| ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠤᠰᠤ ᠠᠷᠪᠢᠯᠠᠬᠤ ᠤᠬᠠᠮᠰᠠᠷ ᠢ ᠤᠯᠠᠮ ᠨᠢᠭᠡ |
ᠠᠯᠬᠤᠮ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠠᠭᠤᠷ ᠠᠮᠢᠰᠬᠤᠯ ᠢ ᠪᠣᠶ |
ᠪᠣᠯᠭᠠᠬᠤ ᠶᠢᠨ ᠲᠥᠯᠥᠭᠡ᠂ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ |
ᠲᠥᠪ ᠨᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠲᠠᠰᠢᠷᠠᠮ ᠢᠶᠠᠷ᠂ ᠥᠪᠥᠷ ᠮᠣᠩᠭᠤᠯ ᠤᠨ |
ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠳᠤ |
ᠭᠦᠨᠵᠡᠭᠡᠶᠢᠷᠡᠨ ︽ᠤᠰᠤ ᠠᠷᠪᠢᠯᠠᠬᠤ ᠪᠤᠭᠤᠲᠤ — ᠲᠠ ᠪᠢᠳᠡ ᠬᠠᠮᠲᠤ ᠪᠠᠷ ᠤᠷᠤᠭᠰᠢᠯᠠᠶ᠎ᠠ︾ ᠤᠰᠤ ᠠᠷᠪᠢᠯᠠᠬᠤ |
ᠤᠬᠠᠭᠤᠯᠭ᠎ᠠ ᠶᠢ ᠰᠤᠷᠭᠠᠭᠤᠯᠢ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠤᠰᠤ ᠠᠷᠪᠢᠯᠠᠬᠤ ᠲᠠᠯ᠎ᠠ ᠠᠴᠠ ᠪᠠᠭᠰᠢ |
ᠰᠤᠷᠤᠭᠴᠢᠳ ᠲᠤ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠰᠠᠶᠢᠲᠤᠷ ᠣᠷᠣᠪᠠ᠃ |
ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠮᠢᠳᠤᠯᠢᠭ ᠤᠰᠤ ᠠᠷᠪᠢᠯᠠᠬᠤ ᠤᠬᠠᠭᠤᠯᠭ᠎ᠠ ᠶᠢᠨ |
ᠬᠠᠭᠤᠳᠠᠰᠤ᠂ ᠬᠡᠷᠡᠭᠯᠡᠭᠡᠨ ᠤ ᠤᠬᠠᠭᠤᠯᠭ᠎ᠠ ᠶᠢᠨ ᠮᠠᠲ᠋ᠧᠷᠢᠶᠠᠯ ᠵᠢᠴᠢ ᠬᠥᠭᠵᠢᠶᠡᠨᠲᠡᠶ ᠠᠵᠢᠯᠯᠠᠭ᠎ᠠ ᠶᠢᠨ ᠠᠭᠤᠷ |
ᠠᠮᠢᠰᠬᠤᠯ ᠮᠠᠰᠢ ᠲᠦᠷᠭᠡᠨ ᠢᠶᠠᠷ ᠰᠤᠷᠤᠭᠴᠢᠳ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠶᠡᠬᠡᠳᠡ |
ᠲᠠᠲᠠᠪᠠ᠃ ᠲᠤᠬᠠᠶ ᠶᠢᠨ ᠲᠠᠯᠠᠪᠤᠷ ᠤᠨ ᠠᠵᠢᠯᠲᠠᠳ ᠰᠤᠷᠤᠭᠴᠢᠳ ᠲᠤ ︽ᠤᠰᠤ ᠶᠢ ᠠᠷᠪᠢᠯᠠᠨ ᠭᠠᠮᠨᠠᠬᠤ |
ᠲᠦᠷᠢᠮ︾᠂ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ︾᠂ ︽ |
ᠪᠤᠭᠤᠲᠤ ᠬᠤᠲᠠ ᠶᠢᠨ ᠤᠰᠤ ᠬᠠᠩᠭᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ |
ᠤᠬᠠᠭᠠᠨ ᠢ ᠲᠦᠭᠡᠮᠡᠯᠵᠢᠭᠦᠯᠬᠦ ︽ᠠᠷᠠᠳ ᠢᠷᠭᠡᠳ ᠤᠨ ᠤᠰᠤ ᠶᠢ ᠠᠷᠪᠢᠯᠠᠨ ᠬᠡᠷᠡᠭᠯᠡᠬᠦ ᠦᠢᠯᠡ ᠠᠵᠢᠯᠯᠠᠭ᠎ᠠ ᠶᠢᠨ |
ᠵᠢᠷᠤᠮᠵᠢᠯ︾ ᠵᠢᠴᠢ ᠡᠳᠦᠷ ᠲᠤᠲᠤᠮ ᠤᠨ ᠠᠮᠢᠳᠤᠷᠠᠯ ᠳᠤᠮᠳᠠᠬᠢ ᠲᠥᠬᠦᠮ ᠪᠥᠭᠡᠳ ᠬᠢᠯᠪᠠᠷ ᠠᠵᠢᠯᠯᠠᠭᠤᠯᠬᠤ ᠤᠰᠤ |
ᠠᠷᠪᠢᠯᠠᠬᠤ ᠤᠷᠠᠨ ᠠᠷᠭ᠎ᠠ ᠶᠢ ᠲᠠᠶᠢᠯᠪᠤᠷᠢᠯᠠᠪᠠ᠃ ᠰᠤᠷᠤᠭᠴᠢᠳ ᠡᠨᠡ ᠤᠳᠠᠭᠠᠨ ᠤ ᠤᠰᠤ ᠠᠷᠪᠢᠯᠠᠬᠤ |
ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠳᠤ ᠰᠢᠨ᠎ᠡ ᠤᠰᠤ ᠠᠷᠪᠢᠯᠠᠬᠤ ᠮᠡᠳᠡᠯᠭᠡ ᠪᠠ ᠤᠷ᠎ᠠ ᠴᠢᠳᠠᠪᠤᠷᠢ ᠶᠢ |
ᠠᠪᠴᠢᠷᠠᠵᠤ ᠥᠭᠴᠡᠶ᠂ ᠬᠤᠶᠢᠰᠢᠳᠠ ᠶᠢᠨ ᠶᠡᠭᠡ ᠰᠤᠷᠭᠠᠭᠤᠯᠢ ᠶᠢᠨ ᠠᠮᠢᠳᠤᠷᠠᠯ ᠳᠤᠮᠳᠠ ᠰᠤᠷᠤᠭᠰᠠᠨ ᠤᠰᠤ |
ᠠᠷᠪᠢᠯᠠᠬᠤ ᠣᠨᠣᠯ ᠪᠠ ᠤᠷ᠎ᠠ ᠴᠢᠳᠠᠪᠤᠷᠢ ᠪᠠᠨ ᠦᠢᠯᠡᠳᠦᠯᠭᠡᠵᠢᠭᠦᠯᠵᠦ᠂ ᠡᠳᠦᠷ ᠲᠤᠲᠤᠮ ᠤᠨ ᠠᠮᠢᠳᠤᠷᠠᠯ ᠤᠨ ᠵᠢᠵᠢᠭ |
ᠰᠠᠵᠢᠭ ᠵᠦᠢᠯ ᠠᠴᠠ ᠡᠬᠢᠯᠡᠨ ᠬᠢᠵᠦ᠂ ᠤᠰᠤ ᠠᠷᠪᠢᠯᠠᠵᠤ ᠤᠰᠤ ᠶᠢ ᠬᠠᠶᠢᠷᠠᠯᠠᠵᠤ ᠤᠰᠤ ᠶᠢ ᠬᠠᠮᠠᠭᠠᠯᠠᠬᠤ ᠰᠠᠶᠢᠨ |
ᠳᠠᠳᠬᠠᠯ ᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃ |
ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠤᠯᠤᠰ ᠤᠨ ᠤᠰᠤ ᠠᠷᠪᠢᠯᠠᠬᠤ ᠠᠵᠢᠯᠯᠠᠭ᠎ᠠ ᠪᠠ ᠬᠠᠲᠤᠨ |
ᠭᠤᠤᠯ ᠤᠨ ᠰᠠᠪᠠ ᠭᠠᠵᠠᠷ ᠤᠨ ᠤᠰᠤ ᠶᠢ ᠭᠦᠨ ᠠᠷᠪᠢᠯᠠᠬᠤ ᠠᠵᠢᠯᠯᠠᠭ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ |
ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠤᠰᠤ ᠠᠷᠪᠢᠯᠠᠬᠤ ᠰᠣᠶᠣᠯ ᠢ ᠢᠳᠡᠪᠬᠢᠲᠡᠶ ᠪᠤᠶᠢᠵᠢᠭᠤᠯᠵᠤ᠂ ᠶᠡᠭᠡ |
ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠠᠵᠢᠯ ᠤᠨ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ ᠪᠠ |
ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ︽ᠤᠰᠤ ᠶᠢ ᠠᠷᠪᠢᠯᠠᠨ |
ᠭᠠᠮᠨᠠᠬᠤ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ |
|