︽ᠡᠷᠬᠡ ᠲᠡᠭᠰᠢ᠂ ᠲᠥᠪ ᠭᠤᠣᠯᠴᠢ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ᠂ ᠰᠢᠯᠢ ᠶᠢᠨ |
ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠨᠢ ᠣᠲᠣ ᠢᠯᠡ ᠪᠠᠷ |
ᠰᠣᠩᠭᠤᠬᠤ᠂ ᠰᠢᠯᠢᠳᠡᠭ ᠢ ᠨᠢ ᠰᠣᠩᠭᠤᠨ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ |
ᠳᠠᠮᠵᠢᠭᠤᠯᠤᠨ ︽ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ |
ᠲᠥᠪ ᠤᠨ 2024 ᠣᠨ ᠳᠤ ᠣᠷᠣᠨ ᠤ ᠬᠤᠳᠳᠤᠭ ᠳᠣᠤᠷᠠᠬᠢ ᠤᠰᠤᠨ ᠤ ᠠᠵᠢᠯᠯᠠᠭᠠᠨ ᠢ ᠡᠵᠡᠮᠳᠡᠬᠦ |
ᠳᠠᠭᠠᠭᠠᠴᠢᠯᠠᠯᠲᠠ ᠵᠠᠷᠯᠠᠬᠤ ᠲᠦᠰᠦᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠵᠢᠯ ᠢ ᠥᠷᠨᠢᠭᠦᠯᠵᠦ᠂ |
ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ᠂ ᠲᠦᠷᠦᠯ ᠵᠦᠢᠯ ᠤᠨ ᠲᠦᠢᠮᠦ ᠪᠠᠶᠢᠳᠠᠯ |
1. ᠲᠦᠰᠦᠯ ᠤᠨ ᠨᠡᠷᠡᠶᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠪᠠᠶᠠᠯᠢᠭ ᠤᠨ |
ᠬᠤᠪᠢᠶᠠᠷᠢ ᠲᠥᠪ ᠤᠨ 2024 ᠣᠨ ᠳᠤ ᠣᠷᠣᠨ ᠤ ᠬᠤᠳᠳᠤᠭ ᠢ ᠡᠵᠡᠮᠳᠡᠵᠦ ᠭᠠᠵᠠᠷ ᠳᠣᠣᠷᠠᠬᠢ ᠤᠰᠤᠨ ᠤ |
ᠠᠵᠢᠯᠯᠠᠬᠤ ᠶᠢ ᠬᠠᠮᠠᠭᠠᠯᠠᠬᠤ ᠲᠦᠰᠦᠯ᠃ |
2. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ ᠣᠷᠣᠨ᠄ 2024 ᠣᠨ᠂ ᠰᠢᠯᠢ ᠶᠢᠨ ᠭᠤᠤᠯ ᠠᠶᠢᠮᠠᠭ᠃ |
|
3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠣᠷᠣᠯᠠᠬᠤ |
ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ᠂ |
ᠠᠯᠪᠠᠨ ᠵᠠᠷ ᠨᠡᠶᠢᠲᠡᠯᠡᠬᠦ᠂ ᠲᠦᠰᠦᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ ᠪᠠᠶᠢᠪᠠᠯ︶ ᠢ ᠰᠢᠢᠳᠪᠦᠷᠢᠯᠡᠬᠦ᠂ |
ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ |
ᠲᠠᠷᠬᠠᠭᠠᠬᠤ᠂ ᠲᠦᠰᠦᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ |
ᠬᠢᠵᠠᠭᠠᠷᠯᠠᠨ᠎ᠠ᠃ |
ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃ |
ᠭᠤᠷᠪᠠ᠂ ᠨᠡᠷ᠎ᠡ ᠮᠡᠳᠡᠭᠦᠯᠬᠦ ᠳᠡᠭᠡᠨ ᠮᠠᠲ᠋ᠧᠷᠢᠶᠠᠯ ᠬᠠᠩᠭᠠᠬᠤ ᠬᠡᠷᠡᠭᠲᠡᠶ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠭᠠᠷᠭᠠᠨ ᠦᠵᠡᠭᠦᠯᠵᠦ᠂ |
ᠬᠠᠭᠤᠯᠪᠤᠷᠢ ᠮᠠᠲ᠋ᠧᠷᠢᠶᠠᠯ᠂ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ |
ᠥᠭᠭᠦᠨ᠎ᠡ᠃ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ᠃ |
4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠶᠠᠯ ᠢ ᠬᠠᠩᠭᠠᠨ᠎ᠠ᠃ |
5 . 2023 ᠪᠤᠶᠤ 2022 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ |
ᠬᠡᠷᠡᠭ ᠡᠷᠬᠢᠯᠡᠬᠦ ᠭᠠᠵᠠᠷ ᠠᠴᠠ ᠭᠠᠷᠭᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ |
ᠦᠨᠳᠦᠰᠦᠨ ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ |
ᠭᠡᠷᠡᠴᠢ ᠬᠠᠩᠭᠠᠨ᠎ᠠ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ |
ᠬᠠᠩᠭᠠᠨ᠎ᠠ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2021 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃ |
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ ᠨᠢ 2024 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ 2024 ᠣᠨ ᠤ 7 ᠳ᠋ᠤᠭᠠᠷ |
ᠰᠠᠷ᠎ᠠ ᠶᠢᠨ 31 ᠤ ᠡᠳᠦᠷ ᠪᠣᠯᠲᠠᠯ᠎ᠠ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 —12᠄ 00 ᠴᠠᠭ᠂ |
ᠦᠳᠡ ᠶᠢᠨ ᠬᠤᠶᠢᠨ᠎ᠠ 14᠄ 30 —17᠄ 00 ᠴᠠᠭ ᠲᠤ ᠰᠢᠯᠢ ᠶᠢᠨ ᠭᠤᠤᠯ ᠤᠨ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ |
ᠲᠠᠪᠤ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ |
ᠬᠤᠪᠢᠶᠠᠷᠢ ᠲᠥᠪ |
ᠨᠡᠷ᠎ᠡ ᠮᠡᠳᠡᠭᠦᠯᠬᠦ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠲᠠ ᠶᠢᠨ ᠴᠠᠬᠠᠷ ᠶᠡᠭᠡ |
ᠵᠡᠭᠡᠯᠢ ᠶᠢᠨ 62 ᠳ᠋ᠤᠭᠠᠷ ᠠᠰᠠᠷ ᠤᠨ 111 ᠳ᠋ᠦ᠋ᠭᠡᠷ ᠠᠰᠠᠷ |
ᠰᠢᠦᠳᠠᠨ ᠨᠣᠮᠧᠷ᠄ 026000 |
ᠬᠠᠷᠢᠯᠴᠠᠬᠤ ᠬᠥᠮᠦᠨ᠄ ᠸᠧᠶ ᠬᠤᠤ ᠷᠠᠨ |
ᠬᠠᠷᠢᠯᠴᠠᠬᠤ ᠤᠲᠠᠰᠤ᠄ 0479 — 2771766︔15247695406 |
|
|