| 9 ᠳ᠋ᠦ᠋ᠭᠡᠷ ᠰᠠᠷ᠎ᠠ ᠶᠢᠨ 3 ᠤ ᠡᠳᠦᠷ ᠤᠨ 19 ᠴᠠᠭ 36 ᠮᠢᠨᠦ᠋ᠲ ᠲᠤ᠂ ᠪᠠᠷᠠᠭᠤᠨ ᠯᠢᠶᠣᠤ ᠾᠧ |
ᠭᠤᠤᠯ ᠤᠨ ᠭᠤᠤᠯ ᠤᠷᠤᠰᠬᠠᠯ 26 ᠵᠢᠯ ᠤᠨ ᠳᠠᠷᠠᠭ᠎ᠠ᠂ ᠤᠰᠤᠨ ᠤ ᠡᠬᠢ ᠰᠤᠷᠪᠤᠯᠵᠢ ᠶᠢ ᠳᠠᠬᠢᠨᠲᠠ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ ᠬᠤᠲᠠ ᠶᠢᠨ ᠬᠤᠲᠠ ᠶᠢᠨ ᠲᠣᠭᠤᠷᠢᠭ ᠲᠤ |
ᠣᠷᠣᠭᠤᠯᠵᠤ᠂ ᠬᠤᠲᠠ ᠶᠢᠨ ᠲᠣᠭᠤᠷᠢᠭ ᠤᠨ ᠬᠡᠰᠡᠭ ᠤᠨ ᠦᠵᠡᠮᠵᠢ ᠶᠢᠨ ᠤᠰᠤᠨ ᠤ ᠰᠢᠰᠲ᠋ᠧᠮ ᠲᠠᠢ ︽ |
ᠬᠦᠷᠢᠶᠡᠯᠡᠵᠦ︾᠂ ᠤᠷᠤᠰᠬᠠᠯ ᠤᠰᠤ ᠲᠦᠩᠯᠢᠶᠣᠤ ᠬᠤᠲᠠ ᠳᠤ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠭᠰᠠᠨ |
ᠪᠠᠶᠢᠨ᠎ᠠ᠃ ᠡᠨᠡ ᠵᠢᠯ ᠠᠴᠠ ᠨᠠᠭᠠᠰᠢ᠂ ᠲᠦᠩᠯᠢᠶᠣᠣ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠤᠰᠤᠨ |
ᠠᠰᠢᠭᠯᠠᠯᠲᠠ ᠶᠢᠨ ᠶᠠᠮᠤᠨ᠂ ᠰᠤᠩᠭᠠᠷᠢ ᠯᠢᠶᠣᠣ ᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠪᠣᠯᠤᠨ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ ᠱᠠᠭᠠᠷᠳᠠᠯᠭ᠎ᠠ ᠶᠣᠰᠣᠭᠠᠷ᠂ |
ᠪᠠᠷᠠᠭᠤᠨ ᠯᠢᠶᠣᠣ ᠾᠧ ᠭᠤᠣᠯ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠠᠵᠢᠯ ᠢ ᠪᠦᠬᠦ |
ᠬᠦᠴᠦᠨ ᠢᠶᠠᠷ ᠢᠶᠠᠨ ᠰᠠᠶᠢᠳᠤᠷ ᠬᠢᠪᠡ᠃ |
ᠡᠨᠡ ᠵᠢᠯ ᠤᠨ ᠡᠬᠢᠨ ᠳᠤ᠂ ᠲᠦᠩᠯᠢᠶᠣᠤ ᠬᠤᠲᠠ ᠶᠢᠨ ᠭᠤᠤᠯ ᠤᠨ ᠳᠠᠷᠤᠭ᠎ᠠ ᠶᠢᠨ ᠠᠯᠪᠠᠨ ᠬᠡᠷ 1 ᠳ᠋ᠦ᠋ᠭᠡᠷ |
ᠲᠣᠭᠠᠲᠤ ᠭᠤᠤᠯ ᠤᠨ ᠳᠠᠷᠤᠭ᠎ᠠ ᠶᠢᠨ ᠵᠠᠷᠯᠢᠭ ᠨᠡᠶᠢᠲᠡᠯᠡᠵᠦ᠂ ︽ᠲᠦᠩᠯᠢᠶᠣᠤ ᠬᠤᠲᠠ ᠶᠢᠨ ᠪᠠᠷᠠᠭᠤᠨ ᠯᠢᠶᠣᠤ ᠾᠧ |
ᠭᠤᠤᠯ ᠤᠨ ᠭᠤᠤᠯ ᠤᠷᠤᠰᠬᠠᠯ ᠤᠨ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ |
ᠭᠤᠤᠯ ᠮᠥᠷᠡᠨ ᠤ ᠬᠤᠩᠭᠢᠯ ᠤᠨ ᠦᠷ᠎ᠡ ᠲᠠᠷᠢᠬᠤ ᠶᠢ ᠴᠠᠭᠠᠵᠠᠯᠠᠬᠤ ᠠᠵᠢᠯ ᠢ ᠥᠨᠳᠥᠷ ᠪᠦᠲᠦᠮᠵᠢᠲᠡᠶ ᠪᠠᠷ |
ᠠᠬᠢᠭᠤᠯᠵᠤ᠂ ᠠᠮᠢ ᠠᠬᠤᠶ ᠶᠢᠨ ᠤᠷᠤᠰᠬᠠᠯ ᠤᠨ ᠰᠠᠭᠤᠷᠢ ᠶᠢ ᠪᠠᠲᠤᠳᠬᠠᠪᠠ᠃ ᠬᠤᠲᠠ ᠶᠢᠨ ᠤᠰᠤᠨ ᠤ |
ᠶᠠᠪᠤᠳᠠᠯ ᠤᠨ ᠲᠣᠪᠴᠢᠶ᠎ᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠤᠷᠴᠠ ᠴᠢᠳᠠᠮᠠᠭᠠᠶ ᠬᠦᠴᠦᠨ ᠢ ᠲᠠᠲᠠᠵᠤ ︽ |
ᠳᠦᠷᠪᠡ ᠥᠬᠡᠶ ᠬᠤᠶᠠᠷ ᠰᠢᠭᠤᠳ︾ ᠪᠣᠯᠭᠠᠬᠤ ᠠᠷᠭ᠎ᠠ ᠮᠠᠶ᠋ᠢᠭ ᠢ ᠠᠪᠴᠤ᠂ ᠪᠥᠬᠦ ᠭᠤᠤᠯ ᠤᠨ ᠵᠠᠮ ᠢ ᠲᠣᠭᠤᠷᠢᠨ |
ᠪᠠᠶᠢᠴᠠᠭᠠᠬᠤ ᠶᠢ ᠦᠷᠨᠢᠭᠦᠯᠪᠡ︔ ᠭᠤᠤᠯ ᠳᠠᠭᠠᠤ ᠬᠤᠰᠢᠭᠤ ᠰᠢᠶᠠᠨ ᠲᠣᠭᠤᠷᠢᠭ ᠨᠢ ᠠᠨᠵᠢᠰᠤᠨ ᠭᠤᠤ ᠱᠤᠭᠤᠮ |
ᠲᠣᠭᠲᠠᠭᠠᠬᠤ᠂ ᠬᠤᠰᠢᠭᠤᠨ ᠠᠴᠠ ᠱᠤᠭᠤᠮ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠤᠰᠤᠨ ᠤ ᠵᠠᠭᠠᠭ ᠱᠤᠭᠤᠮ᠂ |
ᠦᠷ᠎ᠡ ᠲᠠᠷᠢᠬᠤ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠵᠤ᠂ ᠤᠯᠠᠨ ᠨᠡᠶᠢᠲᠡ ᠶᠢᠨ ᠸᠢᠴᠠᠲ |
ᠲᠠᠪᠴᠠᠩ ᠢᠶᠠᠷ ᠬᠦᠷᠭᠡᠬᠦ᠂ ᠸᠢᠴᠠᠲ ᠤᠨ ᠴᠤᠭᠯᠠᠷᠠᠯ ᠢᠶᠠᠷ ᠮᠡᠳᠡᠭᠳᠡᠬᠦ᠂ ᠡᠯᠭᠦᠭᠡ ᠪᠢᠴᠢᠭᠡᠰᠦ ᠡᠯᠭᠦᠬᠦ ᠵᠡᠷᠭᠡ |
ᠬᠡᠯᠪᠡᠷᠢ ᠪᠠᠷ ᠳᠠᠮᠵᠢᠭᠤᠯᠤᠨ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠪᠠ ᠦᠷ᠎ᠡ ᠲᠠᠷᠢᠬᠤ ᠶᠢ |
ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠡᠷᠦᠬᠡ |
ᠬᠥᠮᠦᠨ ᠳᠤ ᠬᠦᠷᠲᠡᠯ᠎ᠡ ᠤᠬᠠᠭᠤᠯᠪᠠ᠃ |
ᠲᠥᠰᠦᠯ ᠢ ᠬᠡᠷᠡᠭᠵᠢᠭᠦᠯᠦᠭᠰᠡᠨ ᠠᠴᠠ ᠨᠠᠭᠠᠰᠢ᠂ ᠲᠦᠩᠯᠢᠶᠣᠤ ᠬᠤᠲᠠ ᠨᠡᠶᠢᠲᠡ 100 ᠭᠠᠷᠤᠶ ᠰᠡᠷᠡᠮᠵᠢ ᠶᠢᠨ |
ᠫᠠᠶᠢᠰᠠ ᠪᠤᠰᠬᠠᠵᠤ᠂ 3240 ᠵᠠᠭᠠᠭ ᠤᠨ ᠪᠠᠭᠠᠨ᠎ᠠ᠂ ᠰᠤᠪᠠᠭ ᠨᠡᠭᠡᠭᠡᠬᠦ ᠵᠠᠭᠠᠭ ᠤᠨ ᠤᠷᠲᠤ 381 ᠺᠢᠯᠤᠮᠧᠲᠷ |
ᠪᠠᠶᠢᠵᠤ᠂ ᠤᠷᠪᠠᠭᠤᠯᠤᠭᠰᠠᠨ ᠭᠠᠵᠠᠷ ᠢ 1.748 ᠲᠦᠮᠡᠨ ᠮᠥ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠬᠤ ᠪᠠᠨ |
ᠵᠣᠭᠰᠣᠬᠤ ᠬᠡᠯᠡᠯᠴᠡᠭᠡᠷ ᠢ 267 ᠬᠤᠪᠢ ᠲᠣᠭᠲᠠᠭᠠᠵᠤ᠂ ᠲᠠᠷᠢᠬᠤ ᠶᠢ ᠴᠠᠭᠠᠵᠠᠯᠠᠬᠤ 5166 ᠬᠤᠪᠢ ᠮᠡᠳᠡᠭᠳᠡᠬᠦ |
ᠪᠢᠴᠢᠭ ᠲᠠᠷᠬᠠᠭᠠᠵᠤ᠂ 19.3 ᠲᠦᠮᠡᠨ ᠬᠥᠮᠦᠨ ᠤᠳᠠᠭ᠎ᠠ ᠰᠤᠷᠪᠤᠯᠵᠢᠯᠠᠨ ᠤᠬᠠᠭᠤᠯᠪᠠ᠃ |
ᠠᠮᠢ ᠠᠬᠤᠶ ᠶᠢᠨ ᠤᠷᠤᠰᠬᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠥᠬᠦ ᠲᠠᠯ᠎ᠠ ᠪᠠᠷ |
ᠪᠠᠲᠤᠯᠠᠬᠤ ᠶᠢᠨ ᠲᠣᠭᠤᠷᠢᠨ ᠳᠤ᠂ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ︽ᠵᠠᠭᠪᠤᠷ ᠤᠨ |
ᠬᠤᠪᠢᠰᠤᠯᠲᠠ︾ ᠪᠠᠷ ᠳᠠᠮᠵᠢᠭᠤᠯᠤᠨ ᠪᠠᠷᠠᠭᠤᠨ ᠯᠢᠶᠣᠤ ᠾᠧ ᠭᠤᠤᠯ ᠤᠨ ᠬᠦᠢᠰᠦ ᠠᠴᠠ ᠶᠡᠷᠦᠩᠬᠡᠶ ᠠᠯᠪᠠᠨ ᠬᠡᠷ ᠤᠨ |
ᠬᠦᠢᠰᠦ ᠬᠦᠷᠲᠡᠯ᠎ᠡ 74 ᠺᠢᠯᠤᠮᠧᠲᠷ ᠤᠨ ᠭᠤᠤᠯ ᠤᠨ ᠭᠤᠯᠳᠤᠷᠢᠯ᠂ ᠶᠡᠷᠦᠩᠬᠡᠶ ᠠᠯᠪᠠᠨ ᠬᠡᠷ ᠤᠨ ᠬᠦᠢᠰᠦ ᠠᠴᠠ |
ᠲᠦᠩᠯᠢᠶᠣᠤ ᠬᠤᠲᠠ ᠶᠢᠨ ᠬᠤᠲᠠ ᠲᠣᠭᠤᠷᠢᠭ ᠲᠤ ᠬᠥᠷᠬᠦ 65 ᠺᠢᠯᠤᠮᠧᠲᠷ ᠤᠨ ᠭᠤᠤᠯ ᠤᠨ ᠵᠠᠮ ᠤᠨ ᠬᠤᠶᠠᠷ |
ᠬᠡᠮᠵᠢᠯᠳᠦ ᠤᠰᠤᠨ ᠤ ᠬᠥᠳᠡᠯᠭᠡᠬᠦ ᠬᠦᠴᠦᠨ ᠤ ᠤᠬᠠᠭᠠᠨ ᠤ ᠵᠠᠭᠪᠤᠷ ᠤᠨ ᠪᠥᠲᠥᠭᠡᠨ ᠪᠠᠶᠢᠭᠤᠯᠤᠯᠲᠠ ᠶᠢ |
ᠪᠡᠶᠡᠯᠡᠭᠦᠯᠪᠡ᠃ |
ᠵᠠᠭᠪᠤᠷ ᠤᠨ ᠬᠤᠪᠢᠰᠤᠯᠲᠠ ᠶᠢᠨ ᠦᠷ᠎ᠡ ᠪᠦᠲᠦᠭᠡᠯ ᠢ ᠦᠨᠳᠦᠰᠦᠯᠡᠪᠡᠯ᠂ ᠲᠦᠩᠯᠢᠶᠣᠣ ᠬᠤᠲᠠ ᠨᠢ ᠤᠰᠤᠨ ᠤ |
ᠤᠷᠤᠰᠬᠠᠯ ᠢ ᠪᠥᠭᠯᠡᠬᠦ ᠺᠠᠷᠲ ᠢ ᠨᠠᠷᠢᠯᠢᠭ ᠣᠨᠣᠪᠴᠢᠲᠠᠢ ᠲᠣᠭᠲᠠᠭᠰᠠᠨ ᠴᠡᠭ ᠲᠤ ᠠᠷᠢᠯᠭᠠᠨ᠂ ᠲᠠᠷᠬᠠᠵᠤ ᠮᠡᠳᠡᠬᠦ |
ᠡᠮᠵᠡᠭ ᠭᠠᠵᠠᠷ ᠢ ᠴᠡᠭ ᠲᠤᠭᠲᠠᠭᠠᠨ ᠪᠦᠰᠡᠯᠡᠵᠦ ᠬᠠᠭᠠᠪᠠ︔ ᠭᠠᠵᠠᠷ ᠤᠨ ᠪᠠᠶᠢᠴᠠ ᠨᠢ ᠲᠡᠭᠰᠢᠬᠡᠨ᠂ ᠤᠰᠤᠨ |
ᠤᠷᠤᠰᠬᠠᠯ ᠨᠢ ᠰᠠᠷᠨᠢᠵᠤ ᠮᠡᠳᠡᠬᠦ ᠭᠤᠣᠯ ᠤᠨ ᠬᠡᠰᠡᠭ ᠲᠤ ᠭᠤᠣ ᠮᠠᠯᠲᠠᠵᠤ᠂ ᠤᠰᠤᠨ ᠤᠷᠤᠰᠬᠠᠯ ᠢ ᠬᠥᠲᠥᠯᠦᠨ |
ᠵᠢᠯᠣᠭᠤᠳᠴᠤ᠂ ᠤᠰᠤᠨ ᠤᠷᠤᠰᠬᠠᠯ ᠨᠢ ᠭᠤᠣᠯ ᠤᠨ ᠬᠤᠩᠭᠢᠯ ᠪᠠᠶᠢᠭᠤᠯᠬᠤ ᠳᠤ ᠬᠦᠴᠦ ᠲᠠᠯᠪᠢᠨ᠎ᠠ᠃ ᠡᠭᠦᠨ ᠠᠴᠠ |
ᠭᠠᠳᠠᠨ᠎ᠠ᠂ ᠲᠦᠩᠯᠢᠶᠣᠣ ᠨᠢ ᠳᠣᠣᠷᠠᠲᠤ ᠣᠷᠤᠰᠠᠬᠠᠯ ᠤᠨ ᠭᠤᠣᠯ ᠤᠨ ᠬᠡᠰᠡᠭ ᠲᠤ ᠲᠠᠰᠤᠷᠠᠯᠲᠠ ᠦᠭᠡᠢ ᠲᠣᠭᠤᠷᠢᠨ |
ᠪᠠᠶᠢᠴᠠᠭᠠᠯᠲᠠ ᠬᠢᠵᠦ᠂ ᠤᠰᠤᠨ ᠲᠦᠷᠦᠭᠦᠦ ᠣᠷᠣᠵᠤ ᠢᠷᠡᠭᠰᠡᠨ᠂ ᠠᠮᠠᠰᠠᠷ ᠬᠠᠭᠠᠭᠰᠠᠨ ᠪᠠᠶᠢᠳᠠᠯ ᠢ ᠴᠠᠭ |
ᠲᠤᠬᠠᠢ ᠳᠤᠨᠢ ᠮᠥᠷᠳᠡᠵᠦ᠂ ᠤᠷᠤᠰᠬᠠᠯ ᠤᠨ ᠺᠠᠷᠲ ᠥᠩᠭᠡᠷᠡᠬᠦ ᠠᠰᠠᠭᠤᠳᠠᠯ ᠢ ᠵᠦᠢᠯ ᠳᠠᠷᠠᠭᠠᠯᠠᠨ ᠬᠢᠨᠠᠨ |
ᠬᠠᠷᠭᠤᠭᠤᠯᠵᠤ ᠵᠠᠳᠠᠯᠤᠨ ᠵᠠᠳᠠᠯᠵᠤ᠂ ᠭᠤᠣᠯ ᠤᠨ ᠤᠷᠤᠰᠬᠠᠯ ᠥᠩᠭᠡᠷᠡᠬᠦ ᠨᠥᠬᠦᠴᠡᠯ ᠢ ᠲᠣᠳᠣᠷᠬᠠᠢ |
ᠤᠶᠢᠯᠠᠭᠠᠬᠤ ᠶᠢᠨ ᠬᠠᠮᠲᠤ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠠᠪᠴᠤ ᠪᠠᠶᠢᠭᠠᠳ ᠤᠰᠤ |
ᠲᠠᠲᠠᠵᠤ ᠪᠠᠶᠢᠨ᠎ᠠ᠃ 7 ᠳ᠋ᠤᠭᠠᠷ ᠰᠠᠷ᠎ᠠ ᠶᠢᠨ 26 ᠤ ᠡᠳᠦᠷ᠂ ᠯᠢᠶᠣᠤ ᠾᠧ ᠭᠤᠤᠯ ᠤᠨ ᠦᠶᠡᠷ ᠢ ᠰᠡᠷᠭᠡᠶᠢᠯᠡᠵᠦ |
ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ 1 ᠳ᠋ᠦ᠋ᠭᠡᠷ ᠲᠣᠭᠠᠲᠤ ᠲᠣᠬᠢᠷᠠᠭᠤᠯᠬᠤ ᠵᠠᠷᠯᠢᠭ |
ᠪᠠᠭᠤᠯᠭᠠᠭᠰᠠᠨ ᠤ ᠳᠠᠷᠠᠭ᠎ᠠ᠂ ᠲᠦᠩᠯᠢᠶᠣᠤ ᠬᠤᠲᠠ ᠶᠢᠨ ᠲᠠᠢ ᠾᠧ ᠺᠸᠤ ᠶᠢᠨ ᠬᠦᠢᠰᠦ ᠶᠢᠨ ᠰᠢᠨ ᠺᠠᠶ ᠭᠤᠤᠯ ᠤᠨ |
ᠬᠠᠭᠠᠯᠲᠠ᠂ ᠰᠦ᠋ ᠵᠢᠶᠠ ᠪᠦᠦ ᠶᠢᠨ ᠬᠦᠢᠰᠦ ᠪᠤᠯᠬᠤ ᠮᠧᠩ ᠵᠢᠶᠠ ᠬᠡᠰᠡᠭ ᠤᠨ ᠤᠰᠤ ᠰᠠᠯᠭᠠᠬᠤ ᠬᠠᠭᠠᠯᠲᠠ᠂ ᠯᠢᠶᠣᠤ |
ᠾᠧ ᠤᠰᠤᠯᠠᠯᠲᠠ ᠶᠢᠨ ᠣᠷᠣᠨ ᠤ ᠤᠰᠤ ᠲᠠᠲᠠᠬᠤ ᠬᠠᠭᠠᠯᠲᠠ ᠵᠢᠴᠢ ᠶᠡᠷᠦᠩᠬᠡᠶ ᠡᠷᠬᠢᠯᠡᠭᠰᠡᠨ ᠬᠦᠢᠰᠦ ᠪᠤᠯᠬᠤ |
ᠮᠤᠷᠤᠢ ᠶᠢᠨ ᠰᠦᠮ᠎ᠡ ᠶᠢᠨ ᠤᠰᠤᠨ ᠴᠥᠭᠦᠷᠥᠮ ᠤᠨ ᠤᠰᠤ ᠰᠠᠯᠭᠠᠬᠤ ᠬᠠᠭᠠᠯᠲᠠ᠂ ᠯᠢᠶᠣᠤ ᠡᠾᠧ ᠭᠤᠤᠯ ᠤᠨ |
ᠤᠰᠤ ᠶᠢ ᠲᠠᠲᠠᠵᠤ ᠴᠢᠩ ᠺᠸᠤ ᠶᠢ ᠲᠤᠰᠠᠯᠠᠬᠤ ᠤᠰᠤ ᠰᠠᠯᠭᠠᠬᠤ ᠬᠠᠭᠠᠯᠲᠠ ᠶᠢ ᠪᠦᠬᠦᠨ ᠢ ᠬᠠᠭᠠᠵᠤ᠂ ᠠᠮᠢ |
ᠠᠬᠤᠶ ᠶᠢᠨ ᠤᠷᠤᠰᠬᠠᠯ ᠤᠨ ᠬᠡᠮᠵᠢᠶ᠎ᠡ ᠶᠢ ᠪᠦᠲᠦᠮᠵᠢᠲᠡᠶ ᠪᠠᠲᠤᠯᠠᠪᠠ᠃ |
︽ᠲᠠᠷᠠᠭᠠᠴᠢ ᠶᠢᠨ ᠠᠯᠬᠤᠮ ᠳᠤ᠂ ᠲᠦᠩᠯᠢᠶᠣᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠪᠠᠷᠠᠭᠤᠨ |
ᠯᠢᠶᠣᠤ ᠾᠧ ᠭᠤᠤᠯ ᠤᠨ ᠰᠠᠪᠠ ᠭᠠᠵᠠᠷ ᠤᠨ ︿ᠤᠰᠤᠨ ᠤ ᠬᠡᠮᠵᠢᠶ᠎ᠡ ᠪᠠᠷ ᠶᠠᠪᠤᠬᠤ﹀ ᠡᠯ᠎ᠡ ᠵᠦᠢᠯ ᠤᠨ ᠠᠵᠢᠯ ᠢ |
ᠯᠠᠪᠳᠠᠭᠤᠨ ᠪᠠᠲᠤᠲᠠᠶ ᠠᠬᠢᠭᠤᠯᠵᠤ᠂ ᠲᠣᠬᠢᠷᠠᠭᠤᠯᠬᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠂ ᠣᠨ ᠤ ᠤᠰᠤᠨ ᠤ |
ᠡᠬᠢ ᠪᠠᠶᠠᠯᠢᠭ ᠢ ᠲᠣᠬᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ |
ᠰᠠᠶᠢᠲᠤᠷ ᠬᠢᠵᠦ᠂ ᠲᠦᠩᠯᠢᠶᠣᠤ ᠬᠤᠲᠠ ᠶᠢᠨ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠠᠮᠢ |
ᠠᠬᠤᠶ ᠶᠢᠨ ᠰᠡᠷᠭᠦᠯᠲᠡ ᠶᠢ ᠠᠬᠢᠭᠤᠯᠤᠨ᠎ᠠ︾ ᠭᠡᠵᠦ ᠲᠦᠩᠯᠢᠶᠤᠤ ᠬᠤᠲᠠ ᠶᠢᠨ ᠤᠰᠤᠨ ᠤ ᠶᠠᠪᠤᠳᠠᠯ ᠤᠨ |
ᠲᠣᠪᠴᠢᠶᠠᠨ ᠤ ᠳᠠᠷᠤᠭ᠎ᠠ ᠰᠢᠶᠤᠤ ᠴᠢᠶᠠᠩ ᠬᠡᠯᠡᠪᠡ᠃ |
︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ |
|