| ᠬᠡᠯᠬᠢᠶᠡᠰᠦᠨ ᠨᠣᠮᠧᠷ᠄ 000014348/2024 — 04712 |
ᠭᠤᠣᠯ ᠰᠡᠳᠦᠪ ᠤᠨ ᠠᠩᠭᠢᠯᠠᠯ᠄ ᠪᠤᠰᠤᠳ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 49 ᠳ᠋ᠦ᠋ᠭᠡᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 7 ᠳ᠋ᠤᠭᠠᠷ ᠰᠠᠷ᠎ᠠ ᠶᠢᠨ 22 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠤᠯᠤᠰ ᠤᠨ ᠴᠠᠬᠢᠯᠭᠠᠨ ᠲᠣᠤᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ |
ᠺᠣᠮᠫᠠᠨᠢ᠄ |
ᠮᠠᠨ ᠤ ᠲᠢᠩᠬᠢᠮ ᠨᠢ 2024 ᠣᠨ ᠤ 6 ᠳ᠋ᠤᠭᠠᠷ ᠰᠠᠷ᠎ᠠ ᠶᠢᠨ 20 ᠤ ᠡᠳᠦᠷ ᠲᠠᠨ ᠤ ᠺᠣᠮᠫᠠᠨᠢ ᠶᠢᠨ |
ᠳᠤᠷᠠᠳᠤᠭᠰᠠᠨ ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠤᠰᠤ |
ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠤᠨ ᠭᠤᠶᠤᠴᠢᠯᠠᠯ ᠢ ᠭᠥᠯᠢᠶᠡᠨ ᠠᠪᠴᠤ |
ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ |
ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ |
ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ |
ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ |
ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃ |
ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠲᠦᠩᠯᠢᠶᠣᠤ |
ᠬᠤᠳᠠ ᠶᠢᠨ ᠵᠠᠷᠤᠳ ᠬᠤᠰᠢᠭᠤ ᠪᠣᠯᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ |
ᠲᠦᠴᠢᠦᠸᠠᠨ ᠰᠢᠶᠠᠨ ᠤ ᠬᠢᠯᠢ ᠳᠤ ᠪᠤᠢ᠃ ᠢᠨᠵᠧᠨᠧᠷᠢᠩ ᠨᠢ ᠬᠦᠴᠦᠳᠡᠯ ᠥᠭᠡᠷᠡᠴᠢᠯᠡᠬᠦ ᠥᠷᠲᠡᠭᠡ ᠶᠢᠨ ᠥᠷᠭᠡᠳᠬᠡᠨ |
ᠪᠠᠶᠢᠭᠤᠯᠬᠤ ᠲᠣᠭᠤᠷᠢᠭ᠂ ᠬᠦᠴᠦᠳᠡᠯ ᠥᠭᠡᠷᠡᠴᠢᠯᠡᠬᠦ ᠥᠷᠲᠡᠭᠡ ᠶᠢᠨ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ |
ᠰᠤᠪᠤᠷᠭ᠎ᠠ ᠶᠢᠨ ᠰᠠᠭᠤᠷᠢ ᠲᠣᠭᠤᠷᠢᠭ᠂ ᠰᠤᠪᠤᠷᠭ᠎ᠠ ᠶᠢᠨ ᠰᠠᠭᠤᠷᠢ ᠶᠢᠨ ᠪᠠᠷᠢᠯᠭ᠎ᠠ ᠶᠢᠨ ᠲᠣᠭᠤᠷᠢᠭ᠂ ᠴᠢᠷᠦᠭᠦᠯ |
ᠲᠠᠯᠠᠪᠤᠷ᠂ ᠪᠠᠷᠢᠯᠭ᠎ᠠ ᠪᠠᠷᠢᠬᠤ ᠭᠠᠵᠠᠷ᠂ ᠳᠥᠭᠦᠮ ᠵᠠᠮ ᠵᠡᠷᠭᠡ ᠪᠠᠷ ᠪᠦᠷᠢᠯᠳᠦᠵᠦ᠂ ᠶᠡᠷᠦᠩᠬᠡᠶ ᠲᠠᠯᠠᠪᠠᠢ ᠨᠢ 224. |
86 ᠾᠧᠺᠲ᠋ᠠᠷ᠂ ᠰᠢᠷᠣᠶ ᠴᠢᠯᠠᠭᠤᠨ ᠤ ᠠᠵᠢᠯ ᠤᠨ ᠶᠡᠷᠦᠩᠬᠡᠶ ᠬᠡᠮᠵᠢᠶ᠎ᠡ ᠨᠢ 82.26 ᠲᠦᠮᠡᠨ ᠪᠣᠰᠤᠭ᠎ᠠ |
ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 109488 ᠲᠦᠮᠡᠨ ᠲᠥᠭᠦᠷᠢᠭ ᠪᠣᠯᠤᠨ᠎ᠠ᠃ |
ᠢᠨᠵᠧᠨᠧᠷᠢᠩ ᠢ 2024 ᠣᠨ ᠤ 10 ᠳ᠋ᠤᠭᠠᠷ ᠰᠠᠷ᠎ᠠ ᠳᠤ ᠡᠬᠢᠯᠡᠭᠦᠯᠵᠦ᠂ 2026 ᠣᠨ ᠤ 9 ᠳ᠋ᠦ᠋ᠭᠡᠷ ᠰᠠᠷ᠎ᠠ ᠶᠢᠨ |
ᠰᠡᠭᠦᠯᠴᠢ ᠪᠠᠷ ᠪᠠᠶᠢᠭᠤᠯᠵᠤ ᠳᠠᠭᠤᠰᠬᠠᠵᠤ᠂ ᠶᠡᠷᠦᠩᠬᠡᠢ ᠠᠵᠢᠯ ᠤᠨ ᠬᠤᠭᠤᠴᠠᠭ᠎ᠠ ᠨᠢ 24 ᠰᠠᠷ᠎ᠠ ᠪᠠᠷ ᠲᠥᠯᠥᠪᠯᠡᠵᠦ |
ᠪᠠᠶᠢᠨ᠎ᠠ᠃ |
ᠨᠢᠭᠡ᠂ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ |
︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ |
ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠣᠯ 224.86 ᠾᠧᠺᠲ᠋ᠠᠷ ᠪᠣᠯᠤᠨ᠎ᠠ᠃ |
︵ᠬᠤᠶᠠᠷ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠳᠤ ᠵᠡᠭᠦᠨ ᠬᠤᠶᠢᠲᠤ ᠶᠢᠨ ᠬᠠᠷ᠎ᠠ |
ᠬᠥᠷᠥᠰᠥᠲᠦ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠥᠪᠰᠢᠶᠡᠷᠡᠨ᠎ᠡ᠃ |
︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ |
ᠬᠠᠷᠠᠯᠲᠠ ᠪᠣᠯ᠄ ᠤᠰᠤ ᠰᠢᠷᠤᠢ ᠶᠢᠨ ᠢᠳᠡᠭᠳᠡᠯ ᠢ ᠵᠠᠰᠠᠬᠤ ᠬᠡᠮᠵᠢᠶ᠎ᠡ 97%᠂ ᠤᠰᠤ ᠰᠢᠷᠤᠢ ᠶᠢᠨ ᠢᠳᠡᠭᠳᠡᠯ ᠢ |
ᠬᠢᠵᠠᠭᠠᠷᠯᠠᠬᠤ ᠨᠣᠷᠮ᠎ᠠ 1.0 ᠪᠠᠶᠢᠵᠤ᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 97%᠂ ᠤᠰᠤ |
ᠰᠢᠷᠤᠢ ᠶᠢᠨ ᠬᠠᠮᠠᠭᠠᠯᠠᠯᠲᠠ ᠶᠢᠨ ᠨᠣᠷᠮ᠎ᠠ 98%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ |
ᠰᠡᠷᠭᠦᠭᠡᠬᠦ ᠨᠣᠷᠮ᠎ᠠ 97% ᠳᠤ ᠬᠦᠷᠴᠦ᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 27% ᠳᠤ |
ᠬᠥᠷᠪᠡ᠃ |
︵ᠲᠦᠷᠪᠡ︶ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ |
ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ |
︵ᠲᠠᠪᠤ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠰᠢᠷᠤᠢ ᠶᠢ ᠬᠠᠮᠠᠭᠠᠯᠠᠬᠤ ᠨᠥᠬᠦᠪᠦᠷᠢ ᠮᠥᠩᠭᠦ |
382.26 ᠲᠦᠮᠡᠨ ᠲᠥᠭᠦᠷᠢᠭ ︵ᠡᠭᠦᠨ ᠳᠤ᠄ ᠵᠠᠷᠤᠳ ᠬᠤᠰᠢᠭᠤ 146.93 ᠲᠦᠮᠡᠨ ᠲᠥᠭᠦᠷᠢᠭ᠂ ᠬᠤᠷᠴᠢᠨ |
ᠪᠠᠷᠠᠭᠤᠨ ᠭᠠᠷᠤᠨ ᠳᠤᠮᠳᠠᠳᠤ ᠬᠤᠰᠢᠭᠤ 200.04 ᠲᠦᠮᠡᠨ ᠲᠥᠭᠦᠷᠢᠭ᠂ ᠲᠦᠴᠢᠦᠸᠠᠨ ᠰᠢᠶᠠᠨ 35.29 |
ᠲᠦᠮᠡᠨ ᠲᠥᠭᠦᠷᠢᠭ ︶ ᠢ ᠦᠨᠳᠦᠰᠦᠨ ᠳᠡᠭᠡᠨ ᠵᠥᠪᠰᠢᠶᠡᠷᠡᠪᠡ᠃ |
ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ |
ᠠᠷᠠᠳ ᠤᠯᠤᠰ ᠤᠨ ᠤᠰᠤ ᠰᠢᠷᠤᠢ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ |
ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ |
︵ᠨᠢᠭᠡ︶ ᠵᠥᠪᠰᠢᠶᠡᠷᠡᠭᠰᠡᠨ ᠤᠰᠤ ᠰᠢᠷᠤᠢ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠰᠢᠷᠤᠢ ᠶᠢ |
ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ |
ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ︽ |
ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ |
︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠰᠢᠷᠤᠢ ᠶᠢ ᠬᠠᠮᠠᠭᠠᠯᠠᠬᠤ ᠡᠯ᠎ᠡ |
ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ |
ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ |
ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠰᠢᠷᠤᠢ ᠶᠢ |
ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠦᠷ ᠴᠠᠭ ᠰᠢᠷᠣᠶ ᠣᠪᠣᠭᠠᠯᠠᠬᠤ |
ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠠᠭ |
ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ |
ᠤᠷ᠎ᠠ ᠮᠡᠷᠭᠡᠰᠢᠯ ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠡᠰ ᠳᠠᠷᠠᠭᠠᠯᠠᠯ ᠪᠠ ᠤᠰᠤ ᠰᠢᠷᠤᠢ ᠶᠢ |
ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ |
ᠬᠤᠭᠤᠴᠠᠭᠠᠨ ᠳᠠᠬᠢ ᠤᠰᠤ ᠰᠢᠷᠤᠢ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃ |
︵ᠭᠤᠷᠪᠠ︶ ᠤᠰᠤ ᠰᠢᠷᠤᠢ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ ᠤᠰᠤ |
ᠰᠢᠷᠤᠢ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ |
ᠮᠠᠨ ᠤ ᠲᠢᠩᠬᠢᠮ ᠵᠢᠴᠢ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠢᠩᠭᠠᠨ ᠠᠶᠢᠮᠠᠭ ᠤᠨ |
ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ |
ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ |
︵ᠲᠦᠷᠪᠡ︶ ᠤᠰᠤ ᠰᠢᠷᠤᠢ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ |
ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ᠃ |
︵ᠲᠠᠪᠤ︶ ᠤᠰᠤ ᠰᠢᠷᠤᠢ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ |
ᠲᠤᠭ᠎ᠠ ᠪᠠᠷ ᠲᠤᠰᠢᠶᠠᠨ᠎ᠠ᠃ |
ᠭᠤᠷᠪᠠ᠂ ᠲᠤᠰ ᠵᠦᠢᠯ ᠤᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ |
ᠪᠤᠶᠤ ᠤᠰᠤ ᠰᠢᠷᠤᠢ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠰᠢᠷᠤᠢ ᠶᠢ ᠬᠠᠮᠠᠭᠠᠯᠠᠬᠤ |
ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠰᠢᠷᠤᠢ ᠶᠢ ᠬᠠᠮᠠᠭᠠᠯᠠᠬᠤ ᠲᠥᠰᠦᠯ ᠳᠤ |
ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ |
ᠬᠡᠷᠡᠭᠲᠡᠶ︔ ᠰᠢᠭᠠᠷᠤ ᠬᠠᠶᠠᠬᠤ ᠲᠠᠯᠠᠪᠤᠷ ᠢ ᠰᠢᠨ᠎ᠡ ᠪᠠᠷ ᠭᠠᠷᠭᠠᠬᠤ ᠴᠢᠬᠤᠯᠠ ᠲᠠᠢ ᠪᠣᠯ ᠦᠢᠯᠡᠳᠪᠦᠷᠢᠯᠡᠵᠦ ᠪᠦᠲᠦᠭᠡᠨ |
ᠪᠠᠶᠢᠭᠤᠯᠬᠤ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠤᠨ ᠨᠤᠲᠠᠯᠠᠬᠤ ᠶᠢ |
ᠥᠷᠨᠢᠭᠦᠯᠬᠦ ᠶᠢᠨ ᠬᠠᠮᠲᠤ ᠰᠢᠭᠠᠷᠤ ᠶᠢ ᠬᠠᠶᠠᠬᠤ ᠠᠴᠠ ᠡᠮᠦᠨ᠎ᠡ ᠤᠰᠤ ᠰᠢᠷᠤᠢ ᠶᠢ ᠬᠠᠮᠠᠭᠠᠯᠠᠬᠤ ᠲᠥᠰᠦᠯ ᠤᠨ |
ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ |
ᠵᠥᠪᠰᠢᠶᠡᠷᠡᠭᠦᠯᠦᠨ᠎ᠡ᠃ |
ᠳᠥᠷᠪᠡ᠂ ᠲᠠᠨ ᠤ ᠨᠢᠭᠡᠴᠢ ᠪᠣᠯ ᠲᠤᠰ ᠲᠦᠰᠦᠯ ᠤᠨ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ |
ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠦᠰᠦᠯ ᠢ ᠠᠰᠢᠭᠯᠠᠯᠲᠠ ᠳᠤ |
ᠣᠷᠣᠭᠤᠯᠬᠤ ᠠᠴᠠ ᠡᠮᠦᠨ᠎ᠡ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ |
ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠰᠢᠷᠤᠢ ᠶᠢ ᠬᠠᠮᠠᠭᠠᠯᠠᠬᠤ ᠬᠠᠤᠯᠢ ᠴᠠᠭᠠᠵᠠ |
ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠰᠢᠷᠤᠢ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ |
ᠵᠥᠪᠰᠢᠶᠡᠷᠡᠭᠰᠡᠨ ᠲᠣᠭᠲᠠᠭᠠᠯ᠂ ᠤᠰᠤ ᠰᠢᠷᠤᠢ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ |
ᠦᠨᠳᠦᠰᠦᠯᠡᠨ ᠶᠠᠪᠤᠭᠳᠠᠭᠤᠯᠵᠤ᠂ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ |
ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ ᠡᠵᠡᠨ |
ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ |
ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ |
ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 |
ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢ |
ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ |
ᠰᠢᠷᠤᠢ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ |
ᠬᠡᠷᠡᠭᠲᠡᠶ︔ ᠤᠰᠤ ᠰᠢᠷᠤᠢ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ |
ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃ |
ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ |
ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ |
ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ |
ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ |
ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ |
ᠬᠡᠷᠡᠭᠲᠡᠶ᠃ ᠲᠦᠰᠦᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ |
ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ |
ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ |
ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃ |
|
2024 ᠣᠨ ᠤ 7 ᠳ᠋ᠤᠭᠠᠷ ᠰᠠᠷ᠎ᠠ ᠶᠢᠨ 22 ᠤᠨ ᠡᠳᠦᠷ |
|
ᠳᠠᠭᠠᠯᠳᠤᠭᠤᠯᠤᠯ᠄ |
︽ᠫᠢᠩ ᠭᠦᠸᠧ — ᠫᠢᠩ ᠴᠤᠸᠠᠨ ᠤ 500 ᠺᠢᠯᠣᠸᠠᠲ ᠤᠨ ᠱᠤᠭᠤᠮ ᠤᠨ ᠢᠨᠵᠧᠨᠧᠷᠢᠩ ᠤᠨ ᠤᠰᠤ |
ᠰᠢᠷᠤᠢ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ |
ᠰᠠᠨᠠᠯ ᠢ ᠮᠡᠳᠡᠭᠦᠯᠦᠨ ᠬᠦᠷᠭᠡᠬᠦ ᠲᠤᠬᠠᠢ ᠮᠡᠳᠡᠭᠦᠯᠦᠯᠲᠡ . pdf |
ᠫᠢᠩ ᠭᠦᠸᠧ — ᠫᠢᠩ ᠴᠤᠸᠠᠨ ᠤ 500 kV ᠱᠤᠭᠤᠮ ᠤᠨ ᠢᠨᠵᠧᠨᠧᠷᠢᠩ ᠤᠨ ᠤᠰᠤ ᠰᠢᠷᠤᠢ ᠶᠢ |
ᠬᠠᠮᠠᠭᠠᠯᠠᠬᠤ ᠲᠥᠰᠥᠪ |
|
|