ᠲᠦᠷᠦᠭᠦᠬᠡᠨ᠂ ᠰᠤᠷᠪᠤᠯᠵᠢᠯᠠᠭᠴᠢ ᠪᠥᠬᠦ ᠤᠯᠤᠰ ᠤᠨ ᠲᠠᠷᠢᠶᠠᠯᠠᠩ ᠤᠨ ᠤᠰᠤᠨ ᠤ ᠦᠨ᠎ᠡ ᠶᠢᠨ |
ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ |
ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ᠂ |
ᠮᠠᠨ ᠤ ᠣᠷᠣᠨ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ 3.73 ᠳ᠋ᠦᠩᠰᠢᠭᠤᠷ |
ᠪᠣᠰᠤᠭ᠎ᠠ ᠳᠥᠷᠪᠡᠯᠵᠢᠨ ᠮᠧᠲᠷ ᠪᠣᠯᠵᠣ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ |
ᠠᠰᠢᠭᠯᠠᠯᠲᠠ ᠶᠢᠨ ᠢᠯᠡᠳᠬᠡᠮᠵᠢ ᠲᠤᠭ᠎ᠠ 0.583 ᠪᠣᠯᠵᠣ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ |
ᠥᠨᠳᠥᠷ ᠪᠣᠯᠪᠠ᠃ ᠪᠥᠬᠦ ᠣᠷᠣᠨ ᠤ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠢᠨ᠎ᠡ |
ᠨᠢᠭᠡ ᠡᠭᠡᠯᠵᠢ ᠶᠢᠨ ᠦᠨ᠎ᠡ ᠶᠢ ᠲᠣᠭᠲᠠᠭᠠᠨ ᠲᠣᠬᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ᠂ ᠤᠰᠤ ᠠᠪᠬᠤ |
ᠠᠮᠠᠰᠠᠷ ᠤᠨ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠵᠦ᠂ ᠲᠠᠷᠢᠶᠠᠯᠠᠩ ᠳᠤ ᠬᠡᠷᠡᠭᠯᠡᠬᠦ 65 ᠲᠦᠮᠡᠨ ᠮᠠᠰᠢᠨ |
ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠶᠢ ᠪᠡᠶᠡᠯᠡᠭᠦᠯᠪᠡ᠃ |
ᠣᠳᠣᠬᠠᠨ ᠳᠤ᠂ ᠪᠥᠬᠦ ᠣᠷᠣᠨ ᠳᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠶᠢ ᠨᠢᠭᠡᠨᠲᠡ 4665.7 ᠲᠦᠮᠡᠨ ᠮᠥ ᠪᠡᠶᠡᠯᠡᠭᠦᠯᠵᠦ᠂ ᠡᠨᠡ ᠵᠢᠯ ᠥᠭᠡᠷᠡᠴᠢᠯᠡᠯᠲᠡ ᠶᠢᠨ ᠡᠭᠦᠷᠭᠡ |
ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠬᠦ ᠪᠣᠯᠤᠨ᠎ᠠ᠃ |
ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠲᠣᠭᠲᠠᠴᠠ ᠪᠠᠶᠢᠭᠤᠯᠤᠮᠵᠢ ᠶᠢ ᠰᠢᠯᠤᠭᠤᠳᠬᠠᠬᠤ᠂ |
ᠰᠠᠭᠤᠷᠢ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠬᠤ᠂ ᠣᠶᠤᠨᠴᠢ |
ᠬᠥᠭᠵᠢᠯᠲᠡ ᠶᠢ ᠬᠠᠶᠢᠨ ᠰᠦᠪᠡᠭᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠩ ᠤᠨ ᠤᠰᠤ |
ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠤᠰᠤ |
ᠠᠷᠪᠢᠯᠠᠬᠤ ᠪᠠ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢᠨ |
ᠵᠣᠬᠢᠴᠠᠯᠳᠤᠨ ᠬᠥᠭᠵᠢᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ᠤᠰᠤᠨ ᠤ ᠡᠬᠢ |
ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠶ ᠲᠥᠰᠦᠯ᠂ ︽ᠨᠢᠭᠡ ᠠᠶᠢᠮᠠᠭ ︵ᠬᠤᠲᠠ︶ ᠲᠤ |
ᠨᠢᠭᠡ ᠠᠷᠭ᠎ᠠ ᠪᠣᠳᠣᠯᠭ᠎ᠠ︾᠂ ︽ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠬᠦ |
ᠲᠤᠰᠬᠠᠶ ᠲᠥᠰᠦᠯ ᠪᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ |
ᠱᠠᠩᠨᠠᠬᠤ ᠠᠷᠭ᠎ᠠ ᠵᠡᠷᠭᠡ ᠰᠢᠷᠢᠰ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ |
ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠰᠤᠨ ᠤ ᠡᠬᠢ ᠪᠠᠶᠠᠯᠢᠭ ᠢ ᠠᠷᠪᠢᠯᠠᠵᠤ |
ᠡᠷᠴᠢᠮᠵᠢᠭᠦᠯᠦᠨ ᠠᠰᠢᠭᠯᠠᠬᠤ ᠲᠤᠰᠬᠠᠶ ᠳᠤᠭᠤᠶᠢᠯᠠᠩ ᠢ ᠪᠠᠶᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ |
ᠶᠡᠭᠡ ᠪᠠᠷ ᠳᠡᠭᠡᠭᠰᠢᠯᠡᠭᠦᠯᠪᠡ᠃ |
ᠣᠶᠢᠷ᠎ᠠ ᠶᠢᠨ 10 ᠵᠢᠯ ᠳᠤ᠂ ᠮᠠᠨ ᠤ ᠣᠷᠣᠨ ᠨᠡᠶᠢᠲᠡ 75 ᠳ᠋ᠦᠩᠰᠢᠭᠤᠷ ᠲᠥᠭᠦᠷᠢᠭ ᠤᠨ ᠪᠠᠯᠠ |
ᠣᠷᠣᠭᠤᠯᠵᠤ᠂ 31 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠣᠳᠣᠬᠢᠴᠢᠯᠠᠭᠰᠠᠨ |
ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠯᠠᠯᠲᠠ ᠶᠢᠨ ᠲᠠᠯᠠᠪᠠᠶ ᠶᠢ 1697 ᠲᠦᠮᠡᠨ ᠮᠥ ᠰᠢᠨ᠎ᠡ ᠪᠠᠷ |
ᠨᠡᠮᠡᠭᠳᠡᠭᠦᠯᠵᠦ᠂ ᠤᠰᠤ ᠠᠷᠪᠢᠯᠠᠬᠤ ᠴᠢᠳᠠᠪᠤᠷᠢ ᠶᠢ 6.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ |
ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 8 ᠳ᠋ᠦᠩᠰᠢᠭᠤᠷ ᠵᠢᠩ ᠨᠡᠮᠡᠭᠳᠡᠭᠦᠯᠵᠦ᠂ ᠤᠰᠤᠯᠠᠯᠲᠠ ᠶᠢᠨ |
ᠣᠷᠣᠨ ᠤ ᠢᠨᠵᠧᠨᠧᠷᠢᠩ ᠤᠨ ᠪᠠᠷᠢᠯᠭ᠎ᠠ ᠶᠢ ᠪᠦᠷᠢᠨ ᠪᠦᠲᠦᠨ ᠪᠠᠶᠢᠯᠭᠠᠬᠤ ᠨᠣᠷᠮ᠎ᠠ ᠶᠢ 60% ᠪᠣᠯᠲᠠᠯ᠎ᠠ |
ᠳᠡᠭᠡᠭᠰᠢᠯᠡᠭᠦᠯᠵᠦ᠂ ᠭᠤᠤᠯᠯᠠᠬᠤ ᠤᠰᠤᠨ ᠰᠤᠪᠠᠭ ᠤᠨ ᠤᠰᠤ ᠳᠠᠮᠵᠢᠭᠤᠯᠬᠤ ᠴᠢᠳᠠᠪᠤᠷᠢ ᠶᠢ 15% ᠠᠴᠠ 20% |
ᠪᠣᠯᠲᠠᠯ᠎ᠠ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠥ᠂ ᠥᠨᠳᠥᠷ |
ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ 3 ᠲᠦᠮᠡ ᠪᠠᠶᠢᠭᠤᠯᠵᠤ᠂ ᠤᠰᠤ ᠪᠤᠷᠳᠤᠭᠤᠷ ᠢ ᠨᠢᠭᠡ |
ᠴᠤᠭᠴᠠᠵᠢᠭᠤᠯᠬᠤ ᠮᠡᠷᠭᠡᠵᠢᠯ ᠢ ᠬᠡᠷᠡᠭᠵᠢᠭᠦᠯᠵᠦ᠂ 33 ᠲᠦᠮᠡᠨ ᠮᠥ ᠤᠰᠤ ᠶᠡᠭᠡ ᠬᠤᠷᠣᠭᠳᠠᠭᠤᠯᠬᠤ ᠲᠠᠷᠢᠮᠠᠯ ᠢ |
ᠪᠠᠭᠠᠰᠬᠠᠵᠤ᠂ ᠭᠠᠩ ᠬᠠᠭᠰᠠᠷᠠᠭᠠᠨ ᠳᠤ ᠲᠡᠰᠪᠦᠷᠢᠲᠡᠶ ᠲᠠᠷᠢᠮᠠᠯ ᠤᠨ ᠡᠭᠦᠯᠳᠡᠷ ᠢ 1100 ᠲᠦᠮᠡᠨ ᠮᠥ |
ᠳᠡᠯᠭᠡᠷᠡᠭᠦᠯᠪᠡ᠃ |
2021 ᠣᠨ ᠠᠴᠠ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ 3 ᠳ᠋ᠦᠩᠰᠢᠭᠤᠷ ᠰᠢᠬᠠᠮ |
ᠲᠥᠭᠦᠷᠢᠭ ᠤᠨ ᠪᠠᠯᠠ ᠣᠷᠣᠭᠤᠯᠵᠤ ᠡᠯ᠎ᠡ ᠭᠠᠵᠠᠷ ᠤᠨ ᠤᠰᠤ ᠠᠷᠪᠢᠯᠠᠬᠤ ᠱᠠᠩᠨᠠᠯ ᠨᠥᠬᠦᠪᠥᠷᠢ ᠥᠷᠨᠢᠭᠦᠯᠬᠦ ᠶᠢ |
ᠳᠡᠮᠵᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠶᠢᠮᠠᠭ ᠬᠤᠲᠠ ᠵᠢᠴᠢ ᠠᠶᠢᠮᠠᠭ ᠬᠤᠲᠠ ᠶᠢᠨ ᠬᠤᠭᠤᠷᠣᠨᠳᠣᠬᠢ |
ᠤᠰᠤᠨ ᠤ ᠡᠷᠬᠡ ᠶᠢ ᠰᠢᠯᠵᠢᠭᠦᠯᠦᠨ ᠥᠭᠬᠦ ᠢᠨᠵᠧᠨᠧᠷᠢᠩ ᠢ ᠶᠡᠬᠡᠪᠡᠷ ᠳᠥᠯᠭᠢᠨ ᠠᠬᠢᠭᠤᠯᠵᠤ᠂ ᠲᠠᠷᠢᠶᠠᠯᠠᠩ ᠤᠨ |
ᠤᠰᠤ ᠬᠡᠷᠡᠭᠯᠡᠬᠦ ᠭᠦᠢᠴᠡᠳᠭᠡᠯ ᠲᠤᠭ᠎ᠠ ᠶᠢ 4.76 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ |
ᠥᠭᠪᠡ᠃ 2023 ᠣᠨ ᠳᠤ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ ᠠᠶᠢᠮᠠᠭ |
ᠬᠤᠲᠠ ᠶᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ |
ᠶᠡᠷᠦᠩᠬᠡᠶ ᠪᠠᠯᠠ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ |
13.21 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠢᠨᠵᠧᠨᠧᠷᠢᠩ |
ᠪᠠᠶᠢᠭᠤᠯᠤᠭᠳᠠᠭᠰᠠᠨ ᠤ ᠳᠠᠷᠠᠭ᠎ᠠ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ 1.2 ᠳ᠋ᠦᠩᠰᠢᠭᠤᠷ |
ᠪᠣᠰᠤᠭ᠎ᠠ ᠳᠥᠷᠪᠡᠯᠵᠢᠨ ᠮᠧᠲᠷ ᠤᠨ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ |
ᠪᠣᠯᠤᠨ᠎ᠠ᠃ ᠪᠠᠷᠤᠭ 12 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ 18 ᠲᠣᠮᠣ |
ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠮᠡᠳᠡᠭᠡ ᠵᠠᠩᠭᠢᠴᠢᠯᠠᠯᠲᠠ ᠶᠢᠨ ᠲᠣᠭᠠᠵᠢᠭᠤᠯᠬᠤ ᠪᠦᠲᠦᠭᠡᠨ |
ᠪᠠᠶᠢᠭᠤᠯᠤᠯᠲᠠ ᠶᠢ ᠥᠷᠨᠢᠭᠦᠯᠵᠦ᠂ ᠭᠤᠣᠯ ᠵᠠᠮ ᠰᠤᠪᠠᠭ ᠤᠨ ᠤᠰᠤᠨ ᠲᠦᠪᠰᠢᠨ᠂ ᠤᠷᠤᠰᠬᠠᠯ ᠤᠨ ᠬᠡᠮᠵᠢᠶ᠎ᠡ᠂ |
ᠸᠢᠳᠢᠣ᠋ ᠵᠡᠷᠭᠡ ᠲᠤᠭ᠎ᠠ ᠪᠠᠷᠢᠮᠲᠠ ᠴᠤᠭᠯᠠᠭᠤᠯᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ |
ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠤᠰᠤ ᠳᠠᠮᠵᠢᠭᠤᠯᠬᠤ |
ᠢᠨᠵᠧᠨᠧᠷᠢᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ |
ᠡᠭᠦᠨ ᠠᠴᠠ ᠭᠠᠳᠠᠨ᠎ᠠ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠤ ᠤᠰᠤᠨ ᠤ ᠶᠠᠪᠤᠳᠠᠯ ᠤᠨ |
ᠬᠤᠷᠰᠢᠶ᠎ᠠ᠂ ᠲᠠᠷᠢᠶᠠᠴᠢᠳ ᠤᠨ ᠤᠰᠤ ᠬᠡᠷᠡᠭᠯᠡᠬᠦ ᠨᠡᠶᠢᠭᠡᠮᠯᠢᠭ᠂ ᠰᠤᠪᠠᠭ ᠤᠨ ᠳᠠᠷᠤᠭ᠎ᠠ ᠶᠢᠨ ᠳᠦᠷᠢᠮ ᠢ ᠲᠦᠷᠭᠡᠳᠬᠡᠨ |
ᠬᠡᠷᠡᠭᠵᠢᠭᠦᠯᠵᠦ᠂ ᠬᠤᠳᠳᠤᠭ ᠤᠨ ᠤᠰᠤᠯᠠᠯᠲᠠ ᠶᠢᠨ ᠣᠷᠣᠨ ᠳᠤ ︽ᠬᠤᠳᠳᠤᠭ ᠤᠨ ᠳᠠᠷᠤᠭ᠎ᠠ ᠶᠢᠨ ᠳᠦᠷᠢᠮ︾᠂ |
︽ᠬᠦᠰᠦᠨᠦᠭᠲᠦ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠦᠨ᠎ᠡ︔ ︽ᠤᠰᠤ ᠪᠠᠷ ᠳᠥᠷᠪᠡ ᠶᠢ ᠲᠣᠭᠲᠠᠭᠠᠬᠤ︾ |
ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ |
ᠰᠢᠶᠠᠨ ᠭᠤᠷᠪᠠᠨ ᠱᠠᠲᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢᠨ |
ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ |
ᠲᠤᠭ᠎ᠠ ᠶᠢ ᠪᠦᠬᠦᠨ ᠢ ᠭᠠᠴᠠᠭ᠎ᠠ ᠲᠣᠰᠬᠤᠨ ᠵᠡᠷᠭᠡ ᠦᠨᠳᠦᠰᠦᠨ ᠤᠰᠤ ᠬᠡᠷᠡᠭᠯᠡᠬᠦ ᠡᠷᠦᠬᠡ ᠳᠤ ᠬᠦᠷᠲᠡᠯ᠎ᠡ ᠵᠠᠳᠠᠯᠵᠤ᠂ |
ᠭᠠᠵᠠᠷ ᠳᠣᠤᠷᠠᠬᠢ ᠤᠰᠤᠨ ᠤ ᠲᠦᠪᠰᠢᠨ᠂ ᠤᠰᠤᠨ ᠤ ᠬᠡᠮᠵᠢᠶ᠎ᠡ ᠶᠢᠨ ︽ᠬᠤᠣᠰ ᠡᠵᠡᠮᠳᠡᠯ︾ ᠤᠨ ᠭᠦᠢᠴᠡᠳᠬᠡᠬᠦ |
ᠲᠤᠭ᠎ᠠ ᠶᠢ ᠪᠦᠬᠦ ᠣᠷᠣᠨ ᠤ 371 ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠳᠤ |
ᠨᠠᠷᠢᠯᠢᠭᠵᠢᠭᠤᠯᠤᠨ ᠵᠠᠳᠠᠯᠤᠨ᠎ᠠ᠃ |
|