| ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠬᠦᠢᠲᠡᠨ ᠳᠤᠯᠠᠭᠠᠨ ᠠᠭᠠᠷ ᠤᠨ |
ᠬᠠᠮᠲᠤ ᠶᠢᠨ ᠨᠦᠯᠦᠭᠡ ᠪᠠᠷ᠂ 7 ᠳ᠋ᠤᠭᠠᠷ ᠰᠠᠷ᠎ᠠ ᠶᠢᠨ 24 ᠤ ᠡᠲᠦᠷ ᠠᠴᠠ 25 ᠤ ᠡᠲᠦᠷ ᠪᠤᠯᠳᠠᠯ᠎ᠠ ᠪᠡᠭᠡᠵᠢᠩ |
ᠲᠢᠶᠠᠨᠵᠢᠨ ᠾᠧᠪᠧᠶ ᠳᠤ ᠶᠡᠭᠡ ᠪᠤᠷᠤᠭᠠᠨ ᠤᠷᠤᠬᠤ ᠪᠤᠯᠤᠨ᠎ᠠ︔ ᠪᠡᠭᠡᠵᠢᠩ ᠲᠢᠶᠠᠨᠵᠢᠨ ᠾᠧᠪᠧᠶ ᠳᠤ ᠪᠠᠰᠠ ᠨᠢᠭᠡ |
ᠤᠳᠠᠭᠠᠨ ᠤ ᠰᠢᠷᠦᠭᠦᠨ ᠪᠣᠷᠣᠭᠠᠨ ᠣᠷᠣᠵᠤ᠂ ᠳᠣᠭᠰᠢᠨ ᠪᠣᠷᠣᠭᠠᠨ ᠢᠶᠠᠷ ᠭᠤᠣᠯ ᠪᠣᠯᠭᠠᠵᠤ᠂ ᠬᠠᠶ ᠾᠧ ᠭᠤᠣᠯ ᠤᠨ |
ᠰᠠᠪᠠ ᠭᠠᠵᠠᠷ ᠤᠨ ᠵᠠᠷᠢᠮ ᠭᠤᠣᠯ ᠮᠥᠷᠡᠨ ᠤᠰᠤᠨ ᠳᠤ ᠣᠷᠣᠬᠤ ᠶᠠᠪᠤᠴᠠ ᠲᠠᠢ ᠪᠣᠯᠵᠤ᠂ ᠳᠣᠭᠰᠢᠨ ᠪᠣᠷᠣᠭᠠᠨ ᠤ |
ᠣᠷᠣᠨ ᠳᠤ ᠬᠡᠰᠡᠭ ᠳᠤᠮᠳᠠ ᠵᠢᠵᠢᠭ ᠭᠤᠣᠯ ᠦᠶᠡᠷᠯᠡᠵᠡᠶ᠃ |
ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ |
ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠣᠶᠢᠷ᠎ᠠ ᠶᠢᠨ ᠬᠤᠭᠤᠴᠠᠭᠠᠨ ᠤ ᠤᠮᠠᠷᠠᠲᠤ |
ᠣᠷᠣᠨ ᠳᠤ ᠰᠢᠷᠦᠭᠦᠨ ᠪᠣᠷᠣᠭᠠᠨ ᠣᠷᠣᠬᠤ ᠶᠢ ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠲᠠ ᠬᠢᠵᠦ᠂ ᠬᠤᠷᠢᠭ᠎ᠠ |
ᠱᠤᠭᠤᠮ ᠤᠨ ᠰᠡᠳᠬᠢᠬᠦᠶ᠂ ᠲᠦᠢᠯ ᠤᠨ ᠬᠢᠵᠠᠭᠠᠷᠯᠠᠬᠤ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠴᠠᠭ |
ᠠᠭᠤᠷ ᠤᠨ ᠬᠤᠪᠢᠷᠠᠯᠲᠠ ᠶᠢᠨ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠰᠢᠷᠦᠭᠦᠨ ᠪᠣᠷᠣᠭᠠᠨ ᠦᠶᠡᠷ ᠤᠨ ᠤᠰᠤ ᠶᠢ |
ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ 7 ᠳ᠋ᠤᠭᠠᠷ |
ᠰᠠᠷ᠎ᠠ ᠶᠢᠨ 24 ᠤ ᠡᠳᠦᠷ ᠤᠨ 19 ᠴᠠᠭ ᠲᠤ᠂ ᠤᠰᠤᠨ ᠠᠰᠢᠭᠯᠠᠯᠲᠠ ᠶᠢᠨ ᠶᠠᠮᠤᠨ ᠠᠴᠠ ᠪᠡᠭᠡᠵᠢᠩ᠂ ᠲᠢᠶᠠᠨᠵᠢᠨ᠂ |
ᠾᠧᠪᠸᠢ ︵ᠰᠢᠭᠤᠳ ᠬᠠᠷᠢᠶ᠎ᠠ ᠬᠤᠲᠠ︶ ᠳᠤ ᠴᠢᠭᠯᠡᠭᠦᠯᠦᠨ ᠦᠶᠡᠷ ᠤᠨ ᠭᠠᠮᠰᠢᠭ ᠢ ᠰᠡᠷᠭᠡᠶᠢᠯᠡᠬᠦ Ⅳᠲᠠᠰ ᠤᠨ |
ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠬᠢᠯᠡᠭᠦᠯᠬᠦ ᠶᠢᠨ ᠬᠠᠮᠲᠤ ᠮᠡᠳᠡᠭᠳᠡᠯ ᠭᠠᠷᠭᠠᠵᠤ᠂ ᠬᠢᠨᠠᠨ ᠬᠡᠮᠵᠢᠵᠦ |
ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ |
ᠰᠠᠬᠢᠬᠤ ᠶᠢ ᠴᠢᠩᠭᠠᠳᠬᠠᠵᠤ᠂ ᠤᠰᠤᠨ ᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠤᠰᠤᠨ |
ᠴᠥᠭᠦᠷᠥᠮ ᠵᠡᠷᠭᠡ ᠢᠨᠵᠧᠨᠧᠷᠢᠩ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ᠂ ᠬᠤᠲᠠ ᠶᠢᠨ ᠤᠰᠤᠲᠤᠯ ᠢ |
ᠵᠠᠯᠠᠬᠤ᠂ ᠳᠤᠮᠳᠠ ᠵᠢᠵᠢᠭ ᠭᠤᠤᠯ ᠮᠥᠷᠡᠨ ᠤ ᠦᠶᠡᠷ ᠤᠨ ᠤᠰᠤ ᠪᠠ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ |
ᠵᠡᠷᠭᠡ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ |
ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠤᠰᠤᠨ ᠠᠰᠢᠭᠯᠠᠯᠲᠠ ᠶᠢᠨ ᠶᠠᠮᠤᠨ ᠲᠡᠷᠡ |
ᠳᠠᠷᠤᠶ ᠳᠤᠨᠢ ᠠᠵᠢᠯᠯᠠᠬᠤ ᠳᠤᠭᠤᠶᠢᠯᠠᠩ ᠲᠣᠮᠢᠯᠠᠨ ᠪᠡᠭᠡᠵᠢᠩ᠂ ᠲᠢᠶᠠᠨᠵᠢᠨ᠂ ᠾᠧᠪᠧᠶ ᠳᠤ ᠬᠦᠷᠴᠦ ᠰᠢᠷᠦᠭᠦᠨ |
ᠪᠣᠷᠣᠭᠠᠨ ᠦᠶᠡᠷ ᠤᠨ ᠤᠰᠤ ᠶᠢ ᠰᠡᠷᠭᠡᠶᠢᠯᠡᠬᠦ ᠠᠵᠢᠯ ᠢ ᠬᠠᠪᠰᠤᠷᠤᠨ ᠵᠢᠯᠣᠭᠤᠳᠪᠠ᠃ |
ᠪᠡᠭᠡᠵᠢᠩ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠨᠢᠭᠡᠨᠲᠡ ᠦᠶᠡᠷ ᠢ ᠰᠡᠷᠭᠡᠶᠢᠯᠡᠵᠦ ᠤᠰᠤᠲᠤᠯ ᠢ |
ᠵᠠᠯᠠᠬᠤ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠵᠦ᠂ ᠲᠢᠶᠠᠨᠵᠢᠨ ᠬᠤᠲᠠ ᠶᠢᠨ |
ᠤᠰᠤᠨ ᠤ ᠶᠠᠪᠤᠳᠠᠯ ᠤᠨ ᠲᠣᠪᠴᠢᠶ᠎ᠠ ᠦᠶᠡᠷ ᠤᠰᠤᠲᠤᠯ ᠤᠨ ᠭᠠᠮᠰᠢᠭ ᠢ ᠰᠡᠷᠭᠡᠶᠢᠯᠡᠬᠦ Ⅲ ᠲᠠᠰ ᠤᠨ ᠪᠠᠴᠢᠮ |
ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠵᠦ᠂ ᠾᠧᠪᠸᠢ ᠮᠤᠵᠢ ᠶᠢᠨ ᠤᠰᠤᠨ ᠠᠰᠢᠭᠯᠠᠯᠲᠠ ᠶᠢᠨ ᠲᠢᠩᠬᠢᠮ |
ᠪᠠ ᠤᠰᠤᠨ ᠠᠰᠢᠭᠯᠠᠯᠲᠠ ᠶᠢᠨ ᠶᠠᠮᠤᠨ ᠤ ᠬᠠᠶ ᠾᠧ ᠤᠰᠤᠨ ᠠᠰᠢᠭᠯᠠᠯᠲᠠ ᠶᠢᠨ ᠵᠥᠪᠯᠡᠯ ᠴᠥᠮ ᠦᠶᠡᠷ ᠤᠨ |
ᠤᠰᠤ ᠶᠢ ᠰᠡᠷᠭᠡᠶᠢᠯᠡᠬᠦ Ⅳᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠵᠦ᠂ ᠬᠤᠲᠠ ᠶᠢᠨ |
ᠤᠰᠤᠲᠤᠯ᠂ ᠳᠤᠮᠳᠠ ᠵᠢᠵᠢᠭ ᠭᠤᠤᠯ ᠮᠥᠷᠡᠨ ᠤ ᠦᠶᠡᠷ ᠤᠨ ᠤᠰᠤ ᠪᠠ ᠠᠭᠤᠯᠠᠨ ᠦᠶᠡᠷ ᠤᠨ ᠭᠠᠮᠰᠢᠭ ᠵᠡᠷᠭᠡ |
ᠲᠦᠭᠰᠢᠭᠦᠷᠢ ᠶᠢ ᠤᠯᠠᠮ ᠨᠢᠭᠡ ᠠᠯᠬᠤᠮ ᠡᠮᠬᠢᠯᠡᠨ ᠪᠠᠶᠢᠴᠠᠭᠠᠵᠤ᠂ ᠰᠢᠷᠦᠭᠦᠨ ᠪᠣᠷᠣᠭᠠᠨ ᠤ ᠦᠶᠡᠷ ᠤᠨ ᠤᠰᠤ ᠶᠢ |
ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠵᠦ᠂ ᠰᠡᠷᠭᠡᠶᠢᠯᠡᠨ ᠠᠷᠭᠠᠴᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ |
ᠨᠠᠶᠢᠳᠠᠪᠤᠷᠢᠵᠢᠭᠤᠯᠪᠠ᠃ |
|