|
|
|
|
|
ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠶᠡᠷᠦᠩᠬᠡᠶ ᠭᠤᠤᠯ ᠰᠤᠪᠠᠭ ᠤᠨ ᠬᠤᠶᠠᠳᠤᠭᠠᠷ ᠤᠰᠤ |
ᠰᠠᠯᠭᠠᠬᠤ ᠵᠠᠩᠭᠢᠯᠠᠭ᠎ᠠ ᠃ ᠯᠢ ᠵᠢᠶᠠᠨ ᠭᠦᠸᠧ ᠰᠡᠭᠦᠲᠡᠷᠯᠡᠪᠡ |
|
|
|
|
|
ᠬᠢᠩᠭᠠᠨ ᠤ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠲᠦᠯᠢᠶᠡᠮᠤᠳᠤ ᠲᠠᠷᠢᠶᠠᠯᠠᠩ ᠤᠨ ᠲᠠᠯᠠᠪᠠᠢ ᠶᠢ |
ᠲᠡᠭᠰᠢ ᠰᠢᠯᠵᠢᠭᠦᠯᠬᠦ ᠬᠡᠯᠪᠡᠷᠢ ᠶᠢᠨ ᠰᠦᠷᠴᠢᠨ ᠤᠰᠤᠯᠠᠬᠤ ᠮᠠᠰᠢᠨ ᠢᠶᠠᠷ ᠪᠤᠭᠤᠳᠠᠢ ᠤᠰᠤᠯᠠᠵᠤ ᠪᠤᠢ ᠃ ᠪᠠᠲᠤ |
ᠰᠡᠭᠦᠳᠡᠷᠯᠡᠪᠡ |
|
|
|
|
|
ᠰᠠᠶᠢᠨ ᠳᠤᠷ᠎ᠠ ᠶᠢᠨ ᠦᠢᠯᠡᠴᠢᠯᠡᠭᠴᠢᠳ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠮᠦᠬᠦᠴᠢ |
ᠪᠠᠯᠭᠠᠰᠤ ᠶᠢᠨ ᠮᠦᠬᠦᠴᠢ ᠲᠣᠰᠬᠤᠨ ᠳᠤ ᠰᠤᠪᠠᠭ ᠪᠠᠶᠢᠴᠠᠭᠠᠪᠠ ᠃ ᠬᠠᠨ ᠯᠧᠩ ᠰᠡᠭᠦᠲᠡᠷᠯᠡᠪᠡ |
|
|
ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠮᠤ ᠣᠷᠣᠨ |
ᠪᠣᠯᠣᠨ᠎ᠠ ᠂ ᠲᠠᠷᠢᠶᠠᠨ ᠭᠠᠵᠠᠷ ᠤᠨ ᠲᠠᠯᠠᠪᠠᠢ 1.72 ᠳ᠋ᠦᠩᠰᠢᠭᠤᠷ ᠮᠦ ᠪᠠᠶᠢᠵᠤ ᠂ ᠲᠠᠷᠢᠶᠠᠯᠠᠩ ᠳᠤ ᠬᠡᠷᠡᠭᠯᠡᠬᠦ |
ᠤᠰᠤᠨ ᠤ ᠬᠡᠮᠵᠢᠶ᠎ᠡ ᠨᠢ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶᠡᠨ ᠤ 60% ᠠᠴᠠ ᠳᠡᠭᠡᠭᠰᠢᠬᠢ ᠶᠢ |
ᠡᠵᠡᠯᠡᠵᠦ ᠪᠤᠢ ᠃ |
ᠤᠰᠤᠨ ᠠᠰᠢᠭᠯᠠᠯᠲᠠ ᠪᠣᠯ ᠲᠠᠷᠢᠶᠠᠯᠠᠩ ᠤᠨ ᠠᠮᠢᠨ ᠰᠤᠳᠠᠰᠤ ᠮᠥᠨ ᠂ ᠲᠠᠷᠢᠶᠠᠯᠠᠩ ᠤᠨ ᠤᠰᠤ ᠠᠷᠪᠢᠯᠠᠬᠤ |
ᠠᠴᠢ ᠬᠤᠯᠪᠣᠭᠳᠠᠯ ᠲᠠᠢ ᠃ |
︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ |
ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠶᠢᠨ |
ᠵᠢᠯ ᠠᠴᠠ ᠂ ᠥᠪᠥᠷ ᠮᠣᠩᠭᠤᠯ ︽ᠬᠤᠷ᠎ᠠ ᠲᠣᠨᠣᠳᠠᠰᠤ ᠶᠢᠨ ᠬᠤᠷᠣᠭᠳᠠᠯ︾ ᠭᠡᠬᠦ ᠡᠨᠡ ᠬᠦ ᠤᠳᠤᠷᠢᠳᠤᠮᠵᠢ ᠶᠢ |
ᠳᠣᠪᠤᠶᠢᠯᠭᠠᠵᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ︽ᠵᠠᠩᠭᠢᠯᠠᠭ᠎ᠠ︾ |
ᠶᠢ ᠪᠠᠲᠤ ᠡᠵᠡᠮᠳᠡᠵᠦ ᠂ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠂ ᠲᠠᠷᠢᠶᠠᠯᠠᠩ ᠤᠨ ᠤᠰᠤᠨ ᠤ ᠦᠨ᠎ᠡ ᠶᠢᠨ |
ᠪᠦᠷᠢᠯᠳᠦᠯ ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠂ ᠤᠰᠤ ᠠᠷᠪᠢᠯᠠᠬᠤ |
ᠱᠠᠩᠨᠠᠵᠤ ᠨᠥᠬᠦᠪᠥᠷᠢᠯᠡᠬᠦ ᠳᠥᠷᠪᠡᠨ ᠵᠦᠢᠯ ᠤᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ ᠂ ᠲᠠᠷᠢᠶᠠᠯᠠᠩ ᠤᠨ |
ᠥᠨᠳᠥᠷ ᠪᠦᠲᠦᠮᠵᠢᠲᠡᠶ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ ᠂ ᠲᠠᠷᠢᠶᠠᠯᠠᠩ ᠤᠨ ᠤᠰᠤ |
ᠬᠡᠷᠡᠭᠯᠡᠬᠦ ᠪᠦᠳᠦᠭᠦᠯᠢᠭ ᠦᠷ᠎ᠡ ᠠᠰᠢᠭ ᠳᠣᠤᠷ᠎ᠠ ᠪᠠᠶᠢᠭᠰᠠᠨ ᠠᠴᠠ ᠪᠠᠨ ᠠᠷᠪᠢᠲᠠᠶ ᠡᠷᠴᠢᠮᠯᠢᠭ ᠲᠡᠰᠢ |
ᠬᠤᠪᠢᠷᠠᠭᠤᠯᠬᠤ ᠶᠢ ᠠᠬᠢᠭᠤᠯᠪᠠ ᠃ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠤᠭ᠎ᠠ ᠪᠠᠷᠢᠮᠲᠠ ᠠᠴᠠ |
ᠦᠵᠡᠪᠡᠯ ᠂ 2023 ᠣᠨ ᠳᠤ ᠂ ᠥᠪᠥᠷ ᠮᠣᠩᠭᠤᠯ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤ ᠠᠷᠪᠢᠯᠠᠬᠤ |
ᠴᠢᠳᠠᠪᠤᠷᠢ 3.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ ᠂ ᠲᠠᠷᠢᠶᠠᠨ ᠭᠠᠵᠠᠷ ᠤᠨ ᠤᠰᠤᠯᠠᠯᠲᠠ ᠶᠢᠨ |
ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ 0.583 ᠬᠦᠷᠴᠦ ᠂ ᠪᠥᠬᠦ ᠤᠯᠤᠰ ᠤᠨ |
ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ ᠃ ᠪᠦᠬᠦ ᠣᠷᠣᠨ ᠤ 73 ᠲᠣᠮᠣ ᠳᠤᠮᠳᠠ ᠬᠡᠯᠪᠡᠷᠢ ᠶᠢᠨ |
ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠦᠨ᠎ᠡ ᠶᠢ ᠲᠣᠭᠲᠠᠭᠠᠨ ᠲᠣᠬᠢᠷᠠᠭᠤᠯᠬᠤ ᠶᠢ |
ᠪᠡᠶᠡᠯᠡᠭᠦᠯᠬᠦ ᠶᠢᠨ ᠬᠠᠮᠲᠤ ᠤᠰᠤ ᠠᠪᠬᠤ ᠠᠮᠠᠰᠠᠷ ᠤᠨ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠵᠦ ᠂ 65 |
ᠲᠦᠮᠡᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠲᠤ ︽ᠴᠠᠬᠢᠯᠭᠠᠨ ᠢᠶᠠᠷ ᠤᠰᠤ ᠶᠢ |
ᠨᠤᠭᠤᠯᠬᠤ︾ ᠶᠢ ᠪᠡᠶᠡᠯᠡᠭᠦᠯᠪᠡ ᠃ |
ᠤᠰᠤ ᠬᠠᠩᠭᠠᠬᠤ ᠳᠤ ᠵᠣᠷ ᠲᠠᠢ ᠂ ᠤᠰᠤ ᠬᠡᠷᠡᠭᠯᠡᠬᠦ ᠳᠤ ᠬᠡᠮᠵᠢᠶ᠎ᠡ ᠲᠠᠢ ᠃ 2016 ᠣᠨ ᠳᠤ ᠥᠪᠥᠷ |
ᠮᠣᠩᠭᠤᠯ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠡᠬᠢᠯᠡᠭᠰᠡᠨ ᠠᠴᠠ |
ᠣᠲᠣ ᠪᠣᠯᠲᠠᠯ᠎ᠠ ᠂ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ ᠂ ᠥᠭᠡᠷᠡᠴᠢᠯᠡᠯᠲᠡ ᠶᠢᠨ ᠲᠠᠯᠠᠪᠠᠶ 4665. |
7 ᠲᠦᠮᠡᠨ ᠮᠥ ᠪᠣᠯᠪᠠ ᠃ |
ᠲᠣᠭᠲᠠᠴᠠ ᠶᠢᠨ ᠬᠤᠪᠢᠷᠠᠯ — ᠶᠡᠷᠦᠩᠬᠡᠢ ᠬᠡᠮᠵᠢᠶ᠎ᠡ ᠶᠢᠨ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ |
ᠴᠢᠩᠭ᠎ᠠ ᠡᠵᠡᠮᠳᠡᠨ᠎ᠡ |
ᠨᠠᠮᠤᠷ ᠤᠨ ᠤᠯᠠᠷᠢᠯ ᠤᠨ ᠤᠰᠤᠯᠠᠯᠲᠠ ᠶᠢᠨ ᠬᠤᠭᠤᠴᠠᠭᠠᠨ ᠳᠤ ᠂ ᠪᠠᠶᠠᠨᠨᠠᠭᠤᠷ ᠣᠷᠣᠨ ᠤ ᠲᠠᠷᠢᠶᠠᠴᠢᠳ ᠴᠥᠮ |
ᠤᠰᠤ ᠠᠷᠪᠢᠯᠠᠵᠤ ᠴᠢᠭᠢᠭ ᠢ ᠬᠠᠮᠠᠭᠠᠯᠠᠬᠤ ᠪᠠᠷ ᠶᠠᠭᠠᠷᠠᠯᠳᠤᠵᠤ ᠪᠠᠶᠢᠪᠠ ᠃ |
ᠥᠩᠭᠡᠷᠡᠭᠰᠡᠨ ᠳᠤ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ ᠂ ᠬᠤᠷᠳᠤᠴᠠ ᠨᠢ ᠪᠠᠰᠠ ᠤᠳᠠᠭᠠᠨ ᠂ ᠠᠯᠢ |
ᠦᠶ᠎ᠡ ᠳᠤ ᠬᠡᠨ ᠤ ᠭᠡᠷ ᠲᠤ ᠬᠦᠷᠬᠦ ᠶᠢ ᠪᠠᠰᠠ ᠮᠡᠳᠡᠬᠦ ᠦᠭᠡᠢ ᠂ ᠵᠥᠪᠬᠡᠨ ᠬᠦᠯᠢᠶᠡᠵᠦ ᠰᠠᠭᠤᠨ᠎ᠠ︾ ᠃ ᠪᠠᠶᠠᠨᠨᠠᠭᠤᠷ |
ᠬᠤᠲᠠ ᠶᠢᠨ ᠳ᠋ᠧᠩᠺᠸᠤ ᠰᠢᠶᠠᠨ ᠤ ᠳ᠋ᠦ᠋ ᠺᠸᠦ ᠪᠠᠯᠭᠠᠰᠤᠨ ᠤ ᠳ᠋ᠦᠩ ᠳ᠋ᠢ ᠲᠣᠰᠬᠤᠨ ᠤ ᠠᠷᠠᠳ ᠬᠡᠯᠡᠬᠦ ᠳᠡᠭᠡᠨ ᠂ ᠣᠲᠣ |
ᠳ᠋ᠦᠩ ᠰᠢᠨ ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠠᠴᠠ ᠨᠢᠭᠡᠳᠦᠯᠲᠡᠶ ᠬᠠᠮᠢᠶᠠᠷᠬᠤ ᠳᠤ ᠲᠥᠬᠦᠮ |
ᠪᠣᠯᠵᠠᠢ︾ ᠭᠡᠪᠡ ᠃ |
︽ᠥᠩᠭᠡᠷᠡᠭᠰᠡᠨ ᠳᠤ ᠨᠢᠭᠡ ᠮᠦ ᠭᠠᠵᠠᠷ ᠢ ᠬᠡᠳᠦᠶ ᠤᠰᠤ ᠬᠡᠷᠡᠭᠯᠡᠭᠰᠡᠨ ᠢ ᠲᠠᠷᠢᠶᠠᠴᠢᠳ ᠮᠡᠳᠡᠬᠦ ᠥᠬᠡᠶ ᠂ ᠣᠲᠣ |
ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠪᠠᠶᠢᠭᠤᠯᠵᠤ ᠂ ᠤᠰᠤᠨ ᠤ ᠡᠷᠬᠡ ᠶᠢᠨ ᠤᠰᠤᠨ ᠤ ᠦᠨ᠎ᠡ ᠶᠢ |
ᠲᠣᠭᠲᠠᠭᠠᠭᠰᠠᠨ ᠤ ᠳᠠᠷᠠᠭ᠎ᠠ ᠂ ᠲᠠᠷᠢᠶᠠᠴᠢᠳ ᠤᠨ ᠤᠰᠤ ᠬᠡᠷᠡᠭᠯᠡᠬᠦ ᠡᠬᠡ ᠲᠠᠩᠰᠠ ᠲᠣᠳᠣᠷᠬᠠᠶ ᠪᠠᠶᠢᠵᠤ ᠂ ᠲᠣᠳᠣᠷᠬᠠᠶ |
ᠪᠥᠭᠡᠳ ᠵᠣᠭᠤᠰ ᠲᠤᠰᠢᠶᠠᠵᠤ ᠂ ᠰᠠᠨᠠᠭ᠎ᠠ ᠠᠮᠤᠷ ᠤᠰᠤ ᠬᠡᠷᠡᠭᠯᠡᠬᠦ ᠶᠢ ᠪᠡᠶᠡᠯᠡᠭᠦᠯᠵᠡᠶ︾ ᠭᠡᠵᠦ ᠳ᠋ᠦ᠋ ᠺᠧᠦ |
ᠪᠠᠯᠭᠠᠰᠤᠨ ᠤ ᠪᠠᠯᠭᠠᠰᠤᠨ ᠳᠠᠷᠤᠭ᠎ᠠ ᠴᠧᠨ ᠬᠤᠩ ᠬᠡᠯᠡᠪᠡ ᠃ |
ᠳ᠋ᠦᠩ ᠰᠢᠨ ᠤᠰᠤᠨ ᠤ ᠶᠠᠪᠤᠳᠠᠯ ᠤᠨ ᠤᠰᠤᠯᠠᠯᠲᠠ ᠶᠢᠨ ᠬᠤᠷᠰᠢᠶ᠎ᠠ ᠪᠣᠯ 2023 ᠣᠨ ᠤ 4 ᠳ᠋ᠦ᠋ᠭᠡᠷ |
ᠰᠠᠷ᠎ᠠ ᠳᠤ ᠳ᠋ᠦ᠋ ᠺᠸᠤ ᠪᠠᠯᠭᠠᠰᠤᠨ ᠤ ᠳ᠋ᠦᠩ ᠳ᠋ᠢ ᠲᠣᠰᠬᠤᠨ ᠪᠣᠯᠤᠨ ᠬᠥᠷᠰᠢ ᠪᠠᠶᠢᠭ᠎ᠠ ᠰᠢᠨ ᠳ᠋ᠢ ᠲᠣᠰᠬᠤᠨ ᠬᠠᠮᠳᠤ |
ᠪᠠᠶᠢᠭᠤᠯᠤᠭᠰᠠᠨ ᠶᠤᠮ ᠂ ᠳ᠋ᠧᠩᠺᠸᠤ ᠰᠢᠶᠠᠨ ᠤ ᠠᠩᠬᠠᠳᠠᠭᠴᠢ ᠰᠢᠶᠠᠩ ᠪᠠᠯᠭᠠᠰᠤᠨ ᠤ ᠲᠠᠰ ᠤᠨ ᠤᠰᠤᠯᠠᠯᠲᠠ ᠶᠢᠨ |
ᠦᠢᠯᠡᠴᠢᠯᠡᠭᠡᠨ ᠤ ᠲᠤᠰᠬᠠᠶ ᠬᠤᠷᠰᠢᠶ᠎ᠠ ᠪᠣᠯᠤᠨ᠎ᠠ ᠃ ᠬᠤᠷᠰᠢᠶ᠎ᠠ ᠳᠤ ᠠᠵᠢᠯ ᠲᠥᠷᠥᠯ ᠤᠨ ᠰᠠᠯᠠᠭ᠎ᠠ ᠮᠥᠴᠢᠷ ᠤᠨ |
ᠬᠢᠨᠠᠯᠲᠠ ᠲᠠᠯᠪᠢᠵᠤ ᠵᠢᠯᠣᠭᠤᠳᠬᠤ ᠂ ᠰᠤᠮᠤ ᠪᠠᠯᠭᠠᠰᠤ ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠬᠠᠷᠢᠶ᠎ᠠ |
ᠭᠠᠵᠠᠷ ᠠᠴᠠ ᠭᠤᠤᠯᠴᠢᠯᠠᠨ ᠬᠠᠮᠢᠶᠠᠷᠬᠤ ᠂ ᠬᠤᠷᠰᠢᠶ᠎ᠠ ᠠᠴᠠ ᠪᠡᠶ᠎ᠡ ᠪᠠᠨ ᠳᠠᠭᠠᠭᠠᠨ ᠡᠵᠡᠩᠨᠡᠬᠦ ᠬᠢᠨᠠᠯᠲᠠ |
ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ ᠂ ᠰᠤᠮᠤ ᠪᠠᠯᠭᠠᠰᠤ ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠶᠢᠨ |
ᠬᠠᠷᠢᠶ᠎ᠠ ᠣᠷᠣᠨ ᠤ ᠤᠰᠤᠨ ᠳᠤ ᠬᠤᠯᠪᠣᠭᠳᠠᠬᠤ ᠶᠠᠪᠤᠳᠠᠯ ᠳᠤ ᠨᠢᠭᠡᠳᠦᠯᠲᠡᠶ ︽ᠪᠣᠳᠠᠰᠴᠢᠯᠠᠬᠤ︾ ᠬᠠᠮᠢᠶᠠᠷᠤᠯᠲᠠ ᠶᠢ |
ᠨᠢᠭᠡᠳᠦᠯᠲᠡᠶ ᠬᠢᠵᠦ ᠂ 56 ᠲᠣᠰᠬᠤᠨ ᠤ ᠠᠷᠠᠳ ᠤᠨ ᠳᠤᠭᠤᠶᠢᠯᠠᠩ ᠤᠨ ᠲᠠᠷᠢᠶᠠᠴᠢᠨ ᠡᠷᠦᠬᠡ ᠪᠠ 1.902 ᠲᠦᠮᠡᠨ |
ᠮᠥ ᠲᠠᠷᠢᠶᠠᠨ ᠭᠠᠵᠠᠷ ᠲᠤ ᠦᠢᠯᠡᠴᠢᠯᠡᠨ᠎ᠡ ᠃ |
2023 ᠣᠨ ᠳᠤ ᠪᠠᠶᠠᠨᠨᠠᠭᠤᠷ ᠬᠤᠲᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠤᠷᠢᠳ ᠬᠤᠵᠢᠳ 358 |
ᠤᠰᠤᠨ ᠤ ᠶᠠᠪᠤᠳᠠᠯ ᠤᠨ ᠬᠤᠷᠰᠢᠶᠠᠵᠢᠯ ᠪᠠᠶᠢᠭᠤᠯᠵᠤ ᠂ ᠤᠰᠤ ᠬᠡᠷᠡᠭᠯᠡᠬᠦ ᠳᠤ ᠰᠦᠢᠳᠭᠡᠯ ᠬᠤᠷᠢᠶᠠᠬᠤ ᠢᠯᠡ |
ᠲᠣᠳᠣ ᠶᠢᠨ ᠬᠡᠮᠵᠢᠶ᠎ᠡ ᠶᠢ ᠨᠡᠮᠡᠭᠳᠡᠭᠦᠯᠵᠦ ᠂ ᠲᠠᠷᠢᠶᠠᠴᠢᠳ ᠢ ᠤᠰᠤ ᠬᠡᠷᠡᠭᠯᠡᠬᠦ ᠬᠠᠮᠢᠶᠠᠷᠤᠭᠴᠢ ᠪᠠ ᠤᠰᠤ ᠠᠷᠪᠢᠯᠠᠬᠤ |
ᠠᠰᠢᠭ ᠬᠦᠷᠲᠡᠭᠴᠢ ᠪᠣᠯᠭᠠᠵᠤ ᠂ ᠪᠠᠰᠠ ᠥᠩᠭᠡᠷᠡᠭᠰᠡᠨ ᠤ ᠬᠠᠮᠢᠶᠠᠷᠤᠯᠲᠠ ᠶᠢᠨ ᠳᠦᠷᠢᠮ ᠲᠡᠭᠦᠯᠳᠡᠷ ᠪᠤᠰᠤ ᠂ |
ᠤᠰᠤᠨ ᠤ ᠰᠦᠢᠳᠭᠡᠯ ᠪᠣᠳᠣᠵᠤ ᠬᠤᠷᠢᠶᠠᠬᠤ ᠨᠢ ᠡᠮᠬᠢ ᠵᠠᠮᠪᠠᠷᠠᠭ᠎ᠠ ᠦᠭᠡᠢ ᠂ ᠬᠠᠮᠢᠶᠠᠷᠤᠯᠲᠠ ᠨᠢ ᠳᠣᠣᠷ᠎ᠠ ᠪᠥᠭᠡᠳ |
ᠡᠮᠬᠢ ᠵᠢᠷᠤᠮ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠡᠢ ᠃ ᠡᠨᠡ ᠪᠣᠯ ᠪᠠᠶᠠᠨᠨᠠᠭᠤᠷ ᠬᠤᠲᠠ ᠶᠢᠨ |
ᠲᠣᠭᠲᠠᠴᠠ ᠶᠢᠨ ᠰᠢᠨ᠎ᠡ ᠶᠢ ᠡᠭᠦᠳᠴᠦ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠮᠢᠳᠤᠯᠢᠭ ᠦᠢᠯᠡᠳᠦᠯᠭᠡ ᠪᠣᠯᠤᠨ᠎ᠠ ᠃ |
ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠡᠷᠦᠩᠬᠡᠶᠢᠯᠡᠭᠰᠡᠨ |
ᠠᠷᠭ᠎ᠠ ᠪᠠᠷᠢᠯ ᠢᠶᠠᠷ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠪᠠ ᠡᠷᠴᠢᠮ ᠢ ᠪᠠᠭᠠᠰᠬᠠᠵᠤ ᠂ |
ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠤᠰᠤᠨ ᠤ ᠡᠬᠢ ᠪᠠᠶᠠᠯᠢᠭ ᠢ ᠠᠰᠢᠭᠯᠠᠬᠤ |
ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ |
ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠡᠯ᠎ᠡ ᠭᠠᠵᠠᠷ ᠤᠨ ᠬᠢᠨ ᠨᠣᠷᠮ᠎ᠠ ᠲᠣᠭᠲᠠᠭᠠᠨ |
ᠬᠠᠮᠢᠶᠠᠷᠬᠤ ᠪᠠ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠᠷᠢᠮᠵᠢᠶ᠎ᠠ ᠶᠢ ᠪᠠᠲᠤ ᠡᠵᠡᠮᠳᠡᠵᠦ ᠂ ᠲᠠᠷᠢᠶᠠᠯᠠᠩ ᠤᠨ |
ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠦᠢᠴᠡᠳᠬᠡᠯ ᠲᠤᠭ᠎ᠠ ᠶᠢ ᠬᠥᠳᠡᠭᠡ ᠲᠣᠰᠬᠤᠨ ᠤ |
ᠬᠠᠮᠲᠤ ᠶᠢᠨ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ ᠬᠠᠮᠢᠶᠠᠷᠤᠯᠲᠠ ᠶᠢᠨ ᠨᠢᠭᠡᠴᠢ ᠳᠤ ᠵᠠᠳᠠᠯᠵᠤ ᠂ |
ᠲᠠᠷᠢᠶᠠᠯᠠᠩ ᠤᠨ ᠠᠩᠬᠠᠨ ᠤ ᠤᠰᠤᠨ ᠤ ᠡᠷᠬᠡ ᠶᠢ ᠲᠣᠳᠣᠷᠬᠠᠶ ᠪᠣᠯᠭᠠᠪᠠ ᠃ |
︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠂ ᠥᠪᠥᠷ ᠮᠣᠩᠭᠤᠯ |
ᠲᠠᠷᠢᠶᠠᠯᠠᠩ ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠪᠦᠬᠦᠨ ᠢ |
ᠭᠠᠴᠠᠭ᠎ᠠ ᠲᠣᠰᠬᠤᠨ ᠵᠡᠷᠭᠡ ᠤᠰᠤ ᠬᠡᠷᠡᠭᠯᠡᠬᠦ ᠭᠤᠤᠯ ᠴᠣᠭᠴᠠ ᠳᠤ ᠬᠦᠷᠲᠡᠯ᠎ᠡ ᠬᠤᠪᠢᠶᠠᠷᠢᠯᠠᠵᠤ ᠂ ᠲᠠᠷᠢᠶᠠᠯᠠᠩ ᠤᠨ |
ᠤᠰᠤ ᠲᠠᠲᠠᠵᠤ ᠬᠡᠷᠡᠭᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ ᠤᠰᠤ ᠬᠤᠪᠢᠶᠠᠬᠤ ᠭᠦᠢᠴᠡᠳᠭᠡᠯ |
ᠲᠤᠭ᠎ᠠ ᠠᠴᠠ ᠬᠡᠲᠦᠷᠡᠭᠦᠯᠦᠨ ᠤᠰᠤ ᠠᠪᠬᠤ ᠪᠠ ᠡᠮᠬᠢ ᠵᠢᠷᠤᠮ ᠥᠬᠡᠶ ᠪᠠᠷ ᠤᠰᠤᠯᠠᠯᠲᠠ ᠶᠢᠨ ᠲᠠᠯᠠᠪᠠᠶ ᠶᠢ ᠴᠢᠩᠭ᠎ᠠ |
ᠬᠢᠵᠠᠭᠠᠷᠯᠠᠪᠠ ᠃ |
ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠭᠠᠵᠠᠷ ᠣᠷᠣᠨ ᠤ ᠨᠥᠯᠥᠭᠡ ᠨᠡᠯᠢᠶᠡᠳ ᠶᠡᠭᠡ ᠪᠣᠯᠬᠤᠷ ᠂ |
ᠥᠪᠥᠷ ᠮᠣᠩᠭᠤᠯ ᠲᠠᠷᠢᠶᠠᠯᠠᠬᠤ ᠣᠷᠣᠨ ᠢ ᠳᠤᠯᠠᠭᠠᠨ ᠰᠡᠷᠢᠭᠦᠨ ᠬᠠᠭᠠᠰ ᠴᠢᠭᠢᠭᠯᠢᠭ ᠬᠠᠭᠠᠰ ᠭᠠᠩ ᠬᠠᠭᠤᠷᠠᠶ |
ᠲᠠᠷᠢᠶᠠᠯᠠᠩ ᠤᠨ ᠣᠷᠣᠨ ᠂ ᠳᠤᠯᠠᠭᠠᠨ ᠬᠠᠭᠠᠰ ᠭᠠᠩ ᠬᠠᠭᠤᠷᠠᠶ ᠲᠠᠷᠢᠶᠠᠯᠠᠩ ᠤᠨ ᠣᠷᠣᠨ ᠂ ᠳᠤᠯᠠᠭᠠᠨ ᠭᠠᠩ |
ᠬᠠᠭᠤᠷᠠᠢ ᠲᠠᠷᠢᠶᠠᠯᠠᠩ ᠤᠨ ᠣᠷᠣᠨ ᠂ ᠳᠤᠯᠠᠭᠠᠨ ᠬᠠᠭᠠᠰ ᠭᠠᠩ ᠬᠠᠭᠤᠷᠠᠶ ᠲᠠᠷᠢᠶᠠᠯᠠᠩ ᠤᠨ ᠣᠷᠣᠨ ᠵᠡᠷᠭᠡ 4 |
ᠲᠥᠷᠥᠯ ᠳᠤ ᠬᠤᠪᠢᠶᠠᠬᠤ ᠶᠢᠨ ᠬᠠᠮᠲᠤ ᠤᠰᠤᠨ ᠲᠤᠲᠤᠷᠭ᠎ᠠ ᠂ ᠪᠤᠭᠤᠳᠠᠢ ᠂ ᠡᠷᠳᠡᠨᠢ ᠰᠢᠰᠢ ᠵᠡᠷᠭᠡ 41 ᠵᠦᠢᠯ ᠤᠨ |
ᠭᠤᠤᠯ ᠪᠣᠯᠬᠤ ᠲᠠᠷᠢᠮᠠᠯ ᠳᠠᠷᠢᠵᠤ ᠂ 751 ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ ᠢ ᠲᠣᠭᠲᠠᠭᠠᠪᠠ ᠃ |
ᠤᠯᠠᠭᠠᠨᠴᠠᠪ ᠬᠤᠲᠠ ᠶᠢᠨ ᠱᠠᠩᠳᠤ ᠰᠢᠶᠠᠨ 2017 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ |
ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠢᠶᠠᠨ ᠢᠶᠠᠷ ᠵᠢᠭᠰᠠᠭᠠᠭᠳᠠᠪᠠ ᠃ |
ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ ᠂ ᠱᠠᠩᠳᠤ ᠰᠢᠶᠠᠨ ᠪᠣᠳᠠᠲᠠᠶ ᠳᠤ ᠨᠡᠶᠢᠴᠡᠭᠰᠡᠨ |
ᠲᠠᠷᠢᠶᠠᠯᠠᠩ ᠤᠨ ᠤᠰᠤ ᠬᠡᠷᠡᠭᠯᠡᠬᠦ ᠥᠭᠡᠷᠡᠴᠢᠯᠡᠯᠲᠡ ᠶᠢᠨ ᠵᠠᠭᠪᠤᠷ ᠢ ᠲᠣᠭᠲᠠᠭᠠᠵᠤ ᠂ ᠲᠠᠷᠢᠶᠠᠯᠠᠩ ᠤᠨ |
ᠤᠰᠤᠯᠠᠯᠲᠠ ᠶᠢᠨ ᠤᠰᠤ ᠬᠡᠷᠡᠭᠯᠡᠬᠦ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ ᠤᠰᠤ ᠬᠡᠷᠡᠭᠯᠡᠬᠦ ᠭᠤᠤᠯ ᠴᠣᠭᠴᠠ ᠳᠤ |
ᠬᠦᠷᠲᠡᠯ᠎ᠡ ᠵᠠᠳᠠᠯᠵᠤ ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ ᠮᠥ ᠪᠦᠷᠢ ᠳᠤ 58 ᠪᠣᠰᠤᠭ᠎ᠠ ᠳᠥᠷᠪᠡᠯᠵᠢᠨ |
ᠮᠧᠲᠷ ᠠᠴᠠ ᠬᠡᠲᠦᠷᠡᠭᠦᠯᠵᠦ ᠪᠣᠯᠬᠤ ᠥᠬᠡᠶ ᠂ ᠤᠰᠤ ᠬᠡᠷᠡᠭᠯᠡᠬᠦ ᠬᠢᠵᠠᠭᠠᠷ ᠲᠤᠭ᠎ᠠ ᠶᠢ ᠮᠥ ᠪᠦᠷᠢ ᠳᠤ 88 ᠪᠣᠰᠤᠭ᠎ᠠ |
ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠥᠬᠡᠶ ᠭᠡᠵᠦ ᠲᠣᠭᠲᠠᠭᠠᠪᠠ ᠃ |
ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠨᠢ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ |
ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢᠨ ᠲᠦᠷᠢᠮ ᠢ |
ᠲᠣᠭᠲᠠᠭᠠᠵᠤ ᠂ ᠬᠠᠲᠤᠨ ᠭᠤᠤᠯ ᠤᠨ ᠤᠰᠤᠯᠠᠯᠲᠠ ᠶᠢᠨ ᠣᠷᠣᠨ ᠨᠢ ᠤᠰᠤᠨ ᠤ ᠬᠡᠮᠵᠢᠶ᠎ᠡ ᠶᠢ ᠲᠣᠰᠬᠤᠨ ᠳᠤ |
ᠬᠦᠷᠲᠡᠯ᠎ᠡ ᠵᠠᠳᠠᠯᠵᠤ ᠂ ᠬᠤᠳᠳᠤᠭ ᠤᠨ ᠤᠰᠤᠯᠠᠯᠲᠠ ᠶᠢᠨ ᠣᠷᠣᠨ ᠢ ᠬᠤᠳᠳᠤᠭ ᠲᠤ ᠬᠦᠷᠲᠡᠯ᠎ᠡ ᠵᠠᠳᠠᠯᠵᠤ ᠂ ᠴᠥᠮ |
ᠲᠣᠰᠬᠤᠨ ᠢᠶᠠᠷ ᠨᠢᠭᠡᠴᠢ ᠪᠣᠯᠭᠠᠨ ᠤᠰᠤ ᠠᠪᠬᠤ ᠡᠷᠬᠡ ᠶᠢᠨ ᠦᠨᠡᠮᠯᠡᠯ ᠣᠯᠭᠤᠪᠠ ᠃ |
ᠬᠥᠯᠥᠨ ᠪᠤᠶᠢᠷ ᠬᠤᠲᠠ ᠤᠰᠤᠨ ᠤ ᠬᠡᠮᠵᠢᠶ᠎ᠡ ᠶᠢ ᠬᠡᠮᠵᠢᠬᠦ ᠪᠡᠯᠡᠳᠬᠡᠮᠵᠢ ᠤᠭᠰᠠᠷᠠᠵᠤ ᠂ ᠤᠰᠤᠯᠠᠯᠲᠠ ᠳᠤ |
ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠂ ᠤᠰᠤᠯᠠᠯᠲᠠ ᠶᠢᠨ ᠲᠠᠯᠠᠪᠠᠶ ᠂ ᠲᠠᠷᠢᠮᠠᠯ ᠤᠨ ᠪᠦᠲᠦᠴᠡ ᠵᠡᠷᠭᠡ ᠲᠠᠢ |
ᠤᠶᠠᠯᠳᠤᠭᠤᠯᠤᠨ ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠨ᠎ᠠ ᠃ |
ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠪᠣᠯᠬᠤ ᠪᠥᠭᠡᠳ ᠪᠠᠰᠠ ᠴᠤ ᠤᠰᠤ ᠠᠷᠪᠢᠯᠠᠬᠤ ᠳᠠᠯᠳᠠ |
ᠬᠦᠴᠦᠨ ᠪᠣᠯᠬᠤ ᠶᠤᠮ ᠃ ᠥᠪᠥᠷ ᠮᠣᠩᠭᠤᠯ ᠨᠢᠭᠡᠨᠲᠡ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠂ ᠨᠣᠷᠮ᠎ᠠ ᠲᠣᠭᠲᠠᠭᠠᠨ |
ᠬᠠᠮᠢᠶᠠᠷᠬᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠪᠠ ᠃ |
ᠤᠰᠤ ᠬᠡᠷᠡᠭᠯᠡᠬᠦ ᠬᠤᠪᠢᠷᠠᠯᠲᠠ — ᠨᠠᠷᠢᠯᠢᠭ ᠣᠨᠣᠴᠠᠲᠠᠶ ᠪᠠᠷ ᠬᠡᠮᠵᠢᠵᠦ ᠪᠤᠰᠤᠭ᠎ᠠ ᠲᠦᠷᠪᠡᠯᠵᠢᠨ ᠢᠶᠠᠷ |
ᠰᠦᠢᠳᠬᠡᠯ ᠬᠤᠷᠢᠶᠠᠨ᠎ᠠ |
ᠨᠠᠮᠤᠷ ᠤᠨ ᠡᠬᠢᠨ ᠳᠤ ᠂ ᠣᠷᠳᠣᠰ ᠬᠤᠲᠠ ᠶᠢᠨ ᠣᠲᠤᠭ ᠬᠤᠰᠢᠭᠤᠨ ᠤ ᠠᠷᠪᠠᠰ ᠰᠤᠮᠤ ᠶᠢᠨ ᠲᠠᠷᠢᠶᠠᠨ |
ᠭᠠᠵᠠᠷ ᠲᠤ ᠂ ᠨᠢᠭᠡᠨ ᠢᠵᠢ ᠮᠠᠰᠢᠨ ᠴᠠᠬᠢᠯᠭᠠᠨ ᠬᠤᠳᠳᠤᠭ ᠤᠨ ᠣᠶᠤᠨᠴᠢᠯᠠᠭᠰᠠᠨ ᠤᠰᠤ ᠠᠪᠴᠤ ᠬᠡᠮᠵᠢᠬᠦ |
ᠲᠥᠬᠦᠭᠡᠷᠦᠮᠵᠢ ᠨᠢ ᠮᠠᠰᠢ ᠢᠯᠡᠷᠬᠡᠢ ᠪᠠᠶᠢᠨ᠎ᠠ ᠃ |
︽ᠡᠨᠡ ᠵᠢᠯ ᠪᠢᠳᠡ ᠬᠡᠲᠦ ᠮᠠᠯᠲᠠᠭᠰᠠᠨ ᠣᠷᠣᠨ ᠤ ᠤᠤᠯ ᠤᠨ ᠪᠠᠶᠢᠭᠰᠠᠨ ᠮᠠᠰᠢᠨ ᠬᠤᠳᠳᠤᠭ ᠤᠨ ᠰᠠᠭᠤᠷᠢᠨ |
ᠳᠡᠭᠡᠷ᠎ᠡ ᠲᠠᠰ ᠳᠡᠪᠰᠢᠭᠦᠯᠦᠨ ᠥᠭᠡᠷᠡᠴᠢᠯᠡᠵᠦ ᠂ ︿ᠬᠤᠳᠳᠤᠭ ᠴᠠᠬᠢᠯᠭᠠᠨ ᠤ ᠬᠤᠤᠰ ᠡᠵᠡᠮᠳᠡᠯ﹀ ᠤᠨ ᠬᠡᠮᠵᠢᠯᠲᠡ ᠶᠢᠨ |
ᠲᠥᠬᠦᠭᠡᠷᠦᠮᠵᠢ ᠶᠢ ᠤᠭᠰᠠᠷᠠᠵᠤ ᠂ ᠡᠨᠡ ᠬᠦ ᠲᠥᠬᠦᠭᠡᠷᠦᠮᠵᠢ ᠨᠢ ᠭᠠᠵᠠᠷ ᠳᠣᠤᠷᠠᠬᠢ ᠤᠰᠤᠨ ᠳᠤ ᠨᠠᠷᠢᠯᠢᠭ ᠣᠨᠣᠴᠠᠲᠠᠶ |
ᠬᠡᠮᠵᠢᠯᠲᠡ ᠬᠢᠬᠦ ᠂ ᠠᠯᠤᠰ ᠠᠴᠠ ᠳᠠᠮᠵᠢᠭᠤᠯᠬᠤ ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠡᠷᠭᠡ ᠦᠢᠯᠡᠳᠦᠯ |
ᠦᠵᠡᠭᠦᠯᠵᠦ ᠂ ᠤᠰᠤᠨ ᠤ ᠡᠬᠢ ᠪᠠᠶᠠᠯᠢᠭ ᠢ ᠨᠠᠷᠢᠯᠢᠭ ᠣᠨᠣᠴᠠᠲᠠᠶ ᠂ ᠲᠣᠭᠠᠴᠢᠯᠠᠭᠰᠠᠨ ᠂ ᠤᠶᠤᠨᠴᠢᠯᠠᠭᠰᠠᠨ ᠥᠨᠳᠥᠷ |
ᠪᠦᠲᠦᠮᠵᠢᠲᠡᠶ ᠬᠠᠮᠢᠶᠠᠷᠤᠯᠲᠠ ᠶᠢ ᠪᠡᠶᠡᠯᠡᠭᠦᠯᠵᠦ ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ |
ᠪᠦᠲᠦᠮᠵᠢᠲᠡᠶ ᠵᠠᠶᠢᠯᠠᠰᠬᠢᠵᠦ ᠂ ᠰᠠᠶᠢᠬᠤᠰᠦ ᠶᠢᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠬᠡᠷᠡᠭᠯᠡᠬᠦ ᠶᠢ |
ᠶᠡᠷᠦᠩᠬᠡᠶᠢᠯᠡᠨ ᠵᠠᠰᠠᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ︾ ᠃ ᠣᠲᠤᠭ ᠬᠤᠰᠢᠭᠤᠨ ᠤ |
ᠰᠠᠶᠢᠬᠤᠰᠦ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠮᠠᠯᠲᠠᠭᠰᠠᠨ ᠣᠷᠣᠨ ᠤ ︽ᠬᠤᠳᠳᠤᠭ ᠴᠠᠬᠢᠯᠭᠠᠨ ᠤ ᠬᠤᠤᠰ |
ᠡᠵᠡᠮᠳᠡᠯ︾ ᠲᠦᠰᠦᠯ ᠤᠨ ᠢᠨᠵᠧᠨᠧᠷᠢᠩ ᠤᠨ ᠮᠡᠷᠭᠡᠵᠢᠯ ᠤᠨ ᠠᠵᠢᠯᠲᠠᠨ ᠵᠧᠦ ᠵᠢᠶᠠᠨ ᠳ᠋ᠦᠩ ᠬᠡᠯᠡᠵᠡᠢ ᠃ |
ᠠᠷᠪᠠᠰ ᠰᠤᠮᠤ ᠵᠢᠯ ᠲᠤᠷᠰᠢ ᠭᠠᠩ ᠬᠠᠭᠰᠠᠷᠠᠭᠠᠨ ᠤᠰᠤ ᠳᠤᠲᠠᠭᠳᠠᠵᠤ ᠂ ᠲᠠᠷᠢᠶᠠᠯᠠᠩ ᠤᠰᠤ ᠬᠡᠷᠡᠭᠯᠡᠬᠦ ᠳᠤ |
ᠤᠷᠲᠤ ᠬᠤᠭᠤᠴᠠᠭ᠎ᠠ ᠪᠠᠷ ᠳᠤᠲᠠᠭᠤᠳᠠᠯ ᠣᠷᠣᠰᠢᠵᠤ ᠂ ᠭᠠᠵᠠᠷ ᠳᠣᠤᠷᠠᠬᠢ ᠤᠰᠤ ᠶᠢ ᠨᠠᠷᠢᠯᠢᠭ ᠣᠨᠣᠴᠠᠲᠠᠢ ᠪᠠᠷ |
ᠬᠡᠮᠵᠢᠬᠦ ᠪᠠ ᠬᠠᠮᠢᠶᠠᠷᠤᠨ ᠡᠵᠡᠮᠳᠡᠵᠦ ᠂ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠢ ᠬᠠᠩᠭᠠᠵᠤ ᠴᠢᠳᠠᠬᠤ |
ᠦᠭᠡᠢ ᠪᠠᠶᠢᠨ᠎ᠠ ᠃ ᠤᠰᠤ ᠬᠡᠷᠡᠭᠯᠡᠬᠦ ᠵᠣᠬᠢᠶᠠᠨ ᠪᠠᠶᠢᠭᠤᠯᠤᠯᠲᠠ ᠪᠠᠶᠢᠭᠤᠯᠤᠭᠠᠳᠤᠶ ᠲᠤᠯᠠ ᠤᠰᠤᠯᠠᠯᠲᠠ ᠶᠢᠨ |
ᠤᠰᠤᠨ ᠳᠤ ᠬᠠᠮᠢᠶᠠᠷᠤᠯᠲᠠ ᠬᠢᠭᠰᠡᠨ ᠠᠴᠠ ᠨᠠᠭᠠᠰᠢ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠥᠪᠡᠷᠲᠡᠭᠡᠨ |
ᠤᠰᠤ ᠬᠡᠷᠡᠭᠯᠡᠬᠦ ᠬᠠᠮᠢᠶᠠᠷᠤᠯᠲᠠ ᠬᠢᠵᠦ ᠂ ᠤᠰᠤ ᠠᠷᠪᠢᠯᠠᠬᠤ ᠤᠬᠠᠮᠰᠠᠷ ᠪᠠᠭᠤᠷᠠᠶ ᠂ ᠤᠰᠤᠨ ᠤ ᠡᠬᠢ ᠪᠠᠶᠠᠯᠢᠭ ᠢ |
ᠪᠦᠷᠢᠯᠭᠡᠨ ᠰᠦᠢᠳᠬᠡᠬᠦ ᠶᠠᠪᠤᠳᠠᠯ ᠬᠠᠶᠠ ᠭᠠᠷᠴᠤ ᠪᠠᠶᠢᠪᠠ ᠃ |
2024 ᠣᠨ ᠳᠤ ᠂ ᠣᠲᠤᠭ ᠬᠤᠰᠢᠭᠤ 610 ᠲᠦᠮᠡᠨ ᠲᠥᠭᠦᠷᠢᠭ ᠤᠨ ᠪᠠᠯᠠ ᠣᠷᠣᠭᠤᠯᠵᠤ ᠭᠠᠵᠠᠷ |
ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ︽ᠬᠤᠳᠳᠤᠭ ᠴᠠᠬᠢᠯᠭᠠᠨ ᠤ ᠬᠤᠤᠰ ᠡᠵᠡᠮᠳᠡᠯ︾ |
ᠲᠦᠰᠦᠯ ᠢ ᠪᠥᠲᠥᠭᠡᠨ ᠪᠠᠶᠢᠭᠤᠯᠵᠤ ᠂ 621 ᠢᠵᠢ ᠮᠠᠰᠢᠨ ᠴᠠᠬᠢᠯᠭᠠᠨ ᠬᠤᠳᠳᠤᠭ ᠤᠨ ᠤᠶᠤᠨᠴᠢᠯᠠᠭᠰᠠᠨ ᠤᠰᠤ |
ᠠᠪᠬᠤ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠪᠠ ᠃ |
ᠬᠡᠷᠡᠭᠯᠡᠬᠦ ᠦᠶ᠎ᠡ ᠳᠤ ᠠᠵᠢᠯᠲᠠᠳ ᠨᠢᠭᠡ ᠨᠢᠮᠭᠡᠨ ᠬᠥᠬᠡ ᠥᠩᠭᠡ ᠶᠢᠨ ᠤᠶᠤᠨᠴᠢ IC ᠺᠠᠷᠲ ᠢᠶᠠᠷ ᠮᠠᠰᠢᠨ |
ᠴᠠᠬᠢᠯᠭᠠᠨ ᠬᠤᠳᠳᠤᠭ ᠤᠨ ᠬᠡᠮᠵᠢᠯᠲᠡ ᠶᠢᠨ ᠡᠵᠡᠮᠰᠢᠯ ᠤᠨ ᠦᠵᠦᠭᠦᠷ ᠳᠡᠭᠡᠷ᠎ᠡ ᠳᠠᠯᠪᠢᠵᠦ ᠂ ᠮᠠᠰᠢᠨ ᠴᠠᠬᠢᠯᠭᠠᠨ |
ᠬᠤᠳᠳᠤᠭ ᠠᠶᠠᠨᠳᠠᠭᠠᠨ ᠨᠡᠭᠡᠭᠡᠭᠳᠡᠨ᠎ᠡ ᠂ ᠤᠰᠤᠨ ᠤ ᠬᠡᠮᠵᠢᠭᠦᠷ ᠨᠢ ᠴᠦ ᠵᠡᠷᠭᠡ ᠪᠠᠷ ᠪᠣᠳᠣᠵᠤ ᠂ ᠨᠢᠭᠡ ᠤᠳᠠᠭ᠎ᠠ |
ᠤᠰᠤᠯᠠᠬᠤ ᠤᠰᠤᠨ ᠤ ᠬᠡᠮᠵᠢᠶ᠎ᠡ ᠨᠢ ᠰᠢᠭᠤᠳ ᠂ ᠣᠨᠣᠪᠴᠢᠲᠠᠶ ᠪᠠᠷ ᠳᠡᠯᠭᠡᠴᠡ ᠳᠡᠭᠡᠷ᠎ᠡ ᠢᠯᠡᠷᠡᠨ᠎ᠡ ᠃ |
︽ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠲᠥᠬᠦᠭᠡᠷᠦᠮᠵᠢ ᠨᠢ ᠤᠰᠤᠨ ᠤ ᠬᠡᠮᠵᠢᠭᠦᠷ ᠪᠠ |
ᠡᠵᠡᠮᠳᠡᠬᠦ ᠲᠥᠬᠦᠭᠡᠷᠦᠮᠵᠢ ᠵᠡᠷᠭᠡ ᠬᠤᠶᠠᠷ ᠬᠡᠰᠡᠭ ᠢᠶᠠᠷ ᠪᠦᠷᠢᠯᠳᠦᠵᠦ ᠂ ᠲᠦᠭᠡᠮᠡᠯᠵᠢᠭᠦᠯᠦᠨ ᠬᠡᠷᠡᠭᠯᠡᠭᠰᠡᠨ ᠤ ᠳᠠᠷᠠᠭ᠎ᠠ ᠂ |
ᠲᠠᠷᠢᠶᠠᠴᠢᠨ ᠡᠷᠦᠬᠡ ᠥᠪᠡᠷ ᠤᠨ ᠤᠰᠤ ᠬᠡᠷᠡᠭᠯᠡᠬᠦ ᠬᠡᠷᠡᠭᠴᠡᠭᠡ ᠪᠠᠨ ᠦᠨᠳᠦᠰᠦᠯᠡᠨ ᠵᠣᠬᠢᠴᠠᠩᠭᠤᠶ ᠤᠰᠤᠨ ᠤ |
ᠰᠦᠢᠳᠬᠡᠯ ᠤᠨ ᠥᠷᠲᠡᠭ ᠨᠡᠮᠡᠵᠦ ᠂ ᠦᠨ᠎ᠡ ᠨᠡᠮᠡᠭᠰᠡᠨ ᠤ ᠳᠠᠷᠠᠭ᠎ᠠ ᠰᠢᠭᠤᠳ ᠺᠠᠷᠲ ᠢᠶᠠᠷ ᠤᠰᠤ ᠠᠪᠴᠤ ᠪᠣᠯᠤᠨ᠎ᠠ ᠃ |
ᠡᠭᠦᠨ ᠤ ᠬᠠᠮᠲᠤ ᠂ ᠲᠠᠷᠢᠶᠠᠴᠢᠨ ᠡᠷᠦᠬᠡ ᠬᠡᠳᠦᠶ ᠪᠣᠰᠤᠭ᠎ᠠ ᠳᠥᠷᠪᠡᠯᠵᠢᠨ ᠤᠰᠤ ᠬᠡᠷᠡᠭᠯᠡᠭᠰᠡᠨ ᠴᠦ ᠳᠡᠯᠭᠡᠴᠡ ᠳᠤ |
ᠢᠯᠡᠷᠡᠨ᠎ᠡ ᠂ ᠬᠡᠷᠪᠡ ᠤᠰᠤ ᠬᠡᠷᠡᠭᠯᠡᠭᠰᠡᠨ ᠪᠣᠯ ᠰᠢᠰᠲ᠋ᠧᠮ ᠨᠢ ᠰᠡᠷᠡᠮᠵᠢ ᠶᠢᠨ ᠳᠣᠬᠢᠶ᠎ᠠ ᠥᠭᠴᠦ ᠂ ᠰᠡᠷᠡᠮᠵᠢ ᠶᠢᠨ |
ᠳᠣᠬᠢᠶ᠎ᠠ ᠶᠢ ᠣᠶᠤᠨᠴᠢ ᠤᠰᠤᠨ ᠠᠰᠢᠭᠯᠠᠯᠲᠠ ᠶᠢᠨ ᠲᠠᠪᠴᠠᠩ ᠪᠠ ᠲᠠᠷᠢᠶᠠᠴᠢᠨ ᠡᠷᠦᠬᠡ ᠶᠢᠨ ᠭᠠᠷ ᠤᠲᠠᠰᠤᠨ ᠤ |
APP ᠳᠡᠭᠡᠷ᠎ᠡ ᠠᠳᠠᠯᠢ ᠠᠯᠬᠤᠮ ᠢᠶᠠᠷ ᠬᠦᠷᠭᠡᠨ᠎ᠡ︾ ᠭᠡᠵᠦ ᠵᠸᠤ ᠵᠢᠶᠠᠨ ᠳ᠋ᠦᠩ ᠬᠡᠯᠡᠪᠡ ᠃ |
ᠲᠠᠷᠢᠶᠠᠯᠠᠩ ᠤᠨ ᠤᠰᠤ ᠬᠡᠷᠡᠭᠯᠡᠬᠦ ᠬᠡᠮᠵᠢᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ ᠲᠠᠷᠢᠶᠠᠯᠠᠩ ᠤᠨ |
ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠠᠭᠤᠷᠢ ᠪᠣᠯᠤᠨ᠎ᠠ ᠃ ᠥᠪᠥᠷ ᠮᠣᠩᠭᠤᠯ ᠭᠠᠵᠠᠷ |
ᠳᠣᠤᠷᠠᠬᠢ ᠤᠰᠤᠨ ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠬᠤ︾ |
ᠵᠠᠭᠪᠤᠷ ᠢ ᠪᠦᠲᠦᠭᠡᠯᠴᠢ ᠴᠢᠨᠠᠷᠲᠠᠶ ᠪᠠᠷ ᠬᠡᠷᠡᠭᠵᠢᠭᠦᠯᠵᠦ ᠂ ᠲᠠᠷᠢᠶᠠᠯᠠᠩ ᠤᠨ ᠤᠰᠤᠯᠠᠯᠲᠠ ᠶᠢᠨ ᠬᠡᠷᠡᠭᠯᠡᠬᠦ ᠴᠠᠬᠢᠯᠭᠠᠨ ᠤ |
ᠲᠤᠭ᠎ᠠ ᠪᠠᠷᠢᠮᠲᠠ ᠶᠢ ᠠᠰᠢᠭᠯᠠᠨ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠶ᠎ᠡ ᠶᠢ ᠨᠤᠭᠤᠯᠤᠨ ᠪᠤᠳᠤᠵᠤ ᠂ |
ᠲᠠᠷᠢᠶᠠᠯᠠᠩ ᠤᠨ ᠬᠡᠷᠡᠭᠯᠡᠬᠦ ᠤᠰᠤᠨ ᠤ ᠨᠠᠷᠢᠯᠢᠭ ᠣᠨᠣᠴᠠᠲᠠᠶ ᠪᠠᠷ ᠬᠡᠮᠵᠢᠬᠦ ᠠᠰᠠᠭᠤᠳᠠᠯ ᠢ ᠲᠥᠬᠦᠮ ᠪᠥᠭᠡᠳ |
ᠪᠦᠲᠦᠮᠵᠢᠲᠡᠶ ᠪᠠᠷ ᠰᠢᠢᠳᠪᠦᠷᠢᠯᠡᠪᠡ ᠃ ᠣᠳᠣᠬᠠᠨ ᠳᠤ ᠂ ᠥᠪᠥᠷ ᠮᠣᠩᠭᠤᠯ ᠤᠨ ᠥᠭᠡᠷᠡᠴᠢᠯᠡᠯᠲᠡ ᠳᠤ |
ᠬᠤᠯᠪᠣᠭᠳᠠᠭᠰᠠᠨ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠨᠢᠭᠡᠨᠲᠡ ᠤᠰᠤ ᠠᠪᠬᠤ |
ᠠᠮᠠᠰᠠᠷ ᠤᠨ ᠬᠡᠮᠵᠢᠭᠦᠷ ᠢ ᠪᠡᠶᠡᠯᠡᠭᠦᠯᠵᠦ ᠂ 65 ᠲᠦᠮᠡᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ |
ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠬᠤ︾ ᠶᠢ ᠪᠡᠶᠡᠯᠡᠭᠦᠯᠪᠡ ᠃ |
ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠪᠣᠯ ᠲᠠᠷᠢᠶᠠᠯᠠᠩ ᠤᠨ ᠤᠰᠤᠨ ᠤ ᠦᠨ᠎ᠡ ᠶᠢᠨ |
ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ ᠃ ᠥᠪᠥᠷ ᠮᠣᠩᠭᠤᠯ ᠵᠠᠰᠠᠭ ᠤᠨ |
ᠣᠷᠳᠣᠨ ᠠᠴᠠ ᠦᠨ᠎ᠡ ᠲᠣᠭᠲᠠᠭᠠᠬᠤ ᠪᠤᠶᠤ ᠵᠥᠪᠳᠡᠯᠴᠡᠨ ᠦᠨ᠎ᠡ ᠲᠣᠭᠲᠠᠭᠠᠬᠤ ᠠᠷᠭ᠎ᠠ ᠮᠠᠶ᠋ᠢᠭ ᠢᠶᠠᠷ |
ᠲᠠᠷᠢᠶᠠᠯᠠᠩ ᠳᠤ ᠬᠡᠷᠡᠭᠯᠡᠬᠦ ᠤᠰᠤᠨ ᠳᠤ ᠦᠨ᠎ᠡ ᠬᠠᠩᠰᠢ ᠲᠣᠭᠲᠠᠭᠠᠬᠤ ᠶᠢᠨ ᠬᠠᠮᠲᠤ ᠬᠡᠮᠵᠢᠶ᠎ᠡ ᠪᠠᠷ ᠰᠦᠢᠳᠬᠡᠯ |
ᠬᠤᠷᠢᠶᠠᠬᠤ ᠶᠢ ᠬᠡᠷᠡᠭᠵᠢᠭᠦᠯᠪᠡ ᠃ |
︽ᠥᠩᠭᠡᠷᠡᠭᠰᠡᠨ ᠳᠤ ᠤᠰᠤᠯᠠᠬᠤ ᠳᠤ ᠬᠡᠷᠡᠭᠯᠡᠬᠦ ᠤᠰᠤ ᠪᠣᠯ ᠴᠥᠮ ︿ᠮᠦ ᠪᠠᠷ ᠦᠨ᠎ᠡ ᠲᠣᠭᠲᠠᠭᠠᠬᠤ﹀ ᠂ ︿ |
ᠴᠠᠭ ᠢᠶᠠᠷ ᠤᠰᠤ ᠶᠢ ᠨᠤᠭᠤᠯᠬᠤ﹀ ᠪᠠᠶᠢᠵᠤ ᠂ ᠤᠰᠤᠨ ᠤ ᠰᠦᠢᠳᠭᠡᠯ ᠢᠶᠠᠷ ᠪᠠᠷᠠᠬᠤ ᠦᠭᠡᠢ ᠪᠠᠰᠠ ᠰᠦᠢᠳᠬᠡᠯ |
ᠬᠤᠷᠢᠶᠠᠵᠤ ᠪᠠᠶᠢᠪᠠ ᠃ ᠣᠳᠣ ︿ ᠴᠠᠬᠢᠯᠭᠠᠨ ᠢᠶᠠᠷ ᠤᠰᠤ ᠶᠢ ᠨᠤᠭᠤᠯᠬᠤ﹀ ᠂ ᠤᠰᠤ ᠶᠢ ᠠᠷᠪᠢᠯᠠᠭᠰᠠᠨ ᠢᠶᠠᠷ ᠪᠠᠷᠠᠬᠤ |
ᠦᠭᠡᠢ ᠣᠷᠣᠯᠭ᠎ᠠ ᠶᠢ ᠴᠤ ᠨᠡᠮᠡᠭᠳᠡᠭᠦᠯᠵᠦ ᠴᠢᠳᠠᠨ᠎ᠠ ᠃ ᠲᠦᠩᠯᠢᠶᠤᠤ ᠬᠤᠲᠠ ᠶᠢᠨ ᠬᠤᠷᠴᠢᠨ ᠵᠡᠭᠦᠨ ᠭᠠᠷᠤᠨ |
ᠳᠤᠮᠳᠠᠳᠤ ᠬᠤᠰᠢᠭᠤᠨ ᠤ ᠤᠪᠣᠭ᠎ᠠ ᠰᠤᠮᠤ ᠶᠢᠨ ᠲᠠᠪᠤᠨ ᠭᠡᠷ ᠭᠠᠴᠠᠭᠠᠨ ᠤ ᠠᠷᠠᠳ ᠯᠢ ᠰᠢᠶᠠᠨ ᠭᠤᠸᠠᠩ ᠬᠡᠯᠡᠪᠡ ᠃ |
ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ︽ᠴᠠᠬᠢᠯᠭᠠᠨ ᠢᠶᠠᠷ ᠤᠰᠤ ᠶᠢ ᠨᠤᠭᠤᠯᠬᠤ︾ ᠬᠡᠯᠪᠡᠷᠢ ᠪᠠᠷ |
ᠤᠰᠤᠨ ᠤ ᠦᠨ᠎ᠡ ᠶᠢ ᠨᠤᠭᠤᠯᠤᠨ ᠪᠤᠳᠤᠵᠤ ᠂ ᠤᠰᠤᠯᠠᠯᠲᠠ ᠶᠢᠨ ᠲᠣᠭᠲᠠᠭᠰᠠᠨ ᠲᠤᠭ᠎ᠠ ᠠᠴᠠ ᠬᠡᠲᠦᠷᠡᠭᠰᠡᠨ ᠪᠠᠶᠢᠪᠠᠯ ᠂ |
ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ ᠃ ᠲᠠᠷᠢᠶᠠᠯᠠᠩ ᠤᠨ ᠤᠰᠤᠨ ᠤ ᠦᠨ᠎ᠡ ᠶᠢᠨ |
ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ ᠂ ᠬᠤᠷᠴᠢᠨ ᠵᠡᠭᠦᠨ ᠭᠠᠷᠤᠨ ᠳᠤᠮᠳᠠᠳᠤ |
ᠬᠤᠰᠢᠭᠤᠨ ᠤ ᠵᠢᠯ ᠳᠤ ᠪᠠᠷᠤᠭ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ ᠂ ᠮᠦ ᠪᠦᠷᠢ ᠳᠤ |
ᠳᠤᠮᠳᠠᠴᠢ ᠪᠠᠷ 100 ᠺᠢᠯᠣᠭ᠍ᠷᠠᠮ ᠤᠰᠤ ᠠᠷᠪᠢᠯᠠᠵᠤ ᠂ ᠪᠠᠷᠤᠭ 200 ᠲᠥᠭᠦᠷᠢᠭ ᠤᠨ ᠣᠷᠣᠯᠭ᠎ᠠ ᠨᠡᠮᠡᠭᠳᠡᠵᠦ ᠂ ᠮᠦ |
ᠪᠦᠷᠢ ᠳᠤ ᠳᠤᠮᠳᠠᠴᠢ ᠪᠠᠷ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ 25% ᠂ ᠲᠠᠷᠢᠶᠠᠨ ᠡᠮ ᠬᠡᠷᠡᠭᠯᠡᠬᠦ |
ᠬᠡᠮᠵᠢᠶ᠎ᠡ ᠶᠢ 40% ᠪᠠᠭᠠᠰᠬᠠᠵᠤ ᠂ ᠲᠠᠷᠢᠶᠠᠴᠢᠳ ᠤᠨ ᠲᠠᠷᠢᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠪᠠ ᠃ |
ᠦᠨ᠎ᠡ ᠬᠠᠩᠰᠢ ᠶᠢᠨ ᠬᠥᠰᠢᠭᠦᠷᠭᠡ ᠶᠢᠨ ᠤᠷᠮᠠᠰᠢᠭᠤᠯᠤᠯ ᠪᠠ ᠤᠰᠤ ᠬᠡᠷᠡᠭᠯᠡᠬᠦ ᠡᠷᠦᠬᠡ ᠶᠢᠨ ᠤᠰᠤ ᠠᠷᠪᠢᠯᠠᠬᠤ |
ᠦᠢᠯᠡ ᠠᠵᠢᠯᠯᠠᠭ᠎ᠠ ᠪᠠ ᠠᠵᠤ ᠠᠬᠤᠶ ᠶᠢᠨ ᠠᠰᠢᠭ ᠲᠤᠰᠠ ᠨᠢ ᠨᠢᠭᠲᠠ ᠬᠤᠯᠪᠣᠯᠳᠤᠵᠤ ᠂ ᠲᠠᠷᠢᠶᠠᠴᠢᠨ ᠡᠷᠦᠬᠡ ᠶᠢᠨ |
ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠪᠠ ᠃ ᠣᠳᠣᠬᠠᠨ ᠪᠣᠯᠲᠠᠯ᠎ᠠ ᠂ ᠪᠦᠬᠦ ᠣᠷᠣᠨ ᠤ |
ᠥᠭᠡᠷᠡᠴᠢᠯᠡᠯᠲᠡ ᠳᠤ ᠬᠤᠯᠪᠣᠭᠳᠠᠬᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠨᠢᠭᠡᠨᠲᠡ ᠰᠢᠨ᠎ᠡ ᠨᠢᠭᠡ |
ᠡᠭᠡᠯᠵᠢ ᠶᠢᠨ ᠥᠪᠡᠷ ᠤᠨ ᠥᠷᠲᠡᠭ ᠤᠨ ᠬᠢᠨᠠᠯᠲᠠ ᠪᠠᠶᠢᠴᠠᠭᠠᠯᠲᠠ ᠶᠢ ᠪᠡᠶᠡᠯᠡᠭᠦᠯᠵᠦ ᠂ ᠵᠠᠷᠢᠮ ᠤᠰᠤᠯᠠᠯᠲᠠ ᠶᠢᠨ |
ᠣᠷᠣᠨ ᠦᠨ᠎ᠡ ᠬᠠᠩᠰᠢ ᠶᠢ ᠲᠣᠬᠢᠷᠠᠭᠤᠯᠬᠤ ᠠᠵᠢᠯ ᠢ ᠪᠡᠶᠡᠯᠡᠭᠦᠯᠪᠡ ᠃ |
ᠨᠠᠷᠢᠯᠢᠭ ᠣᠨᠣᠴᠠᠲᠠᠶ ᠪᠠᠷ ᠬᠡᠮᠵᠢᠵᠦ ᠂ ᠪᠤᠰᠤᠭ᠎ᠠ ᠲᠦᠷᠪᠡᠯᠵᠢᠨ ᠢᠶᠠᠷ ᠰᠦᠢᠳᠬᠡᠯ ᠬᠤᠷᠢᠶᠠᠵᠤ ᠂ ᠥᠪᠥᠷ |
ᠮᠣᠩᠭᠤᠯ ᠤᠨ ᠲᠠᠷᠢᠶᠠᠯᠠᠩ ᠤᠨ ᠤᠰᠤ ᠠᠷᠪᠢᠯᠠᠬᠤ ᠳᠤ ᠴᠢᠨᠠᠷ ᠤᠨ ᠬᠤᠪᠢᠷᠠᠯᠲᠠ ᠲᠠᠢ ᠪᠣᠯᠪᠠ ᠃ |
ᠦᠷ᠎ᠡ ᠠᠰᠢᠭ ᠤᠨ ᠬᠤᠪᠢᠷᠠᠯᠲᠠ — ᠤᠰᠤ ᠠᠷᠪᠢᠯᠠᠬᠤ ᠱᠠᠩᠨᠠᠯ ᠨᠥᠬᠦᠪᠥᠷᠢ ᠲᠠᠷᠢᠶᠠᠴᠢᠳ ᠲᠤ ᠲᠤᠰᠠ |
ᠬᠦᠷᠲᠡᠭᠡᠬᠦ |
ᠨᠠᠮᠤᠷ ᠤᠨ ᠡᠳᠦᠷ ᠤᠨ ᠨᠡᠷᠡᠨ ᠤ ᠭᠡᠷᠡᠯ ᠳᠤ ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ |
ᠬᠠᠷᠠᠲᠣᠬᠤᠢ ᠪᠠᠯᠭᠠᠰᠤᠨ ᠤ ᠾᠧᠩ ᠫᠠᠢ ᠽᠢ ᠲᠣᠰᠬᠤᠨ ᠳᠤ ᠶᠠᠪᠤᠵᠤ ᠂ ᠡᠷᠳᠡᠨᠢ ᠰᠢᠰᠢ ᠶᠢᠨ ᠲᠠᠷᠢᠶ᠎ᠠ ᠨᠢᠭᠡᠨᠲᠡ |
ᠢᠳᠡᠭᠡ ᠣᠷᠣᠬᠤ ᠬᠤᠭᠤᠴᠠᠭᠠᠨ ᠳᠤ ᠣᠷᠣᠵᠤ ᠂ ᠶᠠᠭ ︽ᠤᠰᠤ ᠨᠥᠬᠦᠪᠥᠷᠢᠯᠡᠬᠦ︾ ᠴᠠᠭ ᠦᠶ᠎ᠡ ᠪᠣᠯᠪᠠ ᠃ |
ᠾᠧᠩ ᠫᠠᠢ ᠽᠢ ᠲᠣᠰᠬᠤᠨ ᠤ ᠠᠷᠠᠳ ᠮᠠ ᠬᠤᠩ ᠰᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ ᠂ 2015 |
ᠣᠨ ᠠᠴᠠ ᠡᠮᠦᠨ᠎ᠡ ᠂ ᠲᠠᠷᠢᠶ᠎ᠠ ᠤᠰᠤᠯᠠᠬᠤ ᠪᠣᠯ ᠴᠠᠭ ᠲᠤᠬᠠᠶ ᠳᠤᠨᠢ ᠰᠦᠢᠳᠭᠡᠯ ᠬᠤᠷᠢᠶᠠᠬᠤ ᠶᠠᠪᠤᠳᠠᠯ ᠮᠥᠨ ᠭᠡᠵᠡᠶ ᠃ |
2015 ᠣᠨ ᠠᠴᠠ 2017 ᠣᠨ ᠪᠣᠯᠲᠠᠯ᠎ᠠ ᠂ ᠪᠦᠷᠬᠦᠪᠴᠢ ᠶᠢᠨ ᠳᠣᠤᠷ᠎ᠠ ᠳᠤᠰᠤᠯᠭᠠᠨ ᠤᠰᠤᠯᠠᠭᠰᠠᠨ ᠤ ᠳᠠᠷᠠᠭ᠎ᠠ |
ᠪᠤᠰᠤᠭ᠎ᠠ ᠳᠥᠷᠪᠡᠯᠵᠢᠨ ᠢᠶᠠᠷ ᠰᠦᠢᠳᠭᠡᠯ ᠬᠤᠷᠢᠶᠠᠵᠤ ᠂ ᠤᠰᠤᠨ ᠤ ᠦᠨ᠎ᠡ ᠨᠢ 1.3 ᠲᠥᠭᠦᠷᠢᠭ ᠪᠣᠰᠤᠭ᠎ᠠ |
ᠳᠥᠷᠪᠡᠯᠵᠢᠨ ᠮᠧᠲᠷ ᠪᠣᠯᠤᠨ᠎ᠠ ᠃ ᠭᠡᠪᠡᠴᠦ 2017 ᠣᠨ ᠠᠴᠠ ᠡᠮᠦᠨ᠎ᠡ ᠂ ᠶᠠᠭᠠᠬᠢᠵᠦ ᠤᠰᠤᠯᠠᠭᠰᠠᠨ ᠴᠤ ᠪᠦᠷ |
ᠨᠢᠭᠡᠳᠦᠯᠲᠡᠢ ᠤᠰᠤᠨ ᠤ ᠦᠨ᠎ᠡ ᠪᠣᠯᠣᠨ᠎ᠠ ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ |
ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ ᠂ ᠤᠷᠤᠰᠤᠮᠠᠯ ᠤᠰᠤᠯᠠᠯᠲᠠ ᠶᠢᠨ ᠣᠷᠣᠨ ᠤ ᠤᠰᠤᠨ ᠤ |
ᠦᠨ᠎ᠡ ᠨᠢ 0.49 ᠲᠥᠭᠦᠷᠢᠭ ᠪᠠᠶᠢᠵᠤ ᠂ ᠳᠠᠷᠤᠯᠲᠠᠲᠤ ᠤᠰᠤᠯᠠᠯᠲᠠ ᠶᠢᠨ ᠣᠷᠣᠨ 0.8 ᠲᠥᠭᠦᠷᠢᠭ ᠺᠦᠪ ᠮᠧᠲᠷ |
ᠪᠦᠷᠢ ᠪᠣᠯᠤᠨ᠎ᠠ ᠃ ᠮᠦ ᠪᠦᠷᠢ ᠶᠢᠨ ᠤᠰᠤ ᠠᠷᠪᠢᠯᠠᠬᠤ ᠨᠥᠬᠦᠪᠥᠷᠢ ᠨᠢ ᠪᠠᠷᠤᠭ 20 ᠲᠥᠭᠦᠷᠢᠭ ᠪᠣᠯᠤᠨ᠎ᠠ ᠃ ︽ |
ᠤᠰᠤ ᠠᠷᠪᠢᠯᠠᠬᠤ ᠱᠠᠩᠨᠠᠯ ᠨᠥᠬᠦᠪᠦᠷᠢ ᠲᠠᠢ ᠪᠣᠯᠪᠠᠯ ᠲᠠᠷᠢᠶᠠᠴᠢᠳ ᠤᠨ ᠤᠰᠤ ᠠᠷᠪᠢᠯᠠᠬᠤ ᠤᠬᠠᠮᠰᠠᠷ ᠪᠠ |
ᠢᠳᠡᠪᠬᠢᠵᠢᠯ ᠴᠥᠮ ᠳᠡᠭᠡᠭᠰᠢᠯᠡᠪᠡ︾ ᠭᠡᠵᠦ ᠮᠠ ᠬᠤᠩ ᠰᠢᠶᠦ᠋ᠨ ᠬᠡᠯᠡᠪᠡ ᠃ |
ᠬᠡᠨ ᠤᠰᠤ ᠠᠷᠪᠢᠯᠠᠪᠠᠯ ᠬᠡᠨ ᠠᠰᠢᠭ ᠬᠦᠷᠲᠡᠨ᠎ᠡ ᠃ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠯᠠᠩ ᠤᠨ |
ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ ᠂ |
ᠲᠠᠷᠢᠶᠠᠴᠢᠳ ᠤᠨ ᠤᠰᠤ ᠠᠷᠪᠢᠯᠠᠬᠤ ᠦᠵᠡᠯ ᠤᠬᠠᠮᠰᠠᠷ ᠢᠯᠡᠳᠲᠡ ᠴᠢᠩᠭᠠᠷᠠᠵᠤ ᠂ ᠡᠭᠦᠨ ᠤ ᠬᠠᠮᠲᠤ ᠡᠬᠢ |
ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ |
ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠠᠵᠢᠯᠯᠠᠭᠠᠨ ᠢ ᠪᠠᠲᠤᠯᠠᠪᠠ ᠃ |
ᠤᠰᠤ ᠬᠡᠷᠡᠭᠯᠡᠬᠦ ᠡᠷᠦᠬᠡ ᠶᠢᠨ ᠤᠰᠤ ᠠᠷᠪᠢᠯᠠᠬᠤ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ ᠂ ᠪᠢᠳᠡ ︽ |
ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠨᠠᠷᠢᠯᠢᠭ ᠣᠨᠣᠴᠠᠲᠠᠶ ᠪᠠᠷ |
ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ ᠤᠨ ᠠᠷᠭ᠎ᠠ︾ ᠶᠢ ᠨᠡᠶᠢᠲᠡᠯᠡᠵᠦ ᠂ ᠨᠠᠷᠢᠯᠢᠭ ᠣᠨᠣᠴᠠᠲᠠᠶ ᠪᠠᠷ |
ᠨᠥᠬᠦᠪᠥᠷᠢ ᠥᠭᠬᠦ ᠵᠢᠴᠢ ᠤᠰᠤ ᠠᠷᠪᠢᠯᠠᠬᠤ ᠱᠠᠩᠨᠠᠯ ᠤᠨ ᠪᠠᠷᠢᠮᠵᠢᠶ᠎ᠠ ᠶᠢ ᠲᠣᠳᠣᠷᠬᠠᠶ ᠲᠣᠭᠲᠠᠭᠠᠪᠠ ᠃ |
ᠤᠰᠤᠯᠠᠯᠲᠠ ᠶᠢᠨ ᠲᠣᠭᠲᠠᠭᠰᠠᠨ ᠲᠤᠭ᠎ᠠ ᠠᠴᠠ ᠬᠡᠲᠦᠷᠡᠭᠰᠡᠨ ᠦᠭᠡᠢ ᠪᠠᠶᠢᠳᠠᠯ ᠳᠣᠣᠷ᠎ᠠ ᠂ ᠤᠰᠤᠨ ᠲᠠᠷᠢᠶᠠᠨ ᠤ |
ᠪᠣᠰᠤᠭ᠎ᠠ ᠳᠥᠷᠪᠡᠯᠵᠢᠨ ᠮᠧᠲᠷ ᠪᠦᠷᠢ ᠳᠤ 0.0246 ᠲᠥᠭᠦᠷᠢᠭ ᠤᠨ ᠨᠥᠬᠦᠪᠥᠷᠢ ᠥᠭᠴᠦ ᠂ ᠬᠠᠭᠤᠷᠠᠢ |
ᠲᠠᠷᠢᠶᠠᠨ ᠤ ᠪᠣᠰᠤᠭ᠎ᠠ ᠳᠥᠷᠪᠡᠯᠵᠢᠨ ᠮᠧᠲᠷ ᠪᠦᠷᠢ ᠳᠤ 0.29 ᠲᠥᠭᠦᠷᠢᠭ ᠤᠨ ᠨᠥᠬᠦᠪᠥᠷᠢ ᠥᠭᠭᠦᠨ᠎ᠡ ᠃ |
ᠲᠣᠭᠲᠠᠭᠰᠠᠨ ᠨᠣᠷᠮ᠎ᠠ ᠶᠢᠨ ᠳᠣᠲᠣᠷᠠᠬᠢ ᠤᠰᠤ ᠬᠡᠷᠡᠭᠯᠡᠬᠦ ᠬᠡᠮᠵᠢᠶ᠎ᠡ ᠶᠢ 10% ᠪᠠᠷ ᠪᠠᠭᠠᠰᠬᠠᠵᠤ ᠂ ᠮᠥ ᠪᠦᠷᠢ ᠳᠤ 2 |
ᠲᠥᠭᠦᠷᠢᠭ ᠱᠠᠩᠨᠠᠨ᠎ᠠ ᠃ 2023 ᠣᠨ ᠳᠤ ᠂ ᠨᠠᠷᠢᠯᠢᠭ ᠣᠨᠣᠴᠠᠲᠠᠶ ᠪᠠᠷ ᠨᠥᠬᠦᠪᠥᠷᠢ ᠣᠯᠭᠤᠵᠤ ᠂ ᠤᠰᠤ ᠠᠷᠪᠢᠯᠠᠬᠤ |
ᠱᠠᠩᠨᠠᠯ ᠨᠥᠬᠦᠪᠥᠷᠢ ᠶᠢ ᠨᠡᠶᠢᠲᠡ 100 ᠭᠠᠷᠤᠶ ᠲᠦᠮᠡᠨ ᠲᠥᠭᠦᠷᠢᠭ ᠲᠠᠷᠬᠠᠭᠠᠪᠠ ᠃ ᠬᠦᠯᠦᠨ ᠪᠤᠶᠢᠷ ᠬᠤᠲᠠ ᠶᠢᠨ |
ᠠᠷᠤᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ ᠃ |
ᠠᠷᠤᠨ ᠬᠤᠰᠢᠭᠤ 2017 ᠣᠨ ᠳᠤ ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠶᠢᠨ |
ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠰᠢᠭᠤ ᠰᠢᠶᠠᠨ ᠪᠣᠯᠤᠭᠰᠠᠨ ᠠᠴᠠ ᠨᠠᠭᠠᠰᠢ ᠂ |
ᠤᠰᠤᠨ ᠤ ᠦᠨ᠎ᠡ ᠬᠠᠩᠰᠢ ᠪᠦᠷᠢᠯᠳᠦᠬᠦ ᠂ ᠲᠠᠷᠢᠶᠠᠯᠠᠩ ᠳᠤ ᠬᠡᠷᠡᠭᠯᠡᠬᠦ ᠤᠰᠤ ᠂ ᠨᠠᠷᠢᠯᠢᠭ ᠣᠨᠣᠪᠴᠢᠲᠠᠢ ᠨᠥᠬᠦᠪᠥᠷᠢ |
ᠥᠭᠬᠦ ᠵᠢᠴᠢ ᠤᠰᠤ ᠠᠷᠪᠢᠯᠠᠬᠤ ᠱᠠᠩᠨᠠᠯ ᠂ ᠢᠨᠵᠧᠨᠧᠷᠢᠩ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠵᠡᠷᠭᠡ 4 |
ᠲᠠᠯ᠎ᠠ ᠪᠠᠷ ᠬᠠᠶᠢᠨ ᠰᠦᠪᠡᠭᠴᠢᠯᠡᠯᠲᠡ ᠪᠠ ᠦᠢᠯᠡᠳᠦᠯᠭᠡ ᠥᠷᠨᠢᠭᠦᠯᠪᠡ ᠃ ᠰᠢᠨ᠎ᠡ ᠤᠰᠤᠨ ᠤ ᠦᠨ᠎ᠡ ᠬᠠᠩᠰᠢ ᠂ |
ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ ᠢ ᠬᠠᠮᠲᠤ ᠪᠠᠷ ᠬᠡᠷᠡᠭᠵᠢᠭᠦᠯᠬᠦ ᠪᠠᠷ |
ᠳᠠᠮᠵᠢᠭᠤᠯᠤᠨ ᠂ ᠲᠠᠷᠢᠶᠠᠴᠢᠳ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ ᠃ |
2019 ᠣᠨ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠡᠷᠲᠡᠭᠡᠨ |
ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ ᠨᠥᠬᠦᠪᠥᠷᠢ ᠬᠢᠭᠡᠳ ᠤᠰᠤ |
ᠠᠷᠪᠢᠯᠠᠬᠤ ᠱᠠᠩᠨᠠᠯ ᠤᠨ ᠠᠷᠭ᠎ᠠ︾ ᠶᠢ ᠳᠠᠷᠤᠮᠠᠯᠯᠠᠨ ᠲᠠᠷᠬᠠᠭᠠᠵᠤ ᠂ ᠡᠯ᠎ᠡ ᠭᠠᠵᠠᠷ ᠤᠨ ᠬᠢᠨ ᠢ ᠢᠳᠡᠪᠬᠢᠲᠡᠶ ᠪᠠᠷ |
ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠨᠠᠷᠢᠯᠢᠭ ᠣᠨᠣᠴᠠᠲᠠᠶ |
ᠨᠥᠬᠦᠪᠥᠷᠢ ᠬᠢᠭᠡᠳ ᠤᠰᠤ ᠠᠷᠪᠢᠯᠠᠬᠤ ᠱᠠᠩᠨᠠᠯ ᠤᠨ ᠠᠷᠭ᠎ᠠ ᠶᠢ ᠲᠦᠷᠭᠡᠳᠬᠡᠨ ᠪᠠᠶᠢᠭᠤᠯᠵᠤ ᠂ ᠥᠷᠭᠡᠨ ᠣᠯᠠᠨ |
ᠲᠠᠷᠢᠶᠠᠴᠢᠳ ᠤᠨ ᠤᠰᠤ ᠠᠷᠪᠢᠯᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ ᠂ ᠲᠠᠷᠢᠶᠠᠯᠠᠩ ᠤᠨ ᠤᠰᠤᠨ ᠤ |
ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ ᠃ |
2021 ᠣᠨ ᠠᠴᠠ ᠨᠠᠭᠠᠰᠢ ᠂ ᠥᠪᠥᠷ ᠮᠣᠩᠭᠤᠯ ᠨᠡᠶᠢᠲᠡ 2.45 ᠳ᠋ᠦᠩᠰᠢᠭᠤᠷ ᠲᠥᠭᠦᠷᠢᠭ ᠤᠨ |
ᠲᠠᠷᠢᠶᠠᠯᠠᠩ ᠤᠨ ᠤᠰᠤ ᠠᠷᠪᠢᠯᠠᠬᠤ ᠱᠠᠩᠨᠠᠯ ᠨᠥᠬᠦᠪᠥᠷᠢ ᠳᠤ ᠬᠡᠷᠡᠭᠯᠡᠪᠡ ᠃ ᠣᠳᠣᠬᠠᠨ ᠳᠤ ᠂ ᠥᠪᠥᠷ ᠮᠣᠩᠭᠤᠯ ᠤᠨ |
ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠴᠥᠮ ᠵᠣᠬᠢᠴᠠᠩᠭᠤᠶ ᠪᠥᠬᠦᠶ ᠨᠠᠷᠢᠯᠢᠭ ᠣᠨᠣᠴᠠᠲᠠᠶ |
ᠨᠥᠬᠦᠪᠥᠷᠢ ᠪᠠ ᠤᠰᠤ ᠠᠷᠪᠢᠯᠠᠬᠤ ᠱᠠᠩᠨᠠᠯ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠨ ᠨᠡᠶᠢᠲᠡᠯᠡᠪᠡ ᠃ |
ᠡᠭᠦᠨ ᠤ ᠬᠠᠮᠲᠤ ᠂ ᠥᠪᠥᠷ ᠮᠣᠩᠭᠤᠯ ᠨᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ ᠴᠢᠭᠯᠡᠭᠦᠯᠦᠨ |
ᠲᠠᠷᠢᠶᠠᠯᠠᠩ ᠤᠨ ᠤᠰᠤ ᠠᠷᠪᠢᠯᠠᠭᠰᠠᠨ ᠢ ᠱᠠᠩᠨᠠᠬᠤ ᠲᠥᠰᠦᠯ ᠢ ᠲᠤᠰᠬᠠᠶᠢᠯᠠᠨ ᠲᠣᠭᠲᠠᠭᠠᠵᠤ ᠂ ᠪᠣᠷᠣᠲᠣᠬᠤᠶ ᠶᠢᠨ |
ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠶᠢ ᠠᠬᠢᠭᠤᠯᠤᠨ ᠪᠣᠳᠣᠵᠤ ᠱᠠᠩᠨᠠᠪᠠ ᠃ 2023 ᠣᠨ ᠳᠤ ᠂ |
ᠪᠠᠶᠠᠨᠨᠠᠭᠤᠷ ᠬᠤᠲᠠ 1 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠭᠠᠷᠭᠠᠵᠤ ᠱᠠᠩᠨᠠᠵᠤ ᠨᠥᠬᠦᠪᠥᠷᠢᠯᠡᠬᠦ ᠳᠤ |
ᠬᠡᠷᠡᠭᠯᠡᠬᠦ ᠪᠠᠷ ᠲᠥᠯᠥᠪᠯᠡᠵᠦ ᠂ 2025 ᠣᠨ ᠪᠣᠯᠬᠤ ᠳᠤ ᠤᠰᠤ ᠠᠷᠪᠢᠯᠠᠬᠤ ᠴᠢᠳᠠᠪᠤᠷᠢ ᠶᠢ 5 ᠳ᠋ᠦᠩᠰᠢᠭᠤᠷ |
ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠂ ᠪᠣᠷᠣᠲᠣᠬᠤᠶ ᠶᠢᠨ |
ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ |
ᠢᠯᠡᠳᠬᠡᠮᠵᠢ ᠶᠢ 0.506 ᠪᠣᠯᠲᠠᠯ᠎ᠠ ᠳᠡᠭᠡᠭᠰᠢᠯᠡᠭᠦᠯᠪᠡ ᠃ |
ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠤᠨ ᠲᠠᠷᠢᠶᠠᠯᠠᠩ ᠤᠨ ᠤᠰᠤ ᠬᠡᠷᠡᠭᠯᠡᠬᠦ ᠳᠤᠮᠳᠠᠴᠢ ᠶᠡᠷᠦᠩᠬᠡᠶ |
ᠬᠡᠮᠵᠢᠶ᠎ᠡ ᠶᠢ 122 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠣᠷᠴᠢᠮ ᠳᠤ ᠲᠣᠭᠲᠠᠪᠤᠷᠢᠵᠢᠭᠤᠯᠵᠤ ᠂ ᠶᠡᠷᠦᠩᠬᠡᠶ |
ᠤᠰᠤ ᠬᠡᠷᠡᠭᠯᠡᠬᠦ ᠬᠡᠮᠵᠢᠶ᠎ᠡ ᠶᠢᠨ 63.8% ᠶᠢ ᠡᠵᠡᠯᠡᠵᠦ ᠂ ᠪᠥᠬᠦ ᠤᠯᠤᠰ ᠤᠨ ᠲᠠᠷᠢᠶᠠᠯᠠᠩ ᠤᠨ ᠤᠰᠤ ᠬᠡᠷᠡᠭᠯᠡᠬᠦ |
ᠳᠤᠮᠳᠠᠴᠢ ᠬᠠᠷᠢᠴᠠᠯ ᠲᠠᠢ ᠪᠠᠷᠤᠭ ᠠᠳᠠᠯᠢ ᠪᠠᠶᠢᠳᠠᠭ ᠃ ᠥᠪᠥᠷ ᠮᠣᠩᠭᠤᠯ ᠤᠨ ᠲᠠᠷᠢᠶᠠᠯᠠᠩ ᠤᠨ ᠤᠰᠤ ᠠᠷᠪᠢᠯᠠᠬᠤ |
ᠳᠠᠯᠳᠠ ᠬᠦᠴᠦᠨ ᠯᠤᠲᠤ ᠶᠡᠭᠡ ᠪᠠᠶᠢᠵᠤ ᠂ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ |
ᠰᠢᠢᠳᠪᠦᠷᠢᠯᠡᠬᠦ ᠳᠤ ᠪᠠᠰᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ |
ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ ᠃ |
ᠤᠰᠤ ᠬᠡᠷᠡᠭᠯᠡᠬᠦ ᠲᠣᠮᠣ ᠡᠷᠦᠬᠡ ᠤᠰᠤ ᠠᠷᠪᠢᠯᠠᠬᠤ ᠲᠣᠮᠣ ᠡᠷᠦᠬᠡ ᠪᠣᠯᠬᠤ ᠦᠶ᠎ᠡ ᠳᠤ ᠂ ᠤᠮᠠᠷᠠᠲᠤ ᠬᠢᠯᠢ ᠶᠢᠨ |
︽ᠠᠮᠤ ᠪᠤᠳᠠᠭᠠᠨ ᠤ ᠬᠥᠮᠥᠷᠭᠡ︾ ᠶᠢᠨ ᠰᠠᠭᠤᠷᠢ ᠨᠡᠩ ᠪᠠᠲᠤ ᠪᠠᠬᠢ ᠪᠣᠯᠬᠤ ᠪᠣᠯᠤᠨ᠎ᠠ ᠃ |
︵︽ᠦᠪᠦᠷ ᠮᠤᠩᠭᠤᠯ ᠤᠨ ᠡᠳᠦᠷ ᠤᠨ ᠰᠤᠨᠢᠨ︶ ᠠᠴᠠ ᠰᠢᠯᠵᠢᠭᠦᠯᠪᠡ 2024 ᠣᠨ ᠤ 8 ᠳ᠋ᠤᠭᠠᠷ |
ᠰᠠᠷ᠎ᠠ ᠶᠢᠨ 27 ᠤ ᠡᠳᠦᠷ ᠰᠤᠷᠪᠤᠯᠵᠢᠯᠠᠭᠴᠢ ᠵᠠᠩ ᠬᠤᠶ ᠯᠢᠩ︶ |
|