| ︽︿ᠴᠢᠳᠠᠪᠤᠷᠢᠲᠠᠨ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ |
ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ |
ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ |
ᠲᠢᠩᠬᠢᠮ ᠤᠨ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠦᠢᠯᠡᠰ ᠤᠨ ᠨᠢᠭᠡᠴᠢ ᠶᠢᠨ |
︿ᠰᠠᠭᠠᠳ ᠥᠬᠡᠶ ᠨᠡᠪᠲᠡᠷᠡᠬᠦ ᠵᠠᠮ﹀ ᠢ ᠣᠷᠣᠭᠤᠯᠤᠨ ᠠᠪᠴᠢᠷᠠᠵᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ |
ᠬᠢᠨᠠᠨ ᠵᠥᠪᠰᠢᠶᠡᠷᠡᠬᠦ ᠲᠦᠷᠢᠮ ᠢ ᠳᠠᠩᠰᠠᠯᠠᠬᠤ ᠲᠦᠷᠢᠮ ᠤᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ |
︵ᠥᠪᠥᠷ ᠬᠥᠮᠦᠨ ᠤ ᠬᠦᠴᠦᠨ ᠨᠡᠶᠢᠭᠡᠮ ᠲᠠᠷᠬᠠᠭᠠᠭᠰᠠᠨ ﹇2022﹈ 78 ᠳ᠋ᠤᠭᠠᠷ ᠲᠣᠭᠠᠲᠤ︶ ᠤᠨ |
ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠠᠴᠠ ᠴᠢᠳᠠᠪᠤᠷᠢᠲᠠᠨ ᠣᠷᠣᠭᠤᠯᠤᠨ |
ᠠᠪᠴᠢᠷᠠᠬᠤ ᠠᠯᠪᠠᠨ ᠵᠠᠷ᠂ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠦᠨᠡᠯᠡᠨ |
ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢ ᠨᠡᠶᠢᠲᠡᠯᠡᠵᠦ᠂ |
ᠨᠡᠶᠢᠲᠡ 1 ᠬᠥᠮᠦᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠵᠤ᠂ ᠡᠳᠦᠭᠡ |
ᠣᠷᠣᠭᠤᠯᠤᠨ ᠠᠪᠴᠢᠷᠠᠬᠤ ᠪᠠᠷ ᠪᠠᠶᠢᠭ᠎ᠠ ᠳᠡᠭᠡᠳᠦ ᠲᠠᠰ ᠤᠨ ᠬᠥᠮᠦᠰ ᠵᠢᠴᠢ ᠣᠷᠣᠭᠤᠯᠤᠨ ᠠᠪᠴᠢᠷᠠᠬᠤ ᠪᠠᠷ ᠪᠠᠶᠢᠭ᠎ᠠ |
ᠨᠢᠭᠡᠴᠢ ᠶᠢ ᠢᠯᠡ ᠨᠡᠶᠢᠲᠡᠯᠡᠪᠡ᠃ |
ᠨᠢᠭᠡ᠂ ᠢᠯᠡ ᠨᠡᠶᠢᠲᠡᠯᠡᠬᠦ ᠡᠲᠡᠭᠡᠳ |
ᠳ᠋ᠤᠸᠠᠨ ᠮᠧᠩ᠂ ᠡᠮᠡᠭᠲᠡᠢ᠂ 1986 ᠣᠨ ᠤ 4 ᠰᠠᠷ᠎ᠠ ᠳᠤ ᠲᠦᠷᠦᠵᠠᠢ᠂ ᠤᠰᠤᠨ ᠠᠰᠢᠭᠯᠠᠯᠲᠠ ᠶᠢᠨ |
ᠢᠨᠵᠧᠨᠧᠷᠢᠩ ᠤᠨ ᠲᠤᠰᠬᠠᠢ ᠮᠡᠷᠭᠡᠵᠢᠯ᠂ ᠳ᠋ᠣᠺᠲ᠋ᠣᠷ ᠤᠨ ᠰᠤᠳᠤᠯᠤᠨ ᠰᠤᠷᠤᠭᠴᠢ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ |
ᠬᠦᠷᠢᠶᠡᠯᠡᠩ ᠤᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ ᠶᠢ |
ᠤᠷᠢᠬᠤ ᠪᠠᠷ ᠲᠥᠯᠥᠪᠯᠡᠵᠦ ᠪᠠᠶᠢᠨ᠎ᠠ᠃ |
ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ |
2024 ᠣᠨ ᠤ 7 ᠳ᠋ᠤᠭᠠᠷ ᠰᠠᠷ᠎ᠠ ᠶᠢᠨ 25 ᠤ ᠡᠳᠦᠷ ᠠᠴᠠ 2024 ᠣᠨ ᠤ 7 ᠳ᠋ᠤᠭᠠᠷ ᠰᠠᠷ᠎ᠠ ᠶᠢᠨ |
31 ᠤ ᠡᠳᠦᠷ ᠪᠣᠯᠲᠠᠯ᠎ᠠ |
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ |
ᠨᠢᠭᠡᠴᠢ ᠪᠠ ᠬᠤᠪᠢ ᠬᠥᠮᠦᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ |
ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ |
ᠪᠣᠯᠤᠨ᠎ᠠ᠂ ᠲᠤᠰᠬᠠᠬᠤ ᠮᠠᠲ᠋ᠧᠷᠢᠶᠠᠯ ᠤᠨ ᠨᠢᠭᠡᠴᠢ ᠠᠴᠠ ᠠᠯᠪᠠᠨ ᠲᠠᠮᠠᠭ᠎ᠠ ᠳᠠᠷᠤᠬᠤ ᠴᠢᠬᠤᠯᠠᠲᠠᠶ᠂ ᠬᠤᠪᠢ ᠬᠥᠮᠦᠨ |
ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠬᠤ ᠬᠡᠷᠡᠭᠲᠡᠶ᠃ |
ᠬᠦᠯᠢᠶᠡᠨ ᠠᠪᠬᠤ ᠴᠠᠭ᠄ ᠦᠳᠡ ᠶᠢᠨ ᠡᠮᠦᠨ᠎ᠡ 9᠄ 00 — 12᠄ 00᠂ ᠦᠳᠡ ᠶᠢᠨ ᠬᠤᠶᠢᠨ᠎ᠠ 14᠄ |
30 —17᠄ 00 |
ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0471 — 5259546᠂ 0471 – 3458239 |
|
ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ |
2024 ᠣᠨ ᠤ 7 ᠳ᠋ᠤᠭᠠᠷ ᠰᠠᠷ᠎ᠠ ᠶᠢᠨ 24 ᠤ ᠡᠳᠦᠷ |
|