︽ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠠᠵᠢᠯᠲᠠᠨ ᠤ |
ᠠᠶᠦᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠬᠢᠨᠠᠨ ᠰᠢᠯᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ |
ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ |
ᠮᠡᠳᠡᠭᠳᠡᠯ︾ ᠂ ︽2024 ᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ |
ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠦᠰᠦᠯ ᠤᠨ ᠬᠠᠷᠢᠭᠤᠴᠠᠯᠭᠠᠲᠠᠨ ᠪᠠ ᠲᠤᠰᠬᠠᠶ |
ᠲᠤᠰᠢᠶᠠᠯᠲᠤ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ |
ᠰᠢᠯᠭᠠᠯᠲᠠ ᠶᠢᠨ ᠲᠥᠯᠥᠪᠯᠡᠭᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ |
ᠤᠰᠤᠨ ᠠᠰᠢᠭᠯᠠᠯᠲᠠ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ |
ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠲᠤ |
ᠨᠠᠶᠢᠳᠠᠵᠤ 2024 ᠣᠨ ᠤ ᠨᠢᠭᠡᠳᠦᠭᠡᠷ ᠪᠦᠯᠦᠭ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ |
ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︿ ᠠᠶᠦᠯᠭᠦᠢ ᠬᠠᠮᠢᠶᠠᠷᠤᠯᠲᠠ ᠶᠢᠨ ᠠᠵᠢᠯᠲᠠᠨ﹀ ᠤ |
ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ |
ᠬᠢᠨᠠᠯᠲᠠ ᠶᠢ ᠥᠷᠭᠡᠨ ᠢᠶᠠᠷ ᠬᠦᠯᠢᠶᠡᠬᠦ ᠶᠢᠨ ᠲᠤᠰᠠᠳᠠ᠂ ᠡᠳᠦᠭᠡ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ |
ᠨᠡᠷᠡᠰ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ |
ᠣᠨᠳᠣᠤ ᠰᠠᠨᠠᠯ ᠲᠠᠢ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ |
ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠭᠠᠵᠠᠷ ᠲᠤ ᠲᠤᠰᠬᠠᠭᠠᠷᠠᠢ᠃ |
ᠨᠡᠶᠢᠲᠡᠯᠡᠬᠦ ᠴᠠᠭ᠄ 2024 ᠣᠨ ᠤ 7 ᠳ᠋ᠤᠭᠠᠷ ᠰᠠᠷ᠎ᠠ ᠶᠢᠨ 9 ᠤ ᠡᠳᠦᠷ ᠠᠴᠠ 7 ᠳ᠋ᠤᠭᠠᠷ ᠰᠠᠷ᠎ᠠ ᠶᠢᠨ |
15 ᠤ ᠡᠳᠦᠷ |
ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠨᠠᠯᠲᠠ ᠲᠠᠯᠪᠢᠬᠤ ᠭᠠᠵᠠᠷ |
ᠬᠠᠷᠢᠯᠴᠠᠬᠤ ᠬᠦᠮᠦᠨ᠄ ᠴᠧᠩ ᠭᠤᠸᠠᠩ ᠶᠤᠸᠠᠨ |
ᠬᠠᠷᠢᠯᠴᠠᠬᠤ ᠣᠳᠠᠰᠣ᠄ ︵0471︶ 5259658 |
ᠢᠮᠧᠯ᠄ nmslyg@163.com |
ᠬᠠᠶ᠋ᠢᠭ᠄ ᠬᠥᠬᠡᠬᠤᠲᠠ ᠶᠢᠨ ᠬᠥᠯᠥᠨ ᠵᠠᠮ ᠤᠨ ᠡᠮᠦᠨ᠎ᠡ ᠵᠠᠮ ᠤᠨ 119 ᠳ᠋ᠦ᠋ᠭᠡᠷ ᠲᠣᠭᠠᠲᠤ ︵ᠰᠢᠤᠳᠠᠨ |
ᠨᠣᠮᠧᠷ 010020︶ |
ᠳᠠᠭᠠᠯᠳᠤᠭᠤᠯᠤᠯ᠄2024 ᠣᠨ ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭᠠᠨ ᠤ |
ᠢᠨᠵᠧᠨᠧᠷᠢᠩ ᠤᠨ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ |
ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ |
ᠨᠡᠷᠡᠰ.xlsx |
|
2024 ᠣᠨ ᠤ 7 ᠳ᠋ᠤᠭᠠᠷ ᠰᠠᠷ᠎ᠠ ᠶᠢᠨ 9 ᠤ ᠡᠳᠦᠷ |
|
|
|
|