ᠲᠦᠢᠮᠦ ᠪᠠᠶᠢᠳᠠᠯ |
1. ᠲᠦᠰᠦᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠨ ᠠᠶᠤᠯ |
ᠲᠦᠭᠰᠢᠭᠦᠷᠢ ᠶᠢᠨ ᠵᠢᠷᠤᠭ ᠢ ᠨᠠᠶᠢᠷᠠᠭᠤᠯᠤᠨ ᠵᠣᠬᠢᠶᠠᠬᠤ ᠲᠦᠰᠦᠯ᠃ |
2. ᠬᠡᠷᠡᠭᠵᠢᠭᠦᠯᠵᠦ ᠪᠠᠶᠢᠭ᠎ᠠ ᠴᠠᠭ ᠪᠠ ᠭᠠᠵᠠᠷ ᠣᠷᠣᠨ᠄ 2024 ᠣᠨ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ |
ᠮᠡᠷᠭᠡᠵᠢᠯ ᠤᠨ ᠲᠥᠪ᠃ |
3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢᠨ ᠣᠷᠣᠯᠠᠬᠤ |
ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ |
ᠠᠯᠪᠠᠨ ᠵᠠᠷ ᠨᠡᠶᠢᠲᠡᠯᠡᠬᠦ᠂ ᠲᠦᠰᠦᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ ᠰᠢᠢᠳᠪᠦᠷᠢᠯᠡᠬᠦ᠂ |
ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ |
ᠲᠠᠷᠬᠠᠭᠠᠬᠤ᠂ ᠲᠦᠰᠦᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ |
ᠬᠢᠵᠠᠭᠠᠷᠯᠠᠨ᠎ᠠ᠃ |
ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃ |
3. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠭᠠᠵᠠᠷ ᠪᠣᠯᠤᠨ ᠲᠥᠬᠦᠭᠡᠷᠦᠮᠵᠢ |
ᠪᠦᠷᠢᠳᠦᠭᠦᠯᠦᠭᠰᠡᠨ᠃ |
ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠂ ᠬᠠᠭᠤᠯᠪᠤᠷᠢ᠂ ᠬᠠᠷᠢᠯᠴᠠᠬᠤ |
ᠠᠷᠭ᠎ᠠ ᠮᠠᠶ᠋ᠢᠭ ᠢᠶᠠᠨ ᠭᠠᠷᠭᠠᠵᠤ ᠦᠵᠡᠭᠦᠯᠦᠨ᠎ᠡ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ |
ᠥᠭᠭᠦᠨ᠎ᠡ᠃ |
3. ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠬᠤ ᠬᠡᠷᠡᠭᠲᠡᠢ᠃ |
4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠶᠠᠯ ᠢ ᠬᠠᠩᠭᠠᠨ᠎ᠠ᠃ |
5. 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ |
ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ |
ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ |
ᠭᠡᠷᠡᠴᠢ ᠬᠠᠩᠭᠠᠨ᠎ᠠ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ |
ᠬᠠᠩᠭᠠᠨ᠎ᠠ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃ |
9. ᠲᠤᠰ ᠭᠠᠵᠠᠷ ᠤᠨ ᠲᠤᠰᠠᠭᠠᠷ ᠳᠠᠭᠠᠭᠠᠴᠢᠯᠠᠯᠲᠠ ᠵᠠᠷᠯᠠᠬᠤ ᠲᠠᠯᠠᠪᠤᠷ ᠪᠠ ᠪᠡᠯᠡᠳᠬᠡᠮᠵᠢ ︵ᠲᠣᠰ ᠭᠠᠵᠠᠷ ᠤᠨ |
ᠭᠡᠷ ᠪᠠᠶᠢᠰᠢᠩ ᠲᠦᠷᠢᠶᠡᠰᠦᠯᠡᠬᠦ ᠭᠡᠷ᠎ᠡ ᠪᠤᠶᠤ ᠭᠡᠷ ᠬᠥᠷᠥᠩᠭᠡ ᠶᠢᠨ ᠦᠨᠡᠮᠯᠡᠯ ᠵᠢᠴᠢ ᠲᠠᠯᠠᠪᠤᠷ᠂ ᠪᠡᠯᠡᠳᠬᠡᠮᠵᠢ ᠶᠢᠨ |
ᠭᠡᠷᠡᠯ ᠵᠢᠷᠤᠭ ᠵᠡᠷᠭᠡ ᠶᠢ ᠬᠠᠩᠭᠠᠨ᠎ᠠ︶᠃ |
10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃ |
ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ |
ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠬᠠᠭᠤᠯᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ |
ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ |
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ ᠨᠢ 2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ ᠠᠴᠠ 2024 ᠣᠨ ᠤ 7 ᠳ᠋ᠤᠭᠠᠷ |
ᠰᠠᠷ᠎ᠠ ᠶᠢᠨ 23 ᠤ ᠡᠳᠦᠷ ᠪᠣᠯᠲᠠᠯ᠎ᠠ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 —12᠄ 00 |
ᠴᠠᠭ᠂ ᠦᠳᠡ ᠶᠢᠨ ᠬᠤᠶᠢᠨ᠎ᠠ 14᠄ 30 —17᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ |
ᠲᠤᠰᠢᠶᠠᠨ᠎ᠠ᠃ |
ᠲᠠᠪᠤ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠤᠨ |
ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ |
ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ |
ᠪᠤᠶᠢᠷ ᠤᠨ ᠡᠮᠦᠨ᠎ᠡ ᠵᠠᠮ ᠤᠨ 119 ᠳ᠋ᠦ᠋ᠭᠡᠷ ᠤᠰᠤᠨ ᠠᠰᠢᠭᠯᠠᠯᠲᠠ ᠶᠢᠨ ᠲᠢᠩᠬᠢᠮ ᠤᠨ ᠲᠣᠮᠣ ᠠᠰᠠᠷ ᠤᠨ 2119 |
ᠳ᠋ᠦ᠋ᠭᠡᠷ ᠥᠷᠥᠭᠡ |
ᠰᠢᠦᠳᠠᠨ ᠨᠣᠮᠧᠷ᠄ 010020 |
ᠬᠠᠷᠢᠯᠴᠠᠬᠤ ᠬᠦᠮᠦᠨ᠄ ᠫᠠᠨ ᠱᠣᠣ ᠪᠥᠸᠧ 0471 — 5259608 ᠯᠢ ᠶᠠᠩ 0471 – |
5259372 |
ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ |
ᠮᠡᠷᠭᠡᠵᠢᠯ ᠤᠨ ᠲᠥᠪ |
|
2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ |
|
|