|
|
ᠦᠨᠦᠳᠦᠷ ᠪᠤᠯ ᠳᠤᠯᠤᠳᠤᠭᠠᠷ ︽ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠲᠠ ᠶᠢᠨ |
ᠪᠠᠶᠠᠷ︾ ᠪᠤᠯᠤᠨ᠎ᠠ᠃ |
ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠣᠯ ᠶᠡᠷᠦᠩᠬᠡᠢ ᠱᠦᠵᠢ ᠰᠢ ᠶᠢᠨ |
ᠫᠢᠩ ᠤᠨ ᠪᠡᠶ᠎ᠡ ᠪᠠᠷ ᠢᠶᠠᠨ ᠲᠦᠯᠬᠢᠨ ᠠᠬᠢᠭᠤᠯᠵᠤ ᠪᠠᠶᠢᠭᠤᠯᠤᠭᠰᠠᠨ ᠠᠩᠬᠠᠳᠠᠭᠴᠢ ᠤᠯᠤᠰ ᠤᠨ ᠳᠡᠰ ᠤᠨ |
ᠳᠠᠪᠬᠤᠷᠭ᠎ᠠ ᠲᠤᠰᠬᠠᠶᠢᠯᠠᠨ ᠲᠠᠷᠢᠶᠠᠴᠢᠳ ᠲᠤ ᠪᠠᠶᠢᠭᠤᠯᠤᠭᠰᠠᠨ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ |
ᠮᠥᠨ᠃ |
|
|
|
|
|
ᠬᠠᠪᠤᠷ ᠨᠢᠭᠡ ᠮᠦᠬᠦᠯᠢᠭ ᠨᠠᠷᠢᠮᠤ ᠲᠠᠷᠢᠵᠤ ᠨᠠᠮᠤᠷ ᠲᠦᠮᠡᠨ ᠮᠦᠬᠦᠯᠢᠭ ᠠᠮᠤ ᠪᠤᠳᠠᠭᠠᠨ ᠤ ᠠᠮᠤᠷ ᠲᠦᠪᠰᠢᠨ ᠢ |
ᠪᠠᠲᠤᠯᠠᠬᠤ ᠨᠢ ︽ᠤᠯᠤᠰ ᠤᠨ ᠶᠡᠭᠡ ᠶᠠᠪᠤᠳᠠᠯ︾ ᠪᠤᠯᠤᠨ᠎ᠠ |
ᠶᠡᠷᠦᠩᠬᠡᠶ ᠱᠦᠵᠢ ᠰᠢ ᠶᠢᠨ ᠫᠢᠩ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ |
ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠪᠣᠯ ᠢᠮᠠᠭᠲᠠ ᠲᠠᠷᠢᠶᠠᠯᠠᠩ ᠤᠨ ᠬᠦᠴᠦᠷᠬᠡᠭ ᠤᠯᠤᠰ ᠢ |
ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠠᠪᠤᠳᠠᠯ ᠮᠥᠨ ᠭᠡᠵᠦ ᠴᠢᠬᠤᠯᠠᠴᠢᠯᠠᠪᠠ᠃ |
ᠮᠠᠨ ᠤ ᠤᠯᠤᠰ ᠤᠨ ᠬᠥᠮᠥᠨ ᠣᠯᠠᠨ ᠭᠠᠵᠠᠷ ᠴᠥᠭᠡᠨ ᠤᠰᠤ ᠭᠠᠩ ᠤᠨ ᠭᠠᠮᠰᠢᠭ ᠣᠯᠠᠨ ᠭᠠᠷᠴᠤ ᠤᠰᠤ |
ᠰᠢᠷᠣᠢ ᠶᠢᠨ ᠡᠬᠢ ᠪᠠᠶᠠᠯᠢᠭ ᠲᠣᠬᠢᠷᠠᠯᠴᠠᠬᠤ ᠦᠭᠡᠢ ᠪᠠᠶᠢᠬᠤ᠂ ᠤᠰᠤᠨ ᠠᠰᠢᠭᠯᠠᠯᠲᠠ ᠨᠢ ᠠᠮᠤ ᠪᠤᠳᠠᠭᠠᠨ ᠤ |
ᠦᠢᠯᠡᠳᠪᠦᠷᠢᠯᠡᠯ ᠪᠠ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢ ᠪᠠᠲᠤᠯᠠᠬᠤ ᠳᠤ ᠲᠤᠶᠢᠯ ᠤᠨ ᠴᠢᠬᠤᠯᠠ |
ᠦᠢᠯᠡᠳᠦᠯ ᠲᠠᠢ ᠪᠠᠶᠢᠬᠤ ᠶᠢ ᠲᠣᠭᠲᠠᠭᠠᠪᠠ᠃ |
|
|
|
|
|
ᠲᠠᠷᠢᠶᠠᠯᠠᠩ ᠤᠨ ᠡᠯᠪᠡᠭ ᠬᠤᠷᠢᠶᠠᠯᠲᠠ ᠣᠯᠬᠤ ᠨᠢ ᠤᠰᠤᠨ ᠠᠰᠢᠭᠯᠠᠯᠲᠠ ᠶᠢᠨ ᠪᠠᠲᠤᠯᠠᠭ᠎ᠠ ᠠᠴᠠ ᠰᠠᠯᠵᠤ |
ᠴᠢᠳᠠᠬᠤ ᠦᠭᠡᠢ |
ᠤᠰᠤᠨ ᠠᠰᠢᠭᠯᠠᠯᠲᠠ ᠶᠢᠨ ᠶᠠᠮᠤᠨ ᠶᠡᠷᠦᠩᠬᠡᠢ ᠱᠦᠵᠢ ᠰᠢ ᠶᠢᠨ ᠫᠢᠩ ᠤᠨ ᠤᠰᠤ ᠠᠷᠪᠢᠯᠠᠬᠤ ᠶᠢ |
ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ |
ᠬᠦᠴᠦᠯᠡᠵᠦ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ |
ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠤᠰᠤᠨ ᠠᠰᠢᠭᠯᠠᠯᠲᠠ ᠶᠢᠨ |
ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠪᠡ᠃ |
ᠤᠰᠤᠨ ᠠᠰᠢᠭᠯᠠᠯᠲᠠ ᠪᠣᠯ ᠲᠠᠷᠢᠶᠠᠯᠠᠩ ᠤᠨ ᠠᠮᠢᠨ ᠰᠤᠳᠠᠰᠦ ᠮᠦᠨ᠂ ᠤᠰᠤᠯᠠᠯᠲᠠ ᠶᠢᠨ ᠣᠷᠣᠨ ᠪᠣᠯ |
ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠭᠤᠤᠯ ᠬᠦᠴᠦᠨ ᠴᠡᠷᠢᠭ᠂ ᠤᠰᠤᠨ |
ᠠᠰᠢᠭᠯᠠᠯᠲᠠ ᠶᠢᠨ ᠶᠠᠮᠤᠨ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠴᠢᠭᠯᠡᠯᠲᠡ ᠶᠢ ᠪᠠᠷᠢᠮᠲᠠᠯᠠᠨ ᠤᠰᠤ |
ᠠᠪᠬᠤ ᠵᠥᠪᠰᠢᠶᠡᠷᠡᠯ ᠢ ᠠᠬᠢᠭᠤᠯᠵᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠨᠣᠷᠮ᠎ᠠ ᠲᠣᠭᠲᠠᠭᠠᠨ |
ᠬᠠᠮᠢᠶᠠᠷᠬᠤ ᠶᠢ ᠠᠬᠢᠭᠤᠯᠵᠤ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠵᠦ᠂ |
ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ |
ᠮᠡᠷᠭᠡᠵᠢᠯ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠮᠦ ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ ᠶᠢ |
2014 ᠣᠨ ᠳᠤ 402 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠪᠠᠭᠤᠷᠠᠭᠠᠳ 2023 ᠣᠨ |
ᠪᠣᠯᠬᠤ ᠳᠤ 347 ᠪᠣᠰᠤᠭ᠎ᠠ ᠳᠥᠷᠪᠡᠯᠵᠢᠨ ᠮᠧᠲᠷ ᠪᠤᠯᠵᠦ᠂14 ᠵᠠᠭᠤᠨ ᠤ ᠨᠢᠭᠡᠴᠢ |
ᠳᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠰᠤ ᠬᠡᠷᠡᠭᠯᠡᠬᠦ ᠵᠥᠷᠢᠴᠡᠯ ᠢ ᠪᠦᠲᠦᠮᠵᠢᠲᠡᠶ |
ᠨᠠᠮᠳᠠᠭᠤᠯᠪᠠ ᠂ ᠠᠮᠤ ᠪᠤᠳᠠᠭᠠᠨ ᠤ ᠶᠡᠷᠦᠩᠬᠡᠢ ᠤᠨᠠᠯᠲᠠ ᠲᠣᠭᠲᠠᠭᠤᠨ ᠢᠶᠠᠷ ᠨᠡᠮᠡᠭᠳᠡᠵᠦ ᠪᠠᠶᠢᠭ᠎ᠠ ᠪᠠᠶᠢᠳᠠᠯ ᠳᠣᠣᠷ᠎ᠠ |
ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠰᠤ ᠬᠡᠷᠡᠭᠯᠡᠬᠦ ᠵᠥᠷᠢᠴᠡᠯ ᠢ ᠪᠦᠲᠦᠮᠵᠢᠲᠡᠶ ᠨᠠᠮᠳᠠᠭᠤᠯᠪᠠ᠃ |
ᠪᠦᠬᠦ ᠤᠯᠤᠰ ᠤᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠦᠴᠦᠬᠡᠨ |
ᠴᠤ ᠨᠡᠮᠡᠭᠳᠡᠭᠰᠡᠨ ᠦᠭᠡᠢ |
ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ ᠪᠥᠬᠦ ᠤᠯᠤᠰ ᠲᠤ ᠨᠢᠭᠡᠨᠲᠡ ᠲᠣᠮᠣ ᠳᠤᠮᠳᠠ ᠬᠡᠯᠪᠡᠷᠢ ᠶᠢᠨ |
ᠤᠰᠤᠯᠠᠯᠲᠠ ᠶᠢᠨ ᠣᠷᠣᠨ ᠤ 7300 ᠭᠠᠷᠤᠢ ᠬᠥᠭᠡᠷᠭᠡ ᠶᠢᠨ ᠥᠷᠲᠡᠭᠡ᠂ ᠮᠠᠰᠢᠨ ᠬᠤᠳᠳᠤᠭ᠂ ᠴᠥᠭᠦᠷᠥᠮ ᠵᠡᠷᠭᠡ |
ᠡᠯ᠎ᠡ ᠲᠥᠷᠥᠯ ᠤᠨ ᠵᠢᠵᠢᠭ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ 2200 |
ᠭᠠᠷᠤᠢ ᠲᠦᠮᠡᠨ ᠪᠥᠬᠦ ᠤᠯᠤᠰ ᠤᠨ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ 10.75 ᠳ᠋ᠦᠩᠰᠢᠭᠤᠷ |
ᠮᠦ ᠳᠤ ᠬᠦᠷᠴᠦ᠂ ᠪᠥᠬᠦ ᠤᠯᠤᠰ ᠤᠨ 56% ᠶᠢ ᠡᠵᠡᠯᠡᠬᠦ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ |
ᠳᠡᠭᠡᠷ᠎ᠡ ᠪᠥᠬᠦ ᠤᠯᠤᠰ ᠤᠨ 77% ᠶᠢᠨ ᠠᠮᠤ ᠪᠤᠳᠠᠭ᠎ᠠ ᠪᠠ 90% ᠠᠴᠠ ᠳᠡᠭᠡᠭᠰᠢᠬᠢ ᠠᠵᠤ ᠠᠬᠤᠢ ᠶᠢᠨ |
ᠲᠠᠷᠢᠮᠠᠯ ᠢ ᠦᠢᠯᠡᠳᠪᠦᠷᠢᠯᠡᠵᠦ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠬᠢᠯᠡᠬᠦ ᠳᠤ ᠪᠠᠲᠤ ᠪᠠᠬᠢ ᠰᠠᠭᠤᠷᠢ |
ᠲᠠᠯᠪᠢᠪᠠ᠃ |
︵︽ᠳᠤᠮᠳᠠᠳᠤ ᠤᠯᠤᠰ ᠤᠨ ᠤᠰᠤᠨ ᠠᠰᠢᠭᠯᠠᠯᠲᠠ︾ ᠠᠴᠠ ᠰᠢᠯᠵᠢᠭᠦᠯᠪᠡ︶ |
|
|