ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠭᠤᠷᠪᠠᠳᠤᠭᠠᠷ ᠨᠣᠮᠧᠷᠲᠤ ᠲᠠᠶᠢᠹᠧᠩ ᠰᠠᠯᠬᠢ |
︽ᠭᠧ ᠮᠧᠢ︾ 7 ᠳ᠋ᠤᠭᠠᠷ ᠰᠠᠷ᠎ᠠ ᠶᠢᠨ 25 ᠤ ᠦᠳᠡ ᠶᠢᠨ ᠬᠤᠶᠢᠨ᠎ᠠ᠂ ᠹᠦᠵᠢᠶᠠᠨ ᠤ ᠳᠠᠯᠠᠶ ᠳᠠᠭᠠᠤ ᠬᠠᠭᠤᠷᠠᠶ ᠳᠤ |
ᠭᠠᠷᠤᠨ᠎ᠠ᠃ ᠡᠭᠦᠨ ᠤ ᠨᠥᠯᠥᠭᠡ ᠪᠠᠷ᠂ 7 ᠳ᠋ᠤᠭᠠᠷ ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ |
ᠹᠦᠵᠢᠶᠠᠨ᠂ ᠵᠧᠵᠢᠶᠠᠩ ᠤᠨ ᠳᠤᠮᠳᠠ ᠬᠡᠰᠡᠭ ᠤᠨ ᠡᠮᠦᠨ᠎ᠡ ᠬᠡᠰᠡᠭ ᠲᠤ ᠶᠡᠭᠡ ᠰᠢᠷᠦᠭᠦᠨ ᠪᠣᠷᠣᠭᠠᠨ ᠣᠷᠣᠵᠤ᠂ ᠬᠡᠰᠡᠭ |
ᠭᠠᠵᠠᠷ ᠣᠷᠣᠨ ᠳᠤ ᠣᠨᠴᠠ ᠶᠡᠭᠡ ᠰᠢᠷᠦᠭᠦᠨ ᠪᠣᠷᠣᠭᠠᠨ ᠣᠷᠣᠨ᠎ᠠ︔ ᠹᠦᠵᠢᠶᠠᠨ ᠤ ᠮᠢᠨᠵᠢᠶᠠᠩ ᠮᠥᠷᠡᠨ ᠵᠢᠴᠢ ᠳᠠᠯᠠᠢ |
ᠳᠠᠭᠠᠤ ᠣᠷᠣᠨ ᠤ ᠡᠯ᠎ᠡ ᠭᠤᠣᠯ᠂ ᠵᠧᠵᠢᠶᠠᠩ ᠤᠨ ᠴᠢᠶᠠᠨ ᠳᠠᠩ ᠵᠢᠶᠠᠩ ᠮᠥᠷᠡᠨ ᠤ ᠳᠡᠭᠡᠳᠦ ᠤᠷᠤᠰᠬᠠᠯ ᠵᠢᠴᠢ |
ᠵᠧᠵᠢᠶᠠᠩ ᠤᠨ ᠡᠮᠦᠨᠡᠲᠦ ᠳᠠᠯᠠᠢ ᠳᠠᠭᠠᠤ ᠣᠷᠣᠨ ᠤ ᠡᠯ᠎ᠡ ᠭᠤᠣᠯ ᠵᠡᠷᠭᠡ ᠭᠤᠣᠯ ᠮᠥᠷᠡᠨ ᠢᠯᠡᠷᠬᠡᠢ ᠳᠡᠭᠡᠭᠰᠢᠯᠡᠬᠦ |
ᠪᠣᠯᠤᠨ᠎ᠠ᠂ ᠡᠭᠦᠨ ᠳᠤ ᠹᠦᠵᠢᠶᠠᠨ ᠤ ᠮᠢᠨᠵᠢᠶᠠᠩ ᠮᠥᠷᠡᠨ ᠤ ᠳᠡᠭᠡᠳᠦ ᠤᠷᠤᠰᠬᠠᠯ ᠤᠨ ᠵᠢᠶᠠᠨ ᠰᠢ᠂ ᠹᠦ᠋ ᠲᠦᠨ ᠰᠢ᠂ |
ᠵᠧᠵᠢᠶᠠᠩ ᠤᠨ ᠴᠢᠶᠠᠨ ᠳᠠᠩ ᠵᠢᠶᠠᠩ᠂ ᠧᠦ ᠵᠢᠶᠠᠩ ᠵᠡᠷᠭᠡ ᠭᠤᠣᠯ ᠤᠷᠤᠰᠬᠠᠯ ᠳᠤ ᠰᠡᠷᠡᠮᠵᠢ ᠠᠴᠠ ᠳᠠᠪᠠᠭᠰᠠᠨ |
ᠦᠶᠡᠷ ᠤᠨ ᠭᠠᠮᠰᠢᠭ ᠭᠠᠷᠴᠤ᠂ ᠰᠢᠷᠦᠭᠦᠨ ᠪᠣᠷᠣᠭᠠᠨ ᠤ ᠣᠷᠣᠨ ᠤ ᠬᠡᠰᠡᠭ ᠳᠤᠮᠳᠠ ᠪᠠᠭ᠎ᠠ ᠭᠤᠣᠯ ᠤᠷᠤᠰᠬᠠᠯ ᠳᠤ |
ᠨᠡᠯᠢᠶᠡᠳ ᠶᠡᠭᠡ ᠦᠶᠡᠷ ᠪᠣᠯᠵᠤ ᠮᠡᠳᠡᠨ᠎ᠡ᠂ ᠳᠠᠯᠠᠢ ᠳᠠᠭᠠᠤ ᠣᠷᠣᠨ ᠤ ᠬᠡᠰᠡᠭ ᠳᠠᠪᠠᠯᠭᠠᠨ ᠨᠢ ᠰᠡᠷᠭᠡᠶᠢᠯᠡᠯᠲᠡ ᠶᠢᠨ |
ᠤᠷᠤᠰᠬᠠᠯ ᠠᠴᠠ ᠳᠠᠪᠠᠵᠤ᠂ ᠠᠭᠤᠯᠠᠨ ᠳᠣᠪᠤ ᠣᠷᠣᠨ ᠤ ᠠᠭᠤᠯᠠᠨ ᠦᠶᠡᠷ ᠤᠨ ᠭᠠᠮᠰᠢᠭ ᠤᠨ ᠠᠶᠤᠯ ᠨᠡᠯᠢᠶᠡᠳ |
ᠶᠡᠭᠡ ᠪᠠᠶᠢᠨ᠎ᠠ᠃ |
ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ |
ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠲᠠᠶᠢᠹᠧᠩ ᠰᠠᠯᠬᠢᠨ ᠤ ᠨᠡᠭᠦᠳᠡᠯ ᠵᠠᠮ ᠪᠣᠯᠤᠨ |
ᠨᠥᠯᠥᠭᠡᠯᠡᠭᠳᠡᠭᠰᠡᠨ ᠣᠷᠣᠨ ᠪᠦᠰᠡ ᠶᠢᠨ ᠪᠣᠷᠣᠭᠠᠨ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ |
ᠬᠡᠷᠡᠭᠲᠡᠶ ᠭᠡᠵᠦ ᠱᠠᠭᠠᠷᠳᠠᠪᠠ᠃ 7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠤᠰᠤᠨ |
ᠠᠰᠢᠭᠯᠠᠯᠲᠠ ᠶᠢᠨ ᠶᠠᠮᠤᠨ ᠦᠶᠡᠷ ᠢ ᠰᠡᠷᠭᠡᠶᠢᠯᠡᠬᠦ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ 3 ᠳ᠋ᠤᠭᠠᠷ |
ᠲᠣᠭᠠᠲᠤ ᠲᠠᠶᠢᠹᠧᠩ ᠰᠠᠯᠬᠢᠨ ᠤ ︽ᠭᠧ ᠮᠸᠢ︾ ᠬᠥᠭᠵᠢᠯᠲᠡ ᠶᠢᠨ ᠬᠥᠳᠡᠯᠦᠯ ᠪᠠᠶᠢᠳᠠᠯ ᠪᠠ ᠪᠣᠷᠣᠭᠠᠨ ᠤ ᠪᠠᠶᠢᠳᠠᠯ |
ᠦᠶᠡᠷ ᠤᠨ ᠪᠠᠶᠢᠳᠠᠯ ᠢ ᠭᠤᠤᠯᠳᠠᠯᠭ᠎ᠠ ᠲᠠᠢ ᠰᠤᠳᠤᠯᠤᠨ ᠮᠠᠭᠠᠳᠯᠠᠵᠤ᠂ ᠦᠶᠡᠷ ᠢ ᠰᠡᠷᠭᠡᠶᠢᠯᠡᠬᠦ ᠭᠤᠤᠯᠳᠠᠯᠭ᠎ᠠ ᠲᠠᠢ |
ᠠᠵᠢᠯ ᠢ ᠨᠠᠷᠢᠨ ᠨᠢᠮᠪᠠᠶ ᠪᠠᠶᠢᠷᠢᠯᠠᠭᠤᠯᠪᠠ︔ 14 ᠴᠠᠭ ᠲᠤ ᠵᠧᠵᠢᠶᠠᠩ᠂ ᠹᠦᠵᠢᠶᠠᠨ ᠬᠤᠶᠠᠷ ᠮᠤᠵᠢ ᠶᠢᠨ ᠦᠶᠡᠷ ᠤᠨ |
ᠰᠡᠷᠭᠡᠶᠢᠯᠡᠯᠲᠡ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠶᠢᠨ ᠬᠠᠮᠲᠤ 2 |
ᠠᠵᠢᠯᠯᠠᠬᠤ ᠳᠤᠭᠤᠶᠢᠯᠠᠩ ᠲᠣᠮᠢᠯᠠᠨ ᠵᠧᠵᠢᠶᠠᠩ᠂ ᠹᠦᠵᠢᠶᠠᠨ ᠳᠤ ᠣᠴᠢᠭᠤᠯᠵᠤ ᠲᠠᠶᠢᠹᠧᠩ ᠰᠢᠷᠦᠭᠦᠨ ᠪᠣᠷᠣᠭᠠᠨ ᠤ |
ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠵᠢᠯᠣᠭᠤᠳᠪᠠ︔ ︽ᠨᠢᠭᠡ ᠮᠤᠵᠢ ᠨᠢᠭᠡ ᠲᠠᠩᠰᠠ︾ |
ᠬᠠᠷᠠᠯᠲᠠ ᠲᠠᠢ ᠪᠠᠷ ᠤᠷᠢᠳᠴᠢᠯᠠᠨ ᠰᠡᠷᠡᠮᠵᠢᠯᠡᠭᠦᠯᠵᠦ᠂ ᠣᠷᠣᠨ ᠨᠤᠲᠤᠭ ᠢ ᠰᠢᠪᠠᠳᠠᠨ ᠵᠢᠯᠣᠭᠤᠳᠴᠤ ᠪᠠᠶᠢᠭᠠᠳ |
ᠲᠠᠶᠢᠹᠧᠩ ᠰᠠᠯᠬᠢ ᠪᠠ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ᠂ |
ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠤᠰᠤᠨ ᠤ ᠢᠨᠵᠧᠨᠧᠷᠢᠩ ᠢ |
ᠰᠢᠨᠵᠢᠯᠡᠬᠦ ᠤᠬᠠᠭᠠᠨᠴᠢ ᠪᠠᠷ ᠨᠠᠷᠢᠯᠢᠭ ᠳᠣᠭᠢᠷᠠᠭᠤᠯᠤᠨ᠂ ᠳᠤᠮᠳᠠ ᠵᠢᠵᠢᠭ ᠤᠰᠤᠨ ᠴᠥᠭᠦᠷᠥᠮ ᠪᠠ ᠪᠠᠶᠢᠭᠤᠯᠵᠤ |
ᠪᠠᠶᠢᠭ᠎ᠠ ᠢᠨᠵᠧᠨᠧᠷᠢᠩ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠳᠤᠮᠳᠠ ᠵᠢᠵᠢᠭ ᠭᠤᠤᠯ ᠮᠥᠷᠡᠨ ᠤ |
ᠦᠶᠡᠷ ᠤᠨ ᠤᠰᠤ ᠶᠢ ᠰᠡᠷᠭᠡᠶᠢᠯᠡᠬᠦ ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠣᠷᠣᠨ ᠨᠤᠲᠤᠭ ᠤᠨ |
ᠵᠠᠰᠠᠭ ᠤᠨ ᠣᠷᠳᠣᠨ ᠳᠤ ᠴᠠᠭ ᠲᠤᠬᠠᠶ ᠳᠤᠨᠢ ᠳᠡᠪᠰᠢᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ |
ᠲᠦᠪᠰᠢᠨ ᠢ ᠦᠨᠡᠨ ᠬᠦ ᠪᠠᠲᠤᠯᠠᠪᠠ᠃ ᠣᠳᠣᠬᠠᠨ ᠳᠤ᠂ ᠵᠧᠵᠢᠶᠠᠩ᠂ ᠹᠦᠵᠢᠶᠠᠨ ᠮᠤᠵᠢ ᠶᠢᠨ ᠤᠰᠤᠨ |
ᠠᠰᠢᠭᠯᠠᠯᠲᠠ ᠶᠢᠨ ᠲᠢᠩᠬᠢᠮ ᠨᠢᠭᠡᠨᠲᠡ ᠲᠣᠰ ᠲᠣᠰ ᠦᠶᠡᠷ ᠤᠨ ᠰᠡᠷᠭᠡᠶᠢᠯᠡᠯᠲᠡ ᠶᠢᠨ Ⅲ ᠲᠠᠰ᠂ Ⅱ ᠲᠠᠰ ᠤᠨ |
ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠤᠰᠤᠨ ᠠᠰᠢᠭᠯᠠᠯᠲᠠ ᠶᠢᠨ ᠶᠠᠮᠤᠨ ᠲᠠᠢ ᠬᠤ᠋ ᠨᠠᠭᠤᠷ ᠤᠨ |
ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠦᠶᠡᠷ ᠤᠨ ᠤᠰᠤ ᠶᠢ ᠬᠤᠷᠢᠭᠯᠠᠬᠤ Ⅲ ᠲᠠᠰ ᠤᠨ |
ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠲᠠᠶᠢᠹᠧᠩ ᠰᠠᠯᠬᠢ ᠰᠢᠷᠦᠭᠦᠨ ᠪᠣᠷᠣᠭᠠᠨ ᠣᠷᠣᠬᠤ ᠶᠢ |
ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ |
|