︽ᠤᠰᠤᠨ ᠤ ᠡᠷᠬᠡ ᠶᠢ ᠰᠢᠯᠵᠢᠭᠦᠯᠦᠨ ᠥᠭᠬᠦ ᠠᠴᠠ ᠡᠮᠦᠨᠡᠬᠢ ᠲᠠᠢ ᠬᠠᠷᠢᠴᠠᠭᠤᠯᠪᠠᠯ᠂ ᠥᠪᠥᠷ ᠮᠣᠩᠭᠤᠯ ᠤᠨ |
ᠤᠰᠤᠨ ᠤ ᠡᠷᠬᠡ ᠶᠢ ᠰᠢᠯᠵᠢᠭᠦᠯᠦᠨ ᠥᠭᠭᠦᠭᠰᠡᠨ 6 ᠤᠰᠤᠯᠠᠯᠲᠠ ᠶᠢᠨ ᠣᠷᠣᠨ ᠤ ᠵᠢᠯ ᠤᠨ ᠪᠣᠳᠠᠲᠠᠶ ᠬᠡᠷᠡᠭᠯᠡᠬᠦ |
ᠤᠰᠤᠨ ᠤ ᠬᠡᠮᠵᠢᠶ᠎ᠡ 7.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠴᠤ᠂ ᠤᠰᠤ ᠬᠡᠷᠡᠭᠯᠡᠬᠦ |
ᠠᠰᠢᠭᠯᠠᠮᠵᠢ ᠶᠢ ᠬᠠᠮᠤᠭ ᠤᠨ ᠥᠨᠳᠥᠷ ᠲᠤ ᠪᠠᠨ 117% ᠪᠠᠷ ᠳᠡᠭᠡᠭᠰᠢᠯᠡᠭᠦᠯᠪᠡ ︾᠃ 8 ᠳ᠋ᠤᠭᠠᠷ ᠰᠠᠷ᠎ᠠ ᠶᠢᠨ 7 ᠤ |
ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤᠨ ᠤ ᠡᠬᠢ ᠪᠠᠶᠠᠯᠢᠭ ᠤᠨ |
ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠾᠧ ᠸᠧᠨ ᠬᠤᠸᠠ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ |
ᠬᠦᠯᠢᠶᠡᠬᠦ ᠳᠡᠭᠡᠨ᠂ ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠵᠦ ᠬᠠᠲᠤᠨ ᠭᠤᠤᠯ ᠳᠠᠭᠠᠤ ᠶᠢᠨ |
ᠡᠯ᠎ᠡ ᠠᠶᠢᠮᠠᠭ ᠬᠤᠲᠠ ᠶᠢᠨ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ |
ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ |
ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠴᠢᠬᠤᠯᠠ ᠦᠢᠯᠡᠳᠦᠯ |
ᠦᠵᠡᠭᠦᠯᠪᠡ᠃ |
ᠤᠰᠤᠨ ᠤ ᠡᠷᠬᠡ ᠪᠣᠯ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠪᠣᠯᠤᠨ᠎ᠠ᠃ |
ᠮᠠᠨ ᠤ ᠤᠯᠤᠰ ᠲᠤ᠂ ᠤᠰᠤᠨ ᠤ ᠡᠬᠢ ᠪᠠᠶᠠᠯᠢᠭ ᠤᠨ ᠥᠮᠴᠢᠯᠡᠬᠦ ᠡᠷᠬᠡ ᠨᠢ ᠤᠯᠤᠰ ᠲᠤ ᠥᠮᠴᠢᠯᠡᠭᠳᠡᠨ᠎ᠡ᠂ |
ᠡᠶᠢᠮᠦ ᠠᠴᠠ ᠶᠡᠷᠦᠳᠡᠭᠡᠨ ᠠᠴᠢ ᠬᠤᠯᠪᠣᠭᠳᠠᠯ ᠪᠦᠬᠦᠢ ᠤᠰᠤᠨ ᠤ ᠡᠷᠬᠡ ᠲᠤᠬᠠᠶᠢᠯᠠᠪᠠᠯ ᠤᠰᠤᠨ ᠤ ᠡᠬᠢ ᠪᠠᠶᠠᠯᠢᠭ ᠢ |
ᠬᠡᠷᠡᠭᠯᠡᠬᠦ ᠡᠷᠬᠡ᠂ ᠤᠰᠤᠨ ᠤ ᠡᠬᠢ ᠪᠠᠶᠠᠯᠢᠭ ᠢ ᠬᠡᠷᠡᠭᠯᠡᠭᠴᠢ ᠠᠴᠠ ᠬᠠᠤᠯᠢ ᠴᠠᠭᠠᠵᠠ ᠳᠤ ᠲᠣᠭᠲᠠᠭᠠᠭᠰᠠᠨ ᠬᠡᠪᠴᠢᠶᠡᠨ |
ᠳᠣᠲᠣᠷ᠎ᠠ ᠬᠡᠷᠡᠭᠯᠡᠵᠦ ᠪᠠᠶᠢᠭ᠎ᠠ ᠤᠰᠤᠨ ᠤ ᠡᠬᠢ ᠪᠠᠶᠠᠯᠢᠭ ᠢ ᠡᠵᠡᠯᠡᠬᠦ᠂ ᠬᠡᠷᠡᠭᠯᠡᠬᠦ᠂ ᠠᠰᠢᠭ ᠬᠦᠷᠲᠡᠬᠦ ᠪᠠ ᠬᠠᠤᠯᠢ |
ᠶᠣᠰᠣᠭᠠᠷ ᠰᠢᠢᠳᠪᠦᠷᠢᠯᠡᠬᠦ ᠡᠷᠬᠡ ᠶᠢ ᠵᠢᠭᠠᠵᠤ ᠪᠤᠶ᠃ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯ ᠤᠰᠤᠨ ᠤ |
ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠲᠠᠭᠤ ᠬᠢᠵᠠᠭᠠᠷᠯᠠᠯ ᠳᠣᠣᠷ᠎ᠠ᠂ ᠠᠷᠪᠢᠯᠠᠭᠰᠠᠨ ᠤᠰᠤᠨ ᠤ ᠡᠬᠢ |
ᠪᠠᠶᠠᠯᠢᠭ ᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠡᠷᠭᠢᠯᠳᠦᠭᠦᠯᠬᠦ᠂ ᠠᠮᠢᠳᠤᠯᠢᠭᠵᠢᠭᠤᠯᠬᠤ ᠶᠢ ᠪᠡᠶᠡᠯᠡᠭᠦᠯᠬᠦ ᠶᠢᠨ |
ᠬᠠᠮᠲᠤ ᠦᠷ᠎ᠡ ᠠᠰᠢᠭ ᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ |
ᠨᠣᠷᠮ᠎ᠠ ᠪᠣᠯᠤᠨ ᠦᠷ᠎ᠡ ᠠᠰᠢᠭ ᠤᠨ ᠳᠡᠭᠡᠭᠰᠢᠯᠡᠯᠲᠡ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠵᠤ᠂ ᠳᠠᠷᠤᠢ ᠤᠰᠤ |
ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠠᠷᠪᠢᠯᠠᠭᠰᠠᠨ ᠤᠰᠤ ᠶᠢ |
ᠥᠭᠡᠷ᠎ᠡ ᠭᠠᠵᠠᠷ ᠲᠤ ᠬᠡᠷᠡᠭᠯᠡᠵᠦ᠂ ︽ᠬᠤᠯᠠ ᠶᠢᠨ ᠤᠰᠤ︾ ᠨᠢ ︽ᠤᠶᠢᠷ᠎ᠠ ᠶᠢᠨ ᠤᠮᠳᠠ︾ ᠶᠢ ᠲᠠᠶᠢᠯᠬᠤ ᠬᠠᠷᠠᠯᠲᠠ |
ᠪᠣᠯᠤᠨ᠎ᠠ᠃ |
ᠬᠠᠲᠤᠨ ᠭᠤᠤᠯ ᠥᠪᠥᠷ ᠮᠣᠩᠭᠤᠯ ᠤᠨ 7 ᠠᠶᠢᠮᠠᠭ ᠬᠤᠲᠠ ᠪᠠᠷ ᠤᠷᠤᠰᠤᠨ ᠦᠩᠭᠡᠷᠡᠨ᠎ᠡ᠂ ᠭᠡᠪᠡᠴᠦ ᠥᠪᠥᠷ |
ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ᠃ |
2003 ᠣᠨ ᠠᠴᠠ ᠡᠬᠢᠯᠡᠨ᠂ ᠥᠪᠥᠷ ᠮᠣᠩᠭᠤᠯ ᠠᠶᠢᠮᠠᠭ ᠬᠤᠲᠠ ᠶᠢᠨ ᠳᠣᠲᠣᠷᠠᠬᠢ ᠤᠰᠤᠨ ᠤ ᠡᠷᠬᠡ ᠪᠠᠨ |
ᠰᠢᠯᠵᠢᠭᠦᠯᠦᠨ ᠥᠭᠬᠦ ᠠᠵᠢᠯ ᠢ ᠬᠠᠶᠢᠨ ᠰᠦᠪᠡᠭᠴᠢᠯᠡᠪᠡ᠃ 2014 ᠣᠨ ᠳᠤ᠂ ᠥᠪᠥᠷ ᠮᠣᠩᠭᠤᠯ ᠤᠰᠤᠨ |
ᠠᠰᠢᠭᠯᠠᠯᠲᠠ ᠶᠢᠨ ᠶᠠᠮᠤᠨ ᠠᠴᠠ ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ 7 ᠲᠤᠷᠰᠢᠯᠲᠠ ᠶᠢᠨ |
ᠴᠡᠭ ᠤᠨ ᠨᠢᠭᠡ ᠪᠠᠷ ᠵᠢᠭᠰᠠᠭᠠᠭᠳᠠᠵᠤ᠂ ᠲᠤᠷᠰᠢᠯᠲᠠ ᠶᠢᠨ ᠴᠡᠭ ᠤᠨ ᠭᠤᠤᠯ ᠠᠭᠤᠯᠭ᠎ᠠ ᠨᠢ ᠠᠶᠢᠮᠠᠭ ᠬᠤᠲᠠ ᠶᠢᠨ |
ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠪᠣᠯᠤᠨ᠎ᠠ᠃ |
ᠪᠦᠬᠦ ᠤᠯᠤᠰ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠲᠤᠷᠰᠢᠯᠲᠠ ᠪᠠ ᠠᠭᠤᠷ ᠠᠮᠢᠰᠬᠤᠯ ᠭᠠᠩ |
ᠬᠠᠭᠤᠷᠠᠶ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠡᠨᠧᠷᠭᠢ ᠶᠢᠨ ᠲᠣᠮᠣ ᠣᠷᠣᠨ |
ᠪᠣᠯᠤᠭᠰᠠᠨ ᠤ ᠬᠤᠪᠢ ᠳᠤ᠂ ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠤᠰᠤ ᠬᠡᠷᠡᠭᠯᠡᠬᠦ ᠡᠷᠬᠡ ᠶᠢᠨ |
ᠥᠭᠡᠷᠡᠴᠢᠯᠡᠯᠲᠡ ᠶᠢᠨ ᠠᠵᠢᠯ ᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠤᠨ ︽ᠥᠷᠲᠡᠭ ᠤᠨ |
ᠨᠡᠮᠡᠭᠳᠡᠯ ᠤᠨ ᠣᠷᠣᠨ ᠵᠠᠶ︾ ᠶᠢ ᠢᠯᠡᠷᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠲᠠᠲᠠᠵᠤ |
ᠬᠡᠷᠡᠭᠯᠡᠬᠦ ᠡᠷᠦᠬᠡ ᠶᠢᠨ ᠰᠤᠯᠠ ᠪᠠᠶᠢᠭ᠎ᠠ ᠤᠰᠤᠨ ᠤ ᠭᠦᠢᠴᠡᠳᠭᠡᠯ ᠲᠤᠭ᠎ᠠ ᠶᠢ ᠤᠶᠢᠯᠠᠭᠠᠨ ᠪᠠᠶᠢᠴᠠᠭᠠᠵᠤ ᠪᠠᠶᠢᠭ᠎ᠠ |
ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠤᠨ ᠤᠰᠤᠨ ᠤ ᠡᠷᠬᠡ ᠶᠢᠨ ᠠᠷᠠᠯᠵᠢᠶ᠎ᠠ ᠥᠷᠨᠢᠭᠦᠯᠬᠦ ᠶᠢ ᠵᠢᠯᠣᠭᠤᠳᠤᠨ |
ᠠᠬᠢᠭᠤᠯᠪᠠ︔ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠪᠦᠷᠢᠨ ᠲᠡᠭᠦᠯᠳᠡᠷ ᠲᠦᠷᠢᠮ ᠪᠠ ᠭᠤᠷᠪᠠᠨ ᠱᠠᠲᠤᠨ ᠤ |
ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠥᠬᠦ ᠣᠷᠣᠨ ᠤ ᠬᠡᠪᠴᠢᠶᠡᠨ |
ᠳᠣᠲᠣᠷᠠᠬᠢ ᠭᠠᠩ ᠬᠠᠭᠤᠷᠠᠶ ᠭᠠᠵᠠᠷ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠪᠠ ᠠᠵᠤ ᠠᠬᠤᠶ ᠨᠡᠶᠢᠭᠡᠮ ᠤᠨ |
ᠬᠥᠭᠵᠢᠯᠲᠡ ᠳᠤ ᠤᠰᠤ ᠬᠡᠷᠡᠭᠯᠡᠬᠦ ᠠᠰᠠᠭᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠨ᠎ᠡ᠃ |
2023 ᠣᠨ ᠳᠤ᠂ ᠥᠪᠥᠷ ᠮᠣᠩᠭᠤᠯ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢᠨ |
ᠠᠶᠢᠮᠠᠭ ᠬᠤᠲᠠ ᠶᠢᠨ ᠬᠤᠭᠤᠷᠣᠨᠳᠣᠬᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ |
ᠡᠬᠢᠯᠡᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 23.13 ᠳ᠋ᠦᠩᠰᠢᠭᠤᠷ ᠲᠥᠭᠦᠷᠢᠭ ᠲᠤ ᠬᠦᠷᠴᠦ᠂ |
ᠭᠤᠤᠯᠳᠠᠭᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠣᠲᠣᠷᠠᠬᠢ ᠹᠦ᠋ ᠰᠢᠩ ᠤᠰᠤᠯᠠᠯᠲᠠ ᠶᠢᠨ ᠣᠷᠣᠨ᠂ |
ᠴᠠᠩ ᠵᠢᠢ ᠤᠰᠤᠯᠠᠯᠲᠠ ᠶᠢᠨ ᠣᠷᠣᠨ᠂ ᠶᠡᠷᠦᠩᠬᠡᠶ ᠭᠤᠤᠯ ᠰᠤᠪᠠᠭ ᠤᠨ ᠭᠤᠷᠪᠠᠳᠤᠭᠠᠷ ᠬᠠᠭᠠᠯᠲᠠ ᠶᠢᠨ ᠳᠣᠤᠷᠠᠬᠢ |
ᠤᠷᠤᠰᠬᠠᠯ ᠤᠨ ᠬᠡᠰᠡᠭ ᠤᠨ 3 ᠰᠤᠪᠠᠭ ᠤᠨ ᠬᠡᠰᠡᠭ ᠲᠤ 124 ᠵᠤᠷᠪᠤᠰ ᠨᠡᠪᠴᠢᠬᠦ ᠶᠢ ᠰᠡᠷᠭᠡᠶᠢᠯᠡᠬᠦ ᠳᠤᠳᠤᠷ |
ᠥᠷᠥᠬᠦ ᠰᠤᠪᠠᠭ ᠢ ᠪᠥᠲᠥᠭᠡᠨ ᠪᠠᠶᠢᠭᠤᠯᠵᠤ᠂ ᠰᠤᠪᠠᠭ ᠤᠨ ᠣᠷᠳᠣ ᠨᠢ 550 ᠭᠠᠷᠤᠶ ᠺᠢᠯᠤᠮᠧᠲᠷ ᠪᠠᠶᠢᠵᠤ᠂ |
ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠵᠢᠯ ᠪᠦᠷᠢ ᠰᠢᠯᠵᠢᠭᠦᠯᠦᠨ ᠥᠭᠭᠦᠭᠰᠡᠨ ᠤᠰᠤᠨ ᠤ ᠬᠡᠮᠵᠢᠶ᠎ᠡ ᠶᠢ 1.2 |
ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠵᠦ ᠪᠣᠯᠤᠨ᠎ᠠ᠃ ᠣᠳᠣᠬᠠᠨ ᠳᠤ᠂ ᠠᠩᠬᠠᠨ ᠤ ᠪᠦᠯᠦᠭ |
ᠤᠰᠤ ᠠᠷᠪᠢᠯᠠᠬᠤ ᠢᠨᠵᠧᠨᠧᠷᠢᠩ ᠨᠢᠭᠡᠨᠲᠡ ᠳᠠᠭᠤᠰᠪᠠ᠃ 2024 ᠣᠨ ᠳᠤ᠂ ᠥᠪᠥᠷ ᠮᠣᠩᠭᠤᠯ ᠤᠰᠤᠨ ᠤ |
ᠡᠷᠬᠡ ᠶᠢ ᠰᠢᠯᠵᠢᠭᠦᠯᠦᠨ ᠥᠭᠬᠦ ᠵᠠᠭᠪᠤᠷ ᠢᠶᠠᠷ ᠯᠠᠪᠯᠠᠯᠲᠠ ᠪᠣᠯᠭᠠᠨ ᠤᠷᠢᠳᠠᠪᠠᠷ 6000 ᠲᠦᠮᠡᠨ ᠪᠣᠰᠤᠭ᠎ᠠ |
ᠳᠥᠷᠪᠡᠯᠵᠢᠨ ᠮᠧᠲᠷ ᠤᠨ ᠤᠰᠤ ᠶᠢ ᠲᠣᠬᠢᠷᠠᠭᠤᠯᠵᠤ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ ᠬᠡᠰᠡᠭ |
ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ |
︽ᠤᠰᠤ ᠠᠷᠪᠢᠯᠠᠬᠤ ᠢᠨᠵᠧᠨᠧᠷᠢᠩ ᠤᠨ ᠠᠷᠪᠢᠯᠠᠭᠰᠠᠨ ᠤᠰᠤᠨ ᠤ ᠬᠡᠮᠵᠢᠶ᠎ᠡ ᠶᠢ ᠪᠤᠭᠤᠲᠤ ᠬᠤᠲᠠ᠂ ᠦᠬᠠᠶ |
ᠬᠤᠲᠠ ᠪᠠ ᠠᠯᠠᠱᠠ ᠠᠶᠢᠮᠠᠭ ᠲᠤ ᠳᠣᠭᠢᠷᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠪᠦᠲᠦᠮᠵᠢᠲᠡᠶ |
ᠳᠡᠭᠡᠭᠰᠢᠯᠡᠭᠦᠯᠪᠡ︾ ᠭᠡᠵᠦ ᠾᠧ ᠸᠧᠨ ᠬᠤᠸᠠ ᠬᠡᠯᠡᠪᠡ᠃ |
ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠶᠢᠨ ᠤᠰᠤᠯᠠᠯᠲᠠ ᠶᠢᠨ ᠣᠷᠣᠨ ᠳᠤ᠂ ᠱᠧᠨ |
ᠬᠤᠸᠠ ᠦᠬᠠᠢ ᠶᠢᠨ ᠨᠡᠭᠦᠷᠡᠰᠦ ᠬᠡᠦᠷᠰᠢᠭᠦᠯᠬᠦ ᠺᠣᠮᠫᠠᠨᠢ ᠠᠴᠠ ᠪᠡᠯᠡ ᠮᠥᠩᠭᠦ ᠭᠠᠷᠭᠠᠵᠤ᠂ 30 ᠭᠠᠷᠤᠢ ᠺᠢᠯᠤᠮᠧᠲᠷ |
ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠰᠢᠷᠣᠢ ᠶᠢᠨ ᠰᠤᠪᠠᠭ ᠲᠤ ᠤᠰᠤ ᠠᠷᠪᠢᠯᠠᠬᠤ ᠥᠭᠡᠷᠡᠴᠢᠯᠡᠯᠲᠡ ᠬᠢᠵᠡᠢ᠃ |
ᠥᠩᠭᠡᠷᠡᠭᠰᠡᠨ ᠳᠤ ᠂ ᠤᠰᠤ ᠰᠢᠷᠣᠶ ᠶᠢᠨ ᠰᠤᠪᠠᠭ ᠢᠶᠠᠷ ᠥᠩᠭᠡᠷᠡᠬᠦ ᠳᠤ ᠂ ᠤᠰᠤᠨ ᠤ ᠡᠬᠢ ᠰᠤᠷᠪᠤᠯᠵᠢ ᠶᠢ |
ᠪᠦᠷᠢᠯᠭᠡᠪᠡ᠃ ᠤᠰᠤᠨ ᠰᠤᠪᠠᠭ ᠢ ᠥᠭᠡᠷᠡᠴᠢᠯᠡᠭᠰᠡᠨ ᠤ ᠳᠠᠷᠠᠭ᠎ᠠ᠂ ᠲᠠᠷᠢᠶᠠᠨ ᠭᠠᠵᠠᠷ ᠤᠨ ᠮᠦ ᠪᠦᠷᠢ ᠶᠢᠨ ᠬᠡᠷᠡᠭᠯᠡᠬᠦ |
ᠤᠰᠤᠨ ᠤ ᠬᠡᠮᠵᠢᠶ᠎ᠡ 513.5 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠬᠠᠰᠤᠭᠳᠠᠵᠤ 283.3 |
ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠢᠯᠠᠭᠰᠠᠨ ᠤᠰᠤᠨ ᠤ ᠭᠦᠢᠴᠡᠳᠬᠡᠬᠦ ᠲᠤᠭ᠎ᠠ ᠶᠢ ᠠᠵᠤ ᠠᠬᠤᠶᠢᠯᠠᠯ ᠳᠤ |
ᠰᠢᠯᠵᠢᠭᠦᠯᠦᠨ ᠥᠭᠴᠦ ᠪᠣᠯᠬᠤ ᠪᠥᠭᠡᠳ ᠠᠷᠠᠯᠵᠢᠶᠠᠯᠠᠬᠤ ᠬᠡᠯᠪᠡᠷᠢ ᠪᠠᠷ ᠬᠤᠳᠠᠯᠳᠤᠵᠤ᠂ ᠢᠩᠭᠢᠭᠰᠡᠨ ᠠᠴᠠ |
ᠲᠠᠷᠢᠶᠠᠯᠠᠩ᠂ ᠠᠵᠤ ᠦᠢᠯᠡᠳᠪᠦᠷᠢ ᠴᠥᠮ ᠪᠣᠳᠠᠲᠤ ᠠᠰᠢᠭ ᠬᠦᠷᠲᠡᠭᠰᠡᠨ ᠪᠠᠶᠢᠨ᠎ᠠ᠃ |
︽ᠮᠠᠨ ᠤ ᠦᠢᠯᠡᠳᠪᠦᠷᠢ ᠶᠢᠨ ᠤᠰᠤᠨ ᠤ ᠡᠷᠬᠡ ᠶᠢᠨ ᠨᠢᠭᠡ ᠬᠡᠰᠡᠭ ᠨᠢ ᠠᠵᠢᠯ ᠲᠥᠷᠥᠯ ᠠᠯᠤᠰᠯᠠᠨ |
ᠡᠷᠭᠢᠯᠳᠦᠭᠦᠯᠬᠦ ᠪᠠᠷ ᠳᠠᠮᠵᠢᠨ ᠢᠷᠡᠭᠰᠡᠨ ᠶᠤᠮ᠂ ᠡᠷᠭᠢᠯᠳᠦᠭᠦᠯᠵᠦ ᠢᠷᠡᠭᠰᠡᠨ ᠤᠰᠤᠨ ᠤ ᠡᠷᠬᠡ ᠨᠢ ᠦᠢᠯᠡᠳᠪᠦᠷᠢ ᠶᠢᠨ |
ᠤᠰᠤ ᠬᠡᠷᠡᠭᠯᠡᠬᠦ ᠠᠰᠠᠭᠤᠳᠠᠯ ᠢ ᠮᠠᠰᠢ ᠶᠡᠭᠡ ᠬᠡᠮᠵᠢᠶ᠎ᠡ ᠪᠠᠷ ᠰᠢᠢᠳᠪᠦᠷᠢᠯᠡᠵᠦ᠂ ᠲᠣᠨᠣᠭᠯᠠᠯ ᠤᠨ ︿ᠦᠷᠭᠦᠯᠵᠢ᠂ |
ᠳᠦᠭᠦᠷᠡᠩ᠂ ᠰᠢᠯᠢᠳᠡᠭ﹀ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠪᠠ᠃ ᠤᠯᠤᠰ ᠤᠨ ᠡᠨᠧᠷᠭᠢ ᠶᠢᠨ |
ᠪᠦᠯᠦᠭᠯᠡᠯ ᠤᠨ ᠨᠡᠭᠦᠷᠡᠰᠦ ᠬᠡᠤᠷᠰᠢᠭᠦᠯᠦᠭᠰᠡᠨ ᠺᠣᠮᠫᠠᠨᠢ ᠶᠢᠨ ᠰᠢ ᠯᠠᠢ ᠹᠧᠩ ᠮᠧᠲ᠋ᠢᠯ ᠠᠯᠺᠣᠤᠯ ᠤᠨ ᠦᠢᠯᠡᠳᠪᠦᠷᠢ ᠶᠢᠨ |
ᠦᠢᠯᠡᠳᠪᠦᠷᠢᠯᠡᠯ ᠤᠨ ᠲᠥᠬᠦᠭᠡᠷᠦᠮᠵᠢ ᠶᠢᠨ ᠮᠡᠷᠭᠡᠵᠢᠯ ᠤᠨ ᠬᠡᠯᠲᠡᠰ ᠤᠨ ᠳᠠᠷᠤᠭ᠎ᠠ ᠯᠸᠢ ᡁᠢ ᠯᠢᠨ ᠬᠡᠯᠡᠪᠡ᠃ |
ᠠᠵᠢᠯ ᠲᠥᠷᠥᠯ ᠠᠯᠤᠰᠯᠠᠭᠰᠠᠨ ᠤᠰᠤᠨ ᠤ ᠡᠷᠬᠡ ᠶᠢᠨ ᠠᠷᠠᠯᠵᠢᠶ᠎ᠠ ᠪᠠᠷ ᠳᠠᠮᠵᠢᠭᠤᠯᠤᠨ᠂ ᠠᠵᠤ |
ᠠᠬᠤᠶᠢᠯᠠᠯ ᠳᠤ ᠲᠤᠯᠭᠠᠷᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ ᠬᠦᠴᠢᠷᠳᠡᠯ ᠠᠶᠠᠨᠳᠠᠭᠠᠨ ᠠᠷᠢᠯᠵᠤ᠂ |
ᠤᠰᠤᠨ ᠤ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃ |
ᠣᠳᠣᠬᠠᠨ ᠳᠤ᠂ ᠦᠬᠠᠶ ᠬᠤᠲᠠ ᠳᠤ᠂ ᠡᠶᠢᠮᠦᠷᠬᠦ ︽ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠵᠦ᠂ |
ᠲᠠᠷᠢᠶᠠᠯᠠᠩ ᠢᠶᠠᠷ ᠠᠵᠢᠯᠴᠢᠨ ᠢ ᠳᠡᠵᠢᠭᠡᠬᠦ︾᠂ ︽ᠭᠡᠷ᠎ᠡ ᠪᠠᠷ ᠤᠰᠤ ᠠᠷᠪᠢᠯᠠᠬᠤ + ᠤᠰᠤᠨ ᠤ ᠡᠷᠬᠡ ᠶᠢ |
ᠰᠢᠯᠵᠢᠭᠦᠯᠦᠨ ᠥᠭᠬᠦ︾ ᠠᠷᠠᠯᠵᠢᠶᠠᠨ ᠤ ᠵᠠᠭᠪᠤᠷ ᠢ ᠶᠠᠭ ᠪᠥᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ᠃ |
ᠥᠪᠥᠷ ᠮᠣᠩᠭᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠨᠢ ᠤᠰᠤᠨ ᠤ ᠡᠬᠢ ᠪᠠᠶᠠᠯᠢᠭ ᠤᠨ ᠪᠣᠭᠤᠮᠢ |
ᠬᠢᠵᠠᠭᠠᠷᠯᠠᠯ ᠢ ᠨᠠᠮᠳᠠᠭᠤᠯᠵᠤ᠂ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢᠨ ᠬᠠᠮᠵᠢᠯᠴᠠᠨ |
ᠬᠥᠭᠵᠢᠬᠦ ᠶᠢ ᠠᠬᠢᠭᠤᠯᠪᠠ᠃ 2003 ᠣᠨ ᠠᠴᠠ ᠡᠮᠦᠨ᠎ᠡ᠂ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ |
ᠭᠠᠵᠠᠷ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ 100 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ |
ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠤᠰᠤᠯᠠᠯᠲᠠ ᠶᠢᠨ ᠣᠷᠣᠨ ᠤ ᠤᠰᠤ |
ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠬᠠᠲᠤᠨ ᠭᠤᠣᠯ ᠤᠨ |
ᠤᠰᠤ ᠶᠢ ᠲᠠᠲᠠᠬᠤ ᠤᠰᠤᠨ ᠤ ᠬᠡᠮᠵᠢᠶ᠎ᠡ ᠶᠢ ᠵᠢᠯ ᠳᠠᠷᠠᠭᠠᠯᠠᠨ ᠪᠠᠭᠤᠷᠠᠭᠤᠯᠪᠠ᠃ |
ᠤᠰᠤᠨ ᠤ ᠡᠷᠬᠡ ᠶᠢ ᠰᠢᠯᠵᠢᠭᠦᠯᠦᠨ ᠥᠭᠬᠦ ᠶᠢ ᠬᠡᠷᠡᠭᠵᠢᠭᠦᠯᠦᠭᠰᠡᠨ 10 ᠵᠢᠯ ᠤᠨ ᠲᠤᠷᠰᠢ᠂ ᠥᠪᠥᠷ ᠮᠣᠩᠭᠤᠯ |
ᠬᠠᠲᠤᠨ ᠭᠤᠤᠯ ᠳᠠᠭᠠᠤ ᠭᠠᠵᠠᠷ ᠣᠷᠣᠨ ᠤ 260 ᠭᠠᠷᠤᠶ ᠠᠵᠤ ᠦᠢᠯᠡᠳᠪᠦᠷᠢ ᠶᠢᠨ ᠲᠦᠰᠦᠯ ᠤᠨ ᠤᠰᠤ ᠬᠡᠷᠡᠭᠯᠡᠬᠦ |
ᠠᠰᠠᠭᠤᠳᠠᠯ ᠢ ᠰᠢᠢᠳᠪᠦᠷᠢᠯᠡᠵᠦ᠂ ᠪᠠᠷᠤᠭ 4000 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ |
ᠥᠷᠲᠡᠭ ᠲᠤ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠶᠢᠨ ᠬᠠᠮᠲᠤ ᠤᠰᠤᠯᠠᠯᠲᠠ ᠶᠢᠨ ᠣᠷᠣᠨ ᠳᠤ |
60 ᠭᠠᠷᠤᠶ ᠳ᠋ᠦᠩᠰᠢᠭᠤᠷ ᠲᠥᠭᠦᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠪᠠ᠃ |
ᠣᠲᠣ ᠪᠣᠯᠲᠠᠯ᠎ᠠ᠂ ᠤᠰᠤᠨ ᠤ ᠭᠦᠢᠴᠡᠳᠬᠡᠯ ᠲᠤᠭ᠎ᠠ ᠶᠢ ᠨᠢᠭᠡᠨᠲᠡ 4.36 ᠳ᠋ᠦᠩᠰᠢᠭᠤᠷ ᠪᠣᠰᠤᠭ᠎ᠠ ᠳᠥᠷᠪᠡᠯᠵᠢᠨ |
ᠮᠧᠲᠷ ᠰᠢᠯᠵᠢᠭᠦᠯᠦᠨ ᠥᠭᠴᠦ᠂ ᠰᠢᠰᠲ᠋ᠧᠮ ᠲᠠᠢ ᠤᠰᠤ ᠵᠠᠰᠠᠬᠤ ᠰᠡᠳᠬᠢᠴᠡ ᠪᠠᠷ ᠠᠵᠤ ᠠᠬᠤᠶ ᠨᠡᠶᠢᠭᠡᠮ ᠤᠨ ᠴᠢᠨᠠᠷ |
ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ |
|
︵︽ᠠᠷᠠᠣᠠ ᠤᠨ ᠡᠳᠦᠷ ᠤᠨ ᠰᠣᠨᠢᠠ︾ ᠠᠴᠠ ᠰᠢᠯᠵᠢᠭᠦᠯᠪᠡ 2024 ᠣᠨ ᠤ 08 ᠳ᠋ᠤᠭᠠᠷ ᠰᠠᠷ᠎ᠠ ᠶᠢᠨ |
10 ᠤ ᠡᠳᠦᠷ ᠰᠤᠷᠪᠤᠯᠵᠢᠯᠠᠭᠴᠢ ᠵᠠᠩ ᠾᠦᠢ ᠯᠢᠩ︶ |
|