| ᠣᠶᠢᠷ᠎ᠠ ᠳᠤ ᠂ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠪᠠᠶᠢᠭᠠᠯᠢ ᠶᠢᠨ ᠡᠬᠢ ᠪᠠᠶᠠᠯᠢᠭ ᠤᠨ |
ᠶᠠᠮᠤᠨ ᠤ ᠠᠯᠪᠠᠨ ᠲᠢᠩᠬᠢᠮ ᠲᠠᠢ ᠬᠠᠮᠲᠤᠷᠠᠨ ︽ᠤᠰᠤ ᠰᠢᠷᠤᠢ ᠶᠢᠨ ᠢᠳᠡᠭᠳᠡᠯ ᠤᠨ ᠵᠠᠰᠠᠯᠲᠠ ᠳᠤ ᠨᠡᠶᠢᠭᠡᠮ ᠤᠨ |
ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ |
ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ ᠃ ᠡᠳᠦᠭᠡ ︽ᠵᠢᠯᠣᠭᠤᠳᠬᠤ ᠰᠠᠨᠠᠯ︾ |
ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠡ ᠃ |
ᠨᠢᠭᠡ ᠂ ᠲᠣᠭᠲᠠᠭᠠᠭᠰᠠᠨ ᠠᠬᠤᠶ ᠪᠠᠶᠢᠳᠠᠯ |
︵ᠨᠢᠭᠡ︶ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠦᠰᠦᠭ︾ ᠤᠨ ᠤᠰᠤ ᠶᠢ |
ᠵᠠᠰᠠᠬᠤ ᠰᠡᠳᠭᠢᠴᠡ ᠶᠢᠨ ᠵᠠᠶᠢᠯᠠᠰᠢ ᠦᠭᠡᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ |
ᠶᠡᠷᠦᠩᠬᠡᠢ ᠱᠦᠵᠢ ᠰᠢ ᠶᠢᠨ ᠫᠢᠩ ᠵᠢᠭᠠᠬᠤ ᠳᠤ ᠪᠠᠨ᠄ ︽ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠤᠨ |
ᠳᠤᠬᠢᠷᠠᠭᠤᠯᠤᠯᠳᠠ ᠳᠤ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠵᠦ ᠂ ᠵᠠᠰᠠᠭ ᠤᠨ ᠤᠷᠳᠤᠨ ᠤ ᠦᠢᠯᠡᠳᠦᠯ ᠢ |
ᠨᠡᠩ ᠰᠠᠶᠢᠲᠤᠷ ᠪᠠᠳᠠᠷᠠᠭᠤᠯᠬᠤ ᠪᠣᠯ ᠴᠢᠬᠤᠯᠠ ᠶᠡᠭᠡ ᠤᠨᠤᠯ ᠤᠨ ᠰᠡᠳᠦᠪ ᠪᠣᠯᠬᠤ ᠪᠠᠷ ᠪᠠᠷᠠᠬᠤ ᠦᠭᠡᠢ ᠂ ᠪᠠᠰᠠ ᠴᠤ |
ᠴᠢᠬᠤᠯᠠ ᠶᠡᠭᠡ ᠦᠢᠯᠡᠳᠦᠯᠭᠡ ᠶᠢᠨ ᠰᠡᠳᠦᠪ ᠪᠣᠯᠤᠨ᠎ᠠ︾ ᠭᠡᠵᠡᠢ ᠃ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ |
ᠨᠡᠶᠢᠭᠡᠮ ᠤᠨ ᠬᠦᠷᠦᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠪᠣᠯ ᠵᠠᠰᠠᠭ ᠤᠨ ᠣᠷᠳᠣᠨ ᠤ ᠦᠢᠯᠡᠳᠦᠯ |
ᠪᠠ ᠵᠠᠬ᠎ᠠ ᠳᠡᠯᠭᠡᠭᠦᠷ ᠤᠨ ᠲᠣᠭᠲᠠᠴᠠ ᠶᠢ ᠪᠠᠷᠢᠮᠲᠠᠯᠠᠬᠤ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠵᠦ ᠂ ᠡᠬᠢ |
ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ |
ᠭᠦᠢᠴᠡᠳ ᠪᠠᠳᠠᠷᠠᠭᠤᠯᠬᠤ ᠠᠮᠢᠳᠤᠯᠢᠭ ᠦᠢᠯᠡᠳᠦᠯᠭᠡ ᠪᠣᠯᠤᠨ᠎ᠠ ᠃ ᠰᠢᠨ᠎ᠡ ᠴᠠᠭ ᠦᠶ᠎ᠡ ᠳᠤ ᠤᠰᠤ ᠰᠢᠷᠤᠢ ᠶᠢ |
ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠡᠷᠬᠡᠪᠰᠢ ᠥᠭᠡᠷᠡᠴᠢᠯᠡᠯᠲᠡ ᠬᠢᠵᠦ |
ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠠᠮᠢᠵᠢᠷᠠᠯ ᠤᠨ ᠬᠦᠴᠦᠨ ᠢ ᠬᠥᠭᠵᠢᠭᠡᠵᠦ ᠂ ︽ᠨᠢᠳᠦᠨ ᠳᠤ ᠦᠵᠡᠭᠳᠡᠬᠦ |
ᠥᠬᠡᠶ ᠭᠠᠷ︾ ᠪᠠ ︽ᠨᠢᠳᠦᠨ ᠳᠤ ᠦᠵᠡᠭᠳᠡᠬᠦ ᠭᠠᠷ︾ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ ᠂ ᠡᠬᠢ |
ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ |
ᠪᠠᠳᠠᠷᠠᠭᠤᠯᠵᠤ ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠂ ᠤᠰᠤ ᠰᠢᠷᠤᠢ ᠶᠢ |
ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠦ ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ |
ᠰᠢᠰᠲ᠋ᠧᠮ ᠤᠨ ᠬᠤᠷᠠᠮᠳᠤᠯ ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ ᠂ |
ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠬᠤ |
ᠬᠡᠷᠡᠭᠲᠡᠶ ᠭᠡᠵᠦ ᠵᠢᠭᠠᠵᠤ ᠭᠠᠷᠭᠠᠪᠠ ᠃ |
︵ᠬᠤᠶᠠᠷ︶ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ |
ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠶᠢᠯᠠᠰᠢ ᠦᠭᠡᠢ |
ᠱᠠᠭᠠᠷᠳᠠᠯᠭ᠎ᠠ ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠮᠢ |
ᠠᠬᠤᠶ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ |
ᠲᠤᠬᠠᠶ ᠰᠠᠨᠠᠯ︾ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ |
ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ |
ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠢ ᠴᠥᠮ ᠨᠡᠶᠢᠭᠡᠮ ᠤᠨ |
ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠬᠤ |
ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ |
ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ |
ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ |
ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠂ |
ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ |
ᠰᠢᠰᠲ᠋ᠧᠮ ᠲᠠᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠤᠯᠠᠨ ᠡᠰᠢᠴᠢᠯᠡᠭᠰᠡᠨ ᠠᠮᠢ ᠠᠬᠤᠢ ᠶᠢ ᠬᠠᠮᠠᠭᠠᠯᠠᠨ |
ᠰᠡᠷᠭᠦᠭᠡᠬᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ ᠃ ᠤᠰᠤ |
ᠰᠢᠷᠤᠢ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠪᠠᠰᠠ ᠣᠯᠠᠨ ᠡᠰᠢᠵᠢᠭᠰᠡᠨ |
ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠤᠰᠤ ᠰᠢᠷᠤᠢ ᠶᠢᠨ |
ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠲᠤᠬᠠᠶ |
ᠲᠣᠳᠣᠷᠬᠠᠶ ᠲᠣᠭᠲᠠᠭᠠᠯ ᠭᠠᠷᠭᠠᠪᠠ ᠃ |
︵ᠭᠤᠷᠪᠠ︶ ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠵᠠᠶᠢᠯᠠᠰᠢ ᠦᠭᠡᠶ ᠱᠠᠭᠠᠷᠳᠠᠯᠭ᠎ᠠ ᠶᠢ |
ᠲᠦᠷᠭᠡᠳᠬᠡᠨ ᠠᠬᠢᠭᠤᠯᠬᠤ ᠬᠡᠷᠡᠭᠲᠡᠶ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ |
ᠤᠯᠤᠰ ᠤᠨ ᠤᠰᠤ ᠰᠢᠷᠤᠢ ᠶᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠂ ᠤᠰᠤ ᠰᠢᠷᠤᠢ ᠶᠢᠨ |
ᠢᠳᠡᠭᠳᠡᠯ ᠤᠨ ᠲᠠᠯᠠᠪᠠᠶ ᠪᠣᠯᠤᠨ ᠬᠦᠴᠦᠯᠡᠴᠡ ᠨᠢ ᠦᠷᠭᠦᠯᠵᠢᠯᠡᠨ ︽ᠬᠤᠤᠰ ᠪᠠᠭᠤᠷᠠᠯᠲᠠ︾ ᠢᠯᠡᠷᠡᠪᠡ ᠂ ᠭᠡᠪᠡᠴᠦ |
ᠮᠠᠨ ᠤ ᠤᠯᠤᠰ ᠤᠨ ᠤᠰᠤ ᠰᠢᠷᠤᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠪᠠᠰᠠ ᠲᠣᠭᠲᠠᠭᠤᠨ |
ᠪᠤᠰᠤ ᠪᠠᠶᠢᠵᠤ ᠂ ᠮᠥᠨ ᠬᠦ 140 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠤᠰᠤ ᠰᠢᠷᠤᠢ ᠶᠢᠨ ᠢᠳᠡᠭᠳᠡᠯ ᠤᠨ |
ᠲᠠᠯᠠᠪᠠᠶ ᠶᠢ ᠵᠠᠰᠠᠬᠤ ᠴᠢᠬᠤᠯᠠ ᠲᠠᠢ ᠪᠠᠶᠢᠵᠤ ᠂ ᠰᠡᠷᠭᠡᠶᠢᠯᠡᠨ ᠵᠠᠰᠠᠬᠤ ᠡᠭᠦᠷᠭᠡ ᠮᠥᠨ ᠬᠦ ᠨᠦᠰᠡᠷ ᠬᠦᠨᠳᠦ ᠪᠠᠶᠢᠵᠤ ᠂ |
ᠤᠰᠤ ᠰᠢᠷᠤᠢ ᠶᠢᠨ ᠢᠳᠡᠭᠳᠡᠯ ᠢ ᠵᠠᠰᠠᠬᠤ ᠪᠡᠯᠡ ᠣᠷᠣᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ |
ᠴᠢᠩᠭᠠᠷᠠᠭᠤᠯᠤᠭᠰᠠᠨ ᠬᠡᠷᠡᠭᠴᠡᠭᠡ ᠱᠠᠭᠠᠷᠳᠠᠯᠭ᠎ᠠ ᠮᠥᠨ ᠬᠦ ᠴᠢᠩᠭ᠎ᠠ ᠪᠠᠶᠢᠭᠰᠠᠭᠠᠷ ᠃ ᠡᠭᠦᠨ ᠤ ᠬᠠᠮᠲᠤ ᠂ ᠤᠰᠤ |
ᠰᠢᠷᠤᠢ ᠶᠢᠨ ᠢᠳᠡᠭᠳᠡᠯ ᠢ ᠵᠠᠰᠠᠬᠤ ᠪᠣᠯ ᠨᠢᠭᠡ ᠵᠦᠢᠯ ᠤᠨ ᠤᠷᠲᠤ ᠬᠤᠭᠤᠴᠠᠭᠠᠨ ᠤ ᠡᠭᠦᠷᠭᠡ ᠪᠣᠯᠬᠤ ᠪᠥᠭᠡᠳ ᠪᠠᠰᠠ |
ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠨᠡᠯᠢᠶᠡᠳ ᠴᠢᠩᠭ᠎ᠠ ᠪᠣᠯᠬᠤᠷ ᠂ ᠥᠩᠭᠡᠷᠡᠭᠰᠡᠨ ᠵᠢᠯ ᠤᠳ ᠤᠨ ᠲᠤᠷᠰᠢ |
ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠪᠠᠷ ᠢᠯᠡᠭᠦᠬᠡᠨ ᠭᠤᠤᠯ ᠪᠣᠯᠭᠠᠨ ᠂ |
ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠶᠢ ᠲᠦᠷᠭᠡᠳᠬᠡᠨ ᠠᠬᠢᠭᠤᠯᠵᠤ ᠂ ᠤᠰᠤ ᠰᠢᠷᠤᠢ ᠶᠢᠨ |
ᠢᠳᠡᠭᠳᠡᠯ ᠢ ᠵᠠᠰᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠤᠰᠤ ᠰᠢᠷᠤᠢ ᠶᠢ ᠬᠠᠮᠠᠭᠠᠯᠠᠬᠤ |
ᠬᠦᠷᠢᠶ᠎ᠡ ᠶᠢ ᠥᠷᠭᠡᠵᠢᠭᠦᠯᠬᠦ ᠪᠡᠯᠡ ᠮᠥᠩᠭᠦ ᠬᠤᠷᠠᠮᠳᠤᠭᠤᠯᠬᠤ ᠠᠷᠭ᠎ᠠ ᠵᠠᠮ ᠢ ᠲᠤᠯᠭᠠᠮ᠎ᠠ ᠱᠠᠭᠠᠷᠳᠠᠵᠤ ᠪᠤᠶ ᠃ ︽ |
ᠵᠢᠯᠣᠭᠤᠳᠬᠤ ᠰᠠᠨᠠᠯ︾ ᠢ ᠲᠣᠭᠲᠠᠭᠠᠬᠤ ᠨᠢ ᠤᠰᠤ ᠰᠢᠷᠤᠢ ᠶᠢ ᠬᠠᠮᠠᠭᠠᠯᠠᠬᠤ ᠪᠡᠯᠡ ᠣᠷᠣᠭᠤᠯᠤᠯᠲᠠ ᠶᠢᠨ |
ᠢᠷᠡᠯᠲᠡ ᠶᠢᠨ ᠠᠷᠭ᠎ᠠ ᠵᠠᠮ ᠪᠣᠯᠤᠨ ᠬᠡᠪᠴᠢᠶ᠎ᠡ ᠶᠢ ᠥᠷᠭᠡᠳᠬᠡᠬᠦ ᠂ ᠤᠰᠤ ᠰᠢᠷᠤᠢ ᠶᠢ ᠬᠠᠮᠠᠭᠠᠯᠠᠬᠤ |
ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠲᠣᠭᠲᠠᠴᠠ ᠶᠢ ᠲᠡᠭᠦᠯᠳᠡᠷᠵᠢᠭᠦᠯᠬᠦ ᠂ ᠤᠰᠤ ᠰᠢᠷᠤᠢ ᠶᠢᠨ |
ᠢᠳᠡᠭᠳᠡᠯ ᠢ ᠵᠠᠰᠠᠬᠤ ᠶᠢ ᠲᠦᠷᠭᠡᠳᠬᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ |
ᠬᠤᠶᠠᠷ ᠂ ᠭᠤᠣᠯ ᠠᠭᠤᠯᠭ᠎ᠠ |
︽ᠵᠢᠯᠣᠭᠤᠳᠬᠤ ᠰᠠᠨᠠᠯ︾ ᠳᠤ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ |
ᠣᠷᠣᠯᠴᠠᠬᠤ ᠶᠢ ᠵᠣᠷᠢᠭᠵᠢᠭᠤᠯᠤᠨ ᠳᠡᠮᠵᠢᠬᠦ ᠶᠢᠨ ᠴᠢᠬᠤᠯᠠ ᠴᠢᠨᠠᠷ ᠂ ᠪᠠᠷᠢᠯᠭ᠎ᠠ ᠶᠢᠨ ᠲᠥᠷᠥᠯ ᠵᠦᠢᠯ ᠤᠨ ᠲᠥᠷᠥᠯ |
ᠬᠡᠯᠪᠡᠷᠢ ᠵᠢᠴᠢ ᠠᠰᠢᠭ ᠬᠦᠷᠲᠡᠬᠦ ᠠᠷᠭ᠎ᠠ ᠮᠠᠶ᠋ᠢᠭ ᠂ ᠳᠡᠮᠵᠢᠬᠦ ᠲᠥᠷᠥ ᠶᠢᠨ ᠪᠣᠳᠣᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ |
ᠵᠡᠷᠭᠡ ᠳᠥᠷᠪᠡᠨ ᠬᠡᠰᠡᠭ ᠨᠡᠶᠢᠲᠡ 11 ᠵᠦᠢᠯ ᠪᠠᠭᠲᠠᠨ᠎ᠠ ᠃ |
︵ᠨᠢᠭᠡ︶ ᠴᠢᠬᠤᠯᠠ ᠴᠢᠨᠠᠷ ᠃ ᠭᠤᠤᠯᠳᠠᠭᠤ ︽ᠵᠢᠯᠣᠭᠤᠳᠬᠤ ᠰᠠᠨᠠᠯ︾ ᠳᠤ ᠲᠣᠭᠲᠠᠭᠠᠭᠰᠠᠨ ᠬᠤᠯᠪᠣᠭᠳᠠᠯ |
ᠪᠥᠬᠦᠶ ᠠᠬᠤᠶ ᠪᠠᠶᠢᠳᠠᠯ ᠵᠢᠴᠢ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠵᠦ ᠂ ᠤᠰᠤ |
ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠳᠡᠮᠵᠢᠬᠦ |
ᠪᠣᠯ ᠤᠰᠤ ᠰᠢᠷᠤᠢ ᠶᠢ ᠬᠠᠮᠠᠭᠠᠯᠠᠬᠤ ᠴᠢᠳᠠᠮᠵᠢ ᠪᠠ ᠠᠮᠢ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ |
ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ |
ᠣᠷᠣᠰᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠲᠣᠳᠣᠷᠬᠠᠶ ᠲᠣᠭᠲᠠᠭᠠᠪᠠ ᠃ |
︵ᠬᠤᠶᠠᠷ︶ ᠪᠠᠷᠢᠯᠭ᠎ᠠ ᠶᠢᠨ ᠲᠥᠷᠥᠯ ᠵᠦᠢᠯ ᠵᠢᠴᠢ ᠠᠰᠢᠭ ᠬᠦᠷᠲᠡᠬᠦ ᠠᠷᠭ᠎ᠠ ᠮᠠᠶ᠋ᠢᠭ ᠃ ᠭᠤᠤᠯᠳᠠᠭᠤ |
ᠨᠡᠶᠢᠭᠡᠮ ᠤᠨ ᠬᠥᠷᠥᠩᠭᠡ ᠠᠴᠠ ᠪᠠᠯᠠ ᠣᠷᠣᠭᠤᠯᠤᠨ ᠣᠷᠣᠯᠴᠠᠵᠤ ᠪᠣᠯᠬᠤ ᠤᠰᠤ ᠰᠢᠷᠤᠢ ᠶᠢ ᠬᠠᠮᠠᠭᠠᠯᠠᠬᠤ |
ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠵᠢᠴᠢ ᠪᠣᠳᠠᠲᠠᠶ ᠭᠤᠭᠴᠤᠭ᠎ᠠ ᠳᠤ ᠲᠣᠭᠲᠠᠭᠠᠯ ᠭᠠᠷᠭᠠᠭᠰᠠᠨ |
ᠪᠥᠭᠡᠳ ᠨᠡᠶᠢᠭᠡᠮ ᠤᠨ ᠬᠥᠷᠥᠩᠭᠡ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠬᠤᠶᠠᠷ |
ᠳᠠᠪᠬᠤᠷᠭ᠎ᠠ ᠠᠴᠠ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠪᠠᠯᠠ ᠣᠷᠣᠭᠤᠯᠤᠨ ᠣᠷᠣᠯᠴᠠᠭᠰᠠᠨ ᠤ ᠳᠠᠷᠠᠭ᠎ᠠ |
ᠬᠠᠤᠯᠢ ᠲᠣᠭᠲᠠᠭᠠᠯ ᠶᠣᠰᠣᠭᠠᠷ ᠵᠦᠶ ᠵᠣᠬᠢᠰᠲᠠᠶ ᠠᠰᠢᠭ ᠤᠯᠬᠤ ᠭᠤᠤᠯ ᠠᠷᠭ᠎ᠠ ᠵᠠᠮ ᠢ ᠲᠣᠳᠣᠷᠬᠠᠶ ᠲᠣᠭᠲᠠᠭᠠᠪᠠ ᠃ |
︵ᠭᠤᠷᠪᠠ︶ ᠳᠡᠮᠵᠢᠬᠦ ᠲᠥᠷᠥ ᠶᠢᠨ ᠪᠤᠳᠣᠯᠭ᠎ᠠ ᠃ ᠭᠤᠤᠯᠳᠠᠭᠤ ᠠᠵᠤ ᠦᠢᠯᠡᠰ ᠤᠨ ᠨᠡᠭᠡᠭᠡᠯᠲᠡ ᠬᠢᠬᠦ ᠳᠤ |
ᠬᠡᠷᠡᠭᠯᠡᠬᠦ ᠭᠠᠵᠠᠷ ᠂ ᠮᠥᠩᠭᠦᠨ ᠭᠦᠢᠯᠭᠡᠭᠡᠨ ᠂ ᠥᠮᠴᠢᠯᠡᠬᠦ ᠡᠷᠬᠡ ᠂ ᠣᠷᠣᠭᠤᠯᠤᠯᠲᠠ ᠂ ᠪᠤᠰᠤᠳ ᠵᠡᠷᠭᠡ ᠲᠠᠪᠤᠨ ᠶᠡᠭᠡ |
ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠭᠲᠠᠨ᠎ᠠ ᠃ |
ᠠᠵᠤ ᠦᠢᠯᠡᠰ ᠤᠨ ᠨᠡᠭᠡᠭᠡᠨ ᠬᠥᠭᠵᠢᠭᠦᠯᠬᠦ ᠳᠤ ᠭᠠᠵᠠᠷ ᠬᠡᠷᠡᠭᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ |
ᠲᠤᠬᠠᠢ ᠃ ︽ᠠᠮᠢ ᠠᠬᠤᠶ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ |
ᠵᠣᠷᠢᠭᠵᠢᠭᠤᠯᠬᠤ ᠪᠠ ᠳᠡᠮᠵᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ |
ᠰᠠᠨᠠᠯ︾ ᠳᠤ᠄ ︽ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠲᠥᠪᠯᠡᠷᠡᠭᠦᠯᠦᠨ ᠥᠷᠨᠢᠭᠦᠯᠬᠦ ᠨᠢ ᠵᠣᠬᠢᠬᠤ |
ᠬᠡᠪᠴᠢᠶ᠎ᠡ ᠪᠠ ᠵᠢᠱᠢᠭᠰᠡᠨ ᠬᠠᠷᠠᠯᠲᠠ ᠳᠤ ᠬᠦᠷᠦᠭᠰᠡᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠭᠤᠤᠯ ᠴᠣᠭᠴᠠ ᠳᠤ |
ᠬᠠᠤᠯᠢ ᠲᠣᠭᠲᠠᠭᠠᠯ ᠶᠣᠰᠣᠭᠠᠷ ᠵᠣᠬᠢᠬᠤ ᠬᠤᠪᠢ ᠶᠢᠨ ᠲᠣᠭᠠᠨ ᠤ ᠪᠠᠶᠢᠭᠠᠯᠢ ᠶᠢᠨ ᠡᠬᠢ ᠪᠠᠶᠠᠯᠢᠭ ᠡᠳ᠋ |
ᠬᠥᠷᠥᠩᠭᠡ ᠶᠢᠨ ᠬᠡᠷᠡᠭᠯᠡᠬᠦ ᠡᠷᠬᠡ ᠶᠢ ᠣᠯᠵᠤ ᠂ ᠵᠢᠭᠤᠯᠴᠢᠯᠠᠯ ᠂ ᠡᠷᠡᠭᠦᠯᠵᠢᠯ ᠰᠤᠪᠢᠯᠠᠯᠲᠠ ᠂ ᠪᠡᠶ᠎ᠡ ᠶᠢᠨ ᠲᠠᠮᠢᠷ ᠂ |
ᠪᠡᠯᠡᠳᠭᠡᠮᠵᠢᠳᠤ ᠲᠠᠷᠢᠶᠠᠯᠠᠩ ᠵᠡᠷᠭᠡ ᠠᠵᠤ ᠦᠢᠯᠡᠰ ᠢ ᠨᠡᠭᠡᠭᠡᠨ ᠬᠥᠭᠵᠢᠭᠦᠯᠬᠦ ᠶᠢ ᠵᠥᠪᠰᠢᠶᠡᠷᠡᠨ᠎ᠡ︔ ᠡᠭᠦᠨ ᠳᠤ ᠣᠶ |
ᠰᠢᠭᠤᠶ ᠡᠪᠡᠰᠦ ᠪᠡᠯᠴᠢᠭᠡᠷ ᠢ ᠵᠠᠰᠠᠨ ᠰᠡᠷᠭᠦᠭᠡᠬᠦ ᠪᠠᠷ ᠭᠤᠤᠯ ᠪᠣᠯᠭᠠᠭᠰᠠᠨ ᠲᠥᠷᠥᠯ ᠵᠦᠢᠯ ᠢ ᠠᠰᠢᠭᠯᠠᠵᠤ ᠪᠣᠯᠬᠤ |
ᠪᠥᠭᠡᠳ ᠠᠰᠢᠭᠯᠠᠵᠤ ᠪᠣᠯᠬᠤ ᠶᠢ 3% ᠠᠴᠠ ᠬᠡᠲᠦᠷᠡᠭᠦᠯᠬᠦ ᠥᠬᠡᠶ ᠂ ᠠᠮᠢ ᠠᠬᠤᠶ ᠶᠢᠨ ᠠᠵᠤ ᠦᠢᠯᠡᠰ ᠢ ᠨᠡᠭᠡᠭᠡᠨ |
ᠬᠥᠭᠵᠢᠭᠦᠯᠵᠦ ᠪᠣᠯᠤᠨ᠎ᠠ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ |
ᠲᠣᠭᠲᠠᠭᠠᠯ ᠢ ᠭᠦᠢᠴᠡᠳ ᠵᠣᠯᠭᠠᠭᠤᠯᠵᠤ ᠂ ᠨᠡᠶᠢᠭᠡᠮ ᠤᠨ ᠬᠥᠷᠥᠩᠭᠡ ᠶᠢᠨ ᠭᠤᠤᠯ ᠴᠣᠭᠴᠠ ᠶᠢᠨ ᠤᠰᠤ ᠰᠢᠷᠤᠢ ᠶᠢᠨ |
ᠢᠳᠡᠭᠳᠡᠯ ᠢ ᠵᠠᠰᠠᠬᠤ ᠠᠵᠢᠯ ᠢ ᠪᠥᠬᠦ ᠲᠤᠭ᠎ᠠ ᠪᠠᠷ ᠲᠥᠪᠯᠡᠷᠡᠭᠦᠯᠦᠨ ᠵᠠᠯᠭᠠᠯᠳᠤᠭᠤᠯᠤᠨ ᠥᠷᠨᠢᠭᠦᠯᠵᠦ ᠪᠣᠯᠬᠤ ᠶᠢ |
ᠲᠣᠳᠣᠷᠬᠠᠶᠢᠯᠠᠭᠰᠠᠨ ᠤ ᠳᠠᠷᠠᠭ᠎ᠠ ᠂ ᠬᠠᠤᠯᠢ ᠲᠣᠭᠲᠠᠭᠠᠯ ᠶᠣᠰᠣᠭᠠᠷ ᠵᠣᠬᠢᠬᠤ ᠬᠠᠷᠢᠴᠠᠯ ᠤᠨ ᠰᠢᠨ᠎ᠡ ᠪᠠᠷ ᠨᠡᠮᠡᠭᠳᠡᠭᠰᠡᠨ |
ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠣᠯᠵᠤ ᠪᠣᠯᠬᠤ ᠶᠢ ᠲᠣᠳᠣᠷᠬᠠᠶᠢᠯᠠᠬᠤ ᠶᠢᠨ |
ᠬᠠᠮᠲᠤ ᠂ ᠣᠶᠢᠷ᠎ᠠ ᠶᠢᠨ ᠵᠢᠯ ᠤᠳ ᠲᠤ ᠡᠯ᠎ᠡ ᠭᠠᠵᠠᠷ ᠤᠨ ᠬᠡᠷᠡᠭᠵᠢᠭᠦᠯᠦᠭᠰᠡᠨ ᠤᠰᠤ ᠰᠢᠷᠤᠢ ᠶᠢ ᠬᠠᠮᠠᠭᠠᠯᠠᠬᠤ |
ᠭᠤᠤᠯᠳᠠᠯᠭ᠎ᠠ ᠲᠠᠢ ᠢᠨᠵᠧᠨᠧᠷᠢᠩ ᠤᠨ ᠵᠠᠰᠠᠯᠲᠠ ᠶᠢᠨ ᠬᠡᠪᠴᠢᠶ᠎ᠡ ᠪᠠᠷ ᠯᠠᠪᠯᠠᠯᠲᠠ ᠪᠣᠯᠭᠠᠵᠤ ᠂ ᠠᠳᠠᠯᠢ ᠪᠤᠰᠤ ᠲᠥᠷᠥᠯ |
ᠵᠦᠢᠯ ᠤᠨ ᠵᠠᠰᠠᠯᠲᠠ ᠶᠢᠨ ᠲᠠᠯᠠᠪᠠᠶ ᠶᠢᠨ ᠳᠣᠣᠷᠠᠳᠤ ᠬᠢᠵᠠᠭᠠᠷ ᠢ ᠨᠠᠷᠢᠯᠢᠬᠵᠢᠭᠤᠯᠤᠨ ᠲᠣᠳᠣᠷᠬᠠᠶᠢᠯᠠᠪᠠ ᠂ ᠳᠠᠷᠤᠶ ︽ |
ᠵᠢᠵᠢᠭ ᠰᠠᠪᠠ ᠭᠠᠵᠠᠷ ᠤᠨ ᠶᠡᠷᠦᠩᠬᠡᠶᠢᠯᠡᠨ ᠵᠠᠰᠠᠬᠤ ᠲᠠᠯᠠᠪᠠᠶ ᠶᠢ 5000 ᠮᠦ ᠠᠴᠠ ᠪᠠᠭ᠎ᠠ ᠪᠤᠰᠤ ᠪᠠᠶᠢᠯᠭᠠᠵᠤ ᠂ |
ᠨᠠᠯᠠᠤ ᠲᠠᠷᠢᠶᠠᠨ ᠭᠠᠵᠠᠷ ᠤᠨ ᠲᠠᠯᠠᠪᠠᠶ ᠶᠢ 500 ᠮᠦ ᠠᠴᠠ ᠪᠠᠭ᠎ᠠ ᠪᠤᠰᠤ ᠶᠡᠷᠦᠩᠬᠡᠶᠢᠯᠡᠨ ᠵᠠᠰᠠᠵᠤ ᠂ ᠨᠤᠷᠠᠯᠲᠠ ᠶᠢᠨ |
ᠭᠠᠵᠠᠷ ᠢ ᠵᠠᠰᠠᠭᠰᠠᠨ ᠲᠠᠯᠠᠪᠠᠢ ᠶᠢ 250 ᠮᠦ ᠠᠴᠠ ᠪᠠᠭ᠎ᠠ ᠪᠠᠶᠢᠯᠭᠠᠵᠤ ᠪᠣᠯᠬᠤ ᠦᠭᠡᠢ︾ ᠭᠡᠵᠦ ᠶᠡᠷᠦᠩᠬᠡᠶᠢᠯᠡᠨ |
ᠴᠡᠭᠴᠡᠯᠡᠨ ᠵᠠᠰᠠᠪᠠ ᠃ |
ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠃ 2022 ᠣᠨ ᠠᠴᠠ |
ᠨᠠᠭᠠᠰᠢ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠂ |
ᠤᠰᠤᠨ ᠠᠰᠢᠭᠯᠠᠯᠲᠠ ᠶᠢᠨ ᠶᠠᠮᠤᠨ ᠵᠢᠴᠢ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠭᠤᠷᠢ |
ᠲᠥᠬᠦᠭᠡᠷᠦᠮᠵᠢ ᠶᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ |
ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ |
ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ ᠂ ︽ᠤᠯᠤᠰ ᠤᠨ ᠬᠥᠭᠵᠢᠭᠦᠯᠦᠯᠲᠡ ᠪᠠ |
ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠶᠠᠮᠤᠨ ᠤ ︿ᠵᠠᠰᠠᠭ ᠤᠨ ᠣᠷᠳᠣᠨ ᠪᠠ ᠨᠡᠶᠢᠭᠡᠮ ᠤᠨ |
ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ |
ᠰᠠᠨᠠᠯ﹀︾ ᠂ ︽ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠤᠯᠲᠠ ᠲᠠᠷᠢᠶᠠᠯᠠᠩ ᠬᠥᠳᠡᠭᠡ ᠲᠣᠰᠬᠤᠨ ᠤ |
ᠵᠢᠯᠣᠭᠤᠳᠣᠯᠭ᠎ᠠ ︵2022 ᠣᠨ︶︾ ᠂ ︽ᠤᠰᠤᠨ ᠠᠰᠢᠭᠯᠠᠯᠲᠠ ᠶᠢᠨ ᠶᠠᠮᠤᠨ ᠳᠤᠮᠳᠠᠳᠤ ᠤᠯᠤᠰ ᠤᠨ |
ᠠᠷᠠᠳ ᠤᠨ ᠪᠠᠩᠬᠢ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ |
ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠶ ᠰᠠᠨᠠᠯ︾ |
ᠵᠡᠷᠭᠡ ᠶᠢ ᠳᠠᠷᠤᠮᠠᠯᠯᠠᠨ ᠲᠠᠷᠬᠠᠭᠠᠵᠤ ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ |
ᠲᠣᠭᠲᠠᠴᠠ ᠶᠢᠨ ᠰᠢᠨ᠎ᠡ ᠶᠢ ᠡᠭᠦᠳᠦᠨ ᠥᠷᠭᠡᠳᠬᠡᠬᠦ ᠶᠢ ᠠᠬᠢᠭᠤᠯᠵᠤ ᠂ ᠠᠷᠠᠳ ᠤᠨ ᠪᠠᠯᠠ ᠣᠷᠣᠭᠤᠯᠤᠯᠲᠠ ᠶᠢᠨ |
ᠠᠮᠢᠵᠢᠷᠠᠯ ᠤᠨ ᠬᠦᠴᠦᠨ ᠢ ᠬᠥᠭᠵᠢᠭᠡᠪᠡ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠦᠬᠦᠢ ᠲᠥᠷᠥ ᠶᠢᠨ |
ᠪᠣᠳᠣᠯᠭ᠎ᠠ ᠶᠢ ᠨᠢᠭᠲᠠ ᠵᠣᠯᠭᠠᠯᠳᠤᠭᠤᠯᠵᠤ ᠂ ᠣᠷᠣᠨ ᠨᠤᠲᠤᠭ ᠤᠨ ᠤᠯᠤᠰ ᠤᠨ ᠵᠢᠭᠡᠯᠡᠯᠭᠡ ᠂ ᠣᠷᠣᠨ ᠨᠤᠲᠤᠭ ᠤᠨ |
ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠂ ᠮᠥᠩᠭᠦᠨ ᠭᠦᠢᠯᠭᠡᠭᠡᠨ ᠤ ᠢᠲᠡᠭᠡᠮᠵᠢᠲᠦ |
ᠵᠢᠭᠡᠯᠡᠯᠭᠡ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠬᠤ ᠂ ᠤᠯᠠᠨ ᠡᠰᠢᠵᠢᠭᠰᠡᠨ ᠪᠡᠯᠡ |
ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠴᠦ ᠂ ᠨᠡᠶᠢᠭᠡᠮ ᠤᠨ ᠬᠥᠷᠥᠩᠭᠡ ᠶᠢ ᠲᠠᠳᠠᠨ ᠤᠰᠤ |
ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠤᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠰᠤ |
ᠰᠢᠷᠤᠢ ᠶᠢ ᠬᠠᠮᠠᠭᠠᠯᠠᠬᠤ ᠲᠥᠷᠥᠯ ᠵᠦᠢᠯ ᠳᠤ ᠣᠷᠣᠯᠴᠠᠬᠤ ᠶᠢ ᠳᠡᠮᠵᠢᠵᠦ ᠂ ᠲᠣᠬᠢᠷᠠᠮᠵᠢᠲᠠᠶ ᠮᠥᠩᠭᠦᠨ ᠭᠦᠢᠯᠭᠡᠭᠡᠨ ᠤ |
ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠬᠦ ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠬᠦ ᠶᠢ |
ᠳᠡᠮᠵᠢᠵᠦ ᠂ ᠤᠰᠤ ᠰᠢᠷᠤᠢ ᠶᠢᠨ ᠢᠳᠡᠭᠳᠡᠯ ᠢ ᠵᠠᠰᠠᠬᠤ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ |
ᠲᠤᠬᠠᠶ ᠲᠣᠳᠣᠷᠬᠠᠶ ᠲᠣᠭᠲᠠᠭᠠᠯ ᠭᠠᠷᠭᠠᠪᠠ ᠃ |
ᠥᠮᠴᠢᠯᠡᠬᠦ ᠡᠷᠬᠡ ᠶᠢ ᠳᠡᠮᠵᠢᠬᠦ ᠲᠥᠷᠥ ᠶᠢᠨ ᠪᠤᠳᠣᠯᠭ᠎ᠠ ᠃ ᠵᠠᠰᠠᠯᠲᠠ ᠳᠤ ᠣᠷᠣᠯᠴᠠᠭᠰᠠᠨ ᠤ ᠳᠠᠷᠠᠭ᠎ᠠ |
ᠣᠯᠤᠭᠰᠠᠨ ᠭᠠᠵᠠᠷ ᠰᠢᠷᠣᠶ ᠬᠡᠷᠡᠭᠯᠡᠬᠦ ᠡᠷᠬᠡ ᠵᠡᠷᠭᠡ ᠬᠠᠤᠯᠢ ᠶᠣᠰᠣᠭᠠᠷ ᠡᠷᠭᠢᠯᠳᠦᠭᠦᠯᠦᠨ ᠰᠢᠢᠳᠪᠦᠷᠢᠯᠡᠬᠦ ᠡᠷᠬᠡ |
ᠠᠰᠢᠭ ᠢ ᠨᠢ ᠲᠣᠳᠣᠷᠬᠠᠶᠢᠯᠠᠬᠤ ᠪᠣᠯ ᠨᠡᠶᠢᠭᠡᠮ ᠤᠨ ᠬᠥᠷᠥᠩᠭᠡ ᠶᠢᠨ ᠪᠡᠶᠡᠴᠢ ᠴᠣᠭᠴᠠ ᠶᠢᠨ ᠬᠠᠤᠯᠢ ᠶᠣᠰᠣᠨ ᠤ ᠡᠷᠬᠡ |
ᠠᠰᠢᠭ ᠢ ᠪᠠᠲᠤᠯᠠᠬᠤ ᠂ ᠪᠡᠯᠡ ᠣᠷᠣᠭᠤᠯᠤᠯᠲᠠ ᠶᠢᠨ ᠢᠳᠡᠪᠬᠢ ᠴᠢᠨᠠᠷ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ |
ᠮᠥᠨ ᠃ ︽ᠵᠢᠯᠣᠭᠤᠳᠬᠤ ᠰᠠᠨᠠᠯ︾ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠠᠭᠤᠷᠢᠨ |
ᠳᠡᠭᠡᠷ᠎ᠡ ᠂ ᠨᠡᠶᠢᠭᠡᠮ ᠤᠨ ᠬᠥᠷᠥᠩᠭᠡ ᠶᠢᠨ ᠬᠠᠮᠢᠶ᠎ᠠ ᠪᠦᠬᠦᠢ ᠡᠷᠬᠡ ᠠᠰᠢᠭ ᠲᠤ ᠲᠣᠭᠲᠠᠭᠠᠯ ᠭᠠᠷᠭᠠᠵᠤ ᠂ ︽ᠬᠡᠨ ᠪᠡᠯᠡ |
ᠣᠷᠣᠭᠤᠯᠪᠠᠯ ᠂ ᠬᠡᠨ ᠠᠰᠢᠭ ᠬᠦᠷᠲᠡᠬᠦ︾ ᠵᠠᠷᠴᠢᠮ ᠶᠣᠰᠣᠭᠠᠷ ᠂ ᠨᠡᠶᠢᠭᠡᠮ ᠤᠨ ᠬᠥᠷᠥᠩᠭᠡ ᠶᠢᠨ ᠭᠤᠣᠯ ᠴᠣᠭᠴᠠ ᠨᠢ |
ᠤᠰᠤ ᠰᠢᠷᠣᠢ ᠶᠢ ᠬᠠᠮᠠᠭᠠᠯᠠᠬᠤ ᠢᠨᠵᠧᠨᠧᠷᠢᠩ ᠢ ᠪᠦᠲᠦᠭᠡᠨ ᠪᠠᠶᠢᠭᠤᠯᠵᠤ ᠤᠰᠤ ᠰᠢᠷᠣᠢ ᠶᠢᠨ ᠢᠳᠡᠭᠳᠡᠯ ᠢ |
ᠵᠠᠰᠠᠬᠤ ᠶᠢᠨ ᠬᠠᠮᠲᠤ ᠬᠠᠤᠯᠢ ᠶᠣᠰᠣᠭᠠᠷ ᠣᠯᠣᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠵᠡᠷᠭᠡ ᠬᠠᠮᠢᠶ᠎ᠠ ᠪᠦᠬᠦᠢ |
ᠡᠷᠬᠡ ᠠᠰᠢᠭ ᠲᠤ ᠪᠦᠬᠦ ᠲᠤᠭ᠎ᠠ ᠪᠠᠷ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠂ ᠵᠠᠰᠠᠵᠤ ᠰᠡᠷᠭᠦᠭᠡᠬᠦ |
ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠂ ᠬᠠᠤᠯᠢ ᠲᠣᠭᠲᠠᠭᠠᠯ ᠶᠣᠰᠣᠭᠠᠷ ᠡᠷᠭᠢᠯᠳᠦᠭᠦᠯᠬᠦ ᠶᠢᠨ ᠬᠠᠮᠲᠤ ᠵᠣᠬᠢᠬᠤ |
ᠠᠰᠢᠭ ᠣᠷᠣᠯᠭ᠎ᠠ ᠣᠯᠵᠤ ᠪᠣᠯᠣᠨ᠎ᠠ ᠭᠡᠵᠦ ᠲᠣᠳᠣᠷᠬᠠᠶᠢᠯᠠᠪᠠ ᠃ |
ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢᠨ ᠲᠤᠬᠠᠢ ᠃ ᠤᠰᠤᠨ ᠠᠰᠢᠭᠯᠠᠯᠲᠠ ᠶᠢᠨ ᠶᠠᠮᠤᠨ ᠠᠴᠠ ︽ |
ᠤᠰᠤ ᠰᠢᠷᠤᠢ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ |
ᠠᠬᠢᠭᠤᠯᠬᠤ ᠶᠢᠨ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ |
ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ ᠂ ᠣᠷᠣᠨ ᠨᠤᠲᠤᠭ ᠢ ᠵᠢᠯᠣᠭᠤᠳᠤᠨ ᠳᠡᠮᠵᠢᠵᠦ ᠪᠠᠶᠢᠭᠠᠳ |
ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠵᠠᠭᠪᠤᠷ ᠢ ᠠᠪᠴᠤ ᠂ ᠨᠡᠶᠢᠭᠡᠮ ᠤᠨ ᠬᠥᠷᠥᠩᠭᠡ ᠶᠢ ᠲᠠᠲᠠᠵᠤ ᠤᠰᠤ |
ᠰᠢᠷᠤᠢ ᠶᠢᠨ ᠢᠳᠡᠭᠳᠡᠯ ᠢ ᠵᠠᠰᠠᠬᠤ ᠳᠤ ᠣᠷᠣᠯᠴᠠᠭᠤᠯᠬᠤ ᠬᠡᠷᠡᠭᠲᠡᠶ ᠃ ᠨᠠᠮ ᠤᠨ ᠲᠥᠪ ᠬᠤᠷᠢᠶᠠᠨ ᠤ ᠠᠯᠪᠠᠨ |
ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ |
ᠴᠠᠭ ᠦᠶ᠎ᠡ ᠶᠢᠨ ᠤᠰᠤ ᠰᠢᠷᠤᠢ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠰᠠᠨᠠᠯ︾ ᠳᠤ ︽ᠱᠠᠩᠨᠠᠬᠤ ᠪᠠᠷ |
ᠨᠥᠬᠦᠪᠥᠷᠢ ᠶᠢ ᠣᠷᠣᠯᠠᠭᠤᠯᠬᠤ ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠪᠥᠲᠥᠭᠡᠨ |
ᠪᠠᠶᠢᠭᠤᠯᠤᠯᠲᠠ ᠶᠢᠨ ᠵᠠᠭᠪᠤᠷ ᠢ ᠢᠳᠡᠪᠬᠢᠲᠡᠶ ᠬᠡᠷᠡᠭᠵᠢᠭᠦᠯᠵᠦ ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠂ |
ᠭᠠᠵᠠᠷ ᠰᠢᠷᠣᠶ ᠶᠢᠨ ᠬᠡᠷᠡᠭᠯᠡᠭᠴᠢ ᠂ ᠳᠠᠭᠠᠭᠠᠴᠢᠯᠠᠨ ᠡᠵᠡᠩᠨᠡᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ |
ᠨᠡᠶᠢᠭᠡᠮ ᠤᠨ ᠬᠥᠷᠥᠩᠭᠡ ᠪᠠ ᠵᠠᠰᠠᠯᠲᠠ ᠶᠢᠨ ᠣᠷᠣᠨ ᠤ ᠣᠯᠠᠨ ᠲᠦᠮᠡᠨ ᠤ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠪᠠ ᠬᠥᠲᠥᠯᠦᠨ ᠵᠢᠯᠣᠭᠤᠳᠤᠨ᠎ᠠ ᠭᠡᠵᠦ ᠲᠣᠳᠣᠷᠬᠠᠶ ᠳᠤᠷᠠᠳᠤᠨ |
ᠭᠠᠷᠭᠠᠵᠠᠢ︾ ᠃ ︽ᠵᠢᠯᠣᠭᠤᠳᠬᠤ ᠰᠠᠨᠠᠯ︾ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ |
ᠣᠷᠣᠨ ᠨᠤᠲᠤᠭ ᠤᠨ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠭᠡᠨ ᠠᠪᠴᠤ ᠂ ᠣᠷᠣᠨ ᠨᠤᠲᠤᠭ ᠤᠨ ᠬᠢᠨ ᠤ |
ᠣᠳᠣ ᠶᠢᠨ ᠪᠠᠶᠢᠭ᠎ᠠ ᠪᠡᠯᠡ ᠣᠷᠣᠭᠤᠯᠤᠯᠲᠠ ᠶᠢᠨ ᠠᠷᠭ᠎ᠠ ᠵᠠᠮ ᠢᠶᠠᠨ ᠠᠰᠢᠭᠯᠠᠬᠤ ᠶᠢ ᠳᠡᠮᠵᠢᠵᠦ ᠂ ᠱᠠᠩᠨᠠᠬᠤ ᠪᠠᠷ |
ᠨᠥᠬᠦᠪᠦᠷᠢ ᠶᠢ ᠣᠷᠣᠯᠠᠭᠤᠯᠬᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠥᠷᠥᠯ ᠵᠦᠢᠯ ᠢ |
ᠬᠡᠷᠡᠭᠵᠢᠭᠦᠯᠬᠦ ᠵᠠᠭᠪᠤᠷ ᠢ ᠶᠡᠬᠡᠪᠡᠷ ᠬᠡᠷᠡᠭᠵᠢᠭᠦᠯᠵᠦ ᠂ ᠤᠰᠤ ᠰᠢᠷᠣᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ |
ᠬᠥᠷᠥᠩᠭᠡ ᠶᠢᠨ ᠭᠤᠣᠯ ᠴᠣᠭᠴᠠ ᠶᠢᠨ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ |
ᠪᠤᠰᠤᠳ ᠳᠡᠮᠵᠢᠬᠦ ᠲᠥᠷᠥ ᠶᠢᠨ ᠪᠤᠳᠣᠯᠭ᠎ᠠ ᠶᠢᠨ ᠲᠤᠬᠠᠶ ᠃ ᠤᠢᠢᠷ᠎ᠠ ᠶᠢᠨ ᠵᠢᠯ ᠠᠴᠠ ᠂ ᠡᠯ᠎ᠡ ᠭᠠᠵᠠᠷ ᠤᠨ ᠬᠢᠨ |
ᠨᠡᠶᠢᠭᠡᠮ ᠤᠨ ᠬᠦᠷᠦᠩᠭᠡ ᠶᠢᠨ ᠤᠰᠤ ᠰᠢᠷᠣᠢ ᠶᠢᠨ ᠢᠳᠡᠭᠳᠡᠯ ᠢ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠬᠤ |
ᠲᠠᠯ᠎ᠠ ᠪᠠᠷ ᠦᠢᠯᠡᠳᠦᠯᠭᠡ ᠶᠢᠨ ᠰᠦᠪᠡᠭᠴᠢᠯᠡᠯᠲᠡ ᠶᠢ ᠢᠳᠡᠪᠬᠢᠲᠡᠢ ᠥᠷᠨᠢᠭᠦᠯᠵᠦ ᠂ ᠱᠠᠨᠰᠢ ᠶᠢᠨ ᠴᠢᠶᠠᠨ ᠶᠠᠩ ᠰᠢᠶᠠᠨ |
ᠵᠢᠴᠢ ᠠᠨᠾᠦ᠋ᠢ ᠶᠢᠨ ᠳ᠋ᠢᠩ ᠶᠤᠸᠠᠨ ᠰᠢᠶᠠᠨ ᠤ ᠨᠠᠯᠠᠤ ᠲᠠᠷᠢᠶᠠᠨ ᠭᠠᠵᠠᠷ ᠤᠨ ᠤᠰᠤ ᠰᠢᠷᠣᠢ ᠶᠢᠨ ᠢᠳᠡᠭᠳᠡᠯ ᠢ ᠵᠠᠰᠠᠬᠤ |
ᠲᠦᠷᠦᠯ ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠰᠢᠨ᠎ᠡ ᠪᠠᠷ ᠨᠡᠮᠡᠭᠳᠡᠭᠰᠡᠨ |
ᠦᠢᠯᠡᠳᠪᠦᠷᠢᠯᠡᠯ ᠤᠨ ᠴᠢᠳᠠᠪᠤᠷᠢ ᠶᠢᠨ ᠠᠷᠠᠯᠵᠢᠶ᠎ᠠ ᠂ ᠹᠦᠵᠢᠶᠠᠨ ᠤ ᠴᠠᠩᠲ᠋ᠢᠩ ᠨᠡᠭᠦᠷᠡᠰᠦᠲᠥ᠋ᠷᠥᠭᠴᠢ ᠶᠢᠨ ᠬᠤᠷᠠᠮᠠᠯ ᠤᠨ |
ᠠᠷᠠᠯᠵᠢᠶ᠎ᠠ ᠂ ᠵᠧᠵᠢᠶᠠᠩ ᠤᠨ ᠠᠨ ᠵᠢᠢ ᠤᠰᠤ ᠰᠢᠷᠣᠢ ᠶᠢᠨ ᠠᠮᠢ ᠠᠬᠤᠢ ᠶᠢᠨ ᠦᠷᠳᠡᠭ ᠢ ᠬᠠᠮᠠᠭᠠᠯᠠᠬᠤ ᠵᠡᠷᠭᠡ |
ᠠᠵᠢᠯᠯᠠᠭ᠎ᠠ ᠪᠠᠷ ᠲᠥᠯᠥᠭᠡᠯᠡᠭᠦᠯᠦᠭᠰᠡᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠪᠦᠷᠢᠯᠳᠦᠭᠦᠯᠵᠦ ᠂ ᠰᠠᠶᠢᠨ |
ᠰᠠᠶᠢᠬᠠᠨ ᠠᠮᠢ ᠠᠬᠤᠢ ᠶᠢᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ |
ᠠᠰᠢᠭ ᠢ ᠣᠯᠤᠭᠰᠠᠨ ᠪᠠᠶᠢᠨ᠎ᠠ ᠂ ︽ᠵᠢᠯᠣᠭᠤᠳᠬᠤ ᠰᠠᠨᠠᠯ︾ ᠨᠢ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠶᠢᠨ |
ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ ᠂ ᠤᠰᠤ ᠰᠢᠷᠣᠢ ᠶᠢ ᠬᠠᠮᠠᠭᠠᠯᠠᠬᠤ ᠠᠮᠢ |
ᠠᠬᠤᠢ ᠶᠢᠨ ᠪᠦᠲᠦᠭᠡᠭᠳᠡᠬᠦᠨ ᠤ ᠦᠷᠳᠡᠭ ᠢ ᠪᠡᠶᠡᠯᠡᠭᠦᠯᠬᠦ ᠂ ᠤᠰᠤ ᠰᠢᠷᠣᠢ ᠶᠢ ᠬᠠᠮᠠᠭᠠᠯᠠᠨ ᠨᠡᠭᠦᠷᠡᠰᠦᠲᠥ᠋ᠷᠥᠭᠴᠢ ᠶᠢ |
ᠬᠤᠷᠠᠭᠤᠯᠵᠤ ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠠᠶᠢᠭᠤᠯᠬᠤ ᠵᠡᠷᠭᠡ |
ᠦᠢᠯᠡᠳᠦᠯᠭᠡ ᠶᠢᠨ ᠰᠦᠪᠡᠭᠴᠢᠯᠡᠯᠲᠡ ᠶᠢ ᠢᠳᠡᠪᠬᠢᠲᠡᠢ ᠥᠷᠨᠢᠭᠦᠯᠬᠦ ᠳᠤ ᠲᠣᠭᠲᠠᠭᠠᠯ ᠭᠠᠷᠭᠠᠪᠠ ᠃ |
︵ᠲᠦᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠃ ᠭᠤᠤᠯᠳᠠᠭᠤ ᠵᠣᠬᠢᠶᠠᠨ ᠪᠠᠶᠢᠭᠤᠯᠤᠯᠲᠠ ᠶᠢᠨ |
ᠤᠳᠤᠷᠢᠳᠤᠯᠭ᠎ᠠ ᠂ ᠬᠠᠮᠢᠶᠠᠷᠤᠯᠲᠠ ᠦᠢᠯᠡᠴᠢᠯᠡᠭᠡ ᠂ ᠲᠦᠭᠰᠢᠭᠦᠷᠢ ᠶᠢ ᠰᠡᠷᠭᠡᠶᠢᠯᠡᠬᠦ ᠪᠠ ᠤᠬᠠᠭᠤᠯᠵᠤ ᠬᠥᠲᠥᠯᠥᠨ |
ᠵᠢᠯᠣᠭᠤᠳᠬᠤ ᠳᠥᠷᠪᠡᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ ᠃ ᠡᠭᠦᠨ ᠳᠤ ᠲᠦᠭᠰᠢᠭᠦᠷᠢ ᠶᠢ |
ᠰᠡᠷᠭᠡᠶᠢᠯᠡᠬᠦ ᠲᠠᠯ᠎ᠠ ᠪᠠᠷ ᠂ ᠤᠰᠤ ᠰᠢᠷᠤᠢ ᠶᠢᠨ ᠢᠳᠡᠭᠳᠡᠯ ᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ |
ᠶᠠᠪᠤᠴᠠ ᠳᠤ ︽ᠬᠡᠰᠡᠭ ᠪᠤᠰᠠᠭ ᠪᠣᠯᠭᠠᠬᠤ︾ ᠂ ︽ᠪᠠᠶᠢᠷᠢ ᠰᠤᠯᠢᠭᠳᠠᠬᠤ︾ ᠵᠠᠰᠠᠯᠲᠠ ᠶᠢᠨ ᠠᠰᠠᠭᠤᠳᠠᠯ ᠭᠠᠷᠬᠤ ᠶᠢ |
ᠭᠤᠤᠯᠳᠠᠯᠭ᠎ᠠ ᠲᠠᠢ ᠪᠣᠳᠣᠯᠬᠢᠯᠠᠵᠤ ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠲᠣᠭᠲᠠᠴᠠ ᠶᠢ ᠰᠦᠪᠡᠭᠴᠢᠯᠡᠨ |
ᠪᠠᠶᠢᠭᠤᠯᠵᠤ ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠰᠢᠷᠤᠢ ᠶᠢᠨ ᠢᠳᠡᠭᠳᠡᠯ ᠢ |
ᠵᠠᠰᠠᠬᠤ ᠳᠤ ᠣᠷᠣᠯᠴᠠᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ ᠃ ᠡᠭᠦᠨ ᠤ ᠬᠠᠮᠲᠤ ᠂ ᠲᠠᠷᠢᠶᠠᠨ |
ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠥᠭᠡᠷᠡᠴᠢᠯᠡᠯᠲᠡ ᠶᠢᠨ ᠰᠢᠨ᠎ᠡ ᠲᠥᠷᠥ ᠶᠢᠨ |
ᠪᠣᠳᠣᠯᠭ᠎ᠠ ᠶᠢᠨ ᠱᠠᠭᠠᠷᠳᠠᠯᠭ᠎ᠠ ᠶᠢ ᠵᠣᠯᠭᠠᠭᠤᠯᠵᠤ ᠂ ᠣᠷᠣᠨ ᠨᠤᠲᠤᠭ ᠬᠢᠭᠡᠳ ᠨᠡᠶᠢᠭᠡᠮ ᠤᠨ ᠬᠥᠷᠥᠩᠭᠡ ᠶᠢᠨ ᠠᠰᠢᠭ |
ᠲᠤᠰᠠ ᠶᠢᠨ ᠬᠥᠳᠡᠯᠭᠡᠭᠦᠷ ᠳᠣᠤᠷ᠎ᠠ ᠵᠥᠪᠬᠡᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠦᠢᠴᠡᠳᠭᠡᠯ |
ᠲᠤᠭ᠎ᠠ ᠶᠢ ᠬᠥᠭᠡᠭᠡᠴᠡᠯᠳᠦᠬᠦ ᠂ ᠣᠷᠣᠰᠢᠨ ᠲᠣᠭᠲᠠᠨᠢᠬᠤ ᠨᠥᠬᠦᠴᠡᠯ ᠢ ᠥᠯᠥ ᠬᠠᠶᠢᠬᠤᠷᠤᠨ ᠠᠯᠪᠠᠳᠠᠯᠭ᠎ᠠ ᠪᠠᠷ |
ᠨᠥᠬᠦᠪᠥᠷᠢᠯᠡᠬᠦ ᠦᠢᠯᠡ ᠠᠵᠢᠯᠯᠠᠭ᠎ᠠ ᠳᠤ ᠲᠣᠳᠣᠷᠬᠠᠶ ᠲᠣᠭᠲᠠᠭᠠᠯ ᠭᠠᠷᠭᠠᠪᠠ ᠃ |
ᠭᠤᠷᠪᠠ ᠂ ︽ᠵᠢᠯᠣᠭᠤᠳᠬᠤ ᠰᠠᠨᠠᠯ︾ ᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠠᠯ᠎ᠠ ᠪᠠᠷ ᠬᠢ |
ᠪᠣᠳᠣᠯᠬᠢᠯᠠᠯ |
ᠨᠢᠭᠡ ᠳᠤ ᠂ ᠠᠵᠢᠯ ᠤᠨ ᠠᠬᠢᠭᠤᠯᠤᠯᠲᠠ ᠶᠢ ᠴᠢᠩᠭᠠᠳᠬᠠᠨ᠎ᠠ ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ |
ᠮᠥᠴᠢᠷ ᠲᠠᠢ ᠤᠯᠠᠮ ᠨᠢᠭᠡ ᠠᠯᠬᠤᠮ ᠵᠣᠯᠭᠠᠭᠤᠯᠵᠤ ᠂ ︽ᠵᠢᠯᠣᠭᠤᠳᠬᠤ ᠰᠠᠨᠠᠯ︾ ᠢ ᠨᠠᠶᠢᠳᠠᠪᠤᠷᠢᠵᠢᠭᠤᠯᠤᠨ ᠦᠷ᠎ᠡ |
ᠪᠦᠲᠦᠮᠵᠢ ᠤᠯᠬᠤ ᠶᠢ ᠬᠠᠮᠲᠤ ᠪᠠᠷ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠬᠤ |
ᠬᠡᠷᠡᠭᠳᠡᠢ ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ |
ᠲᠣᠬᠢᠷᠠᠮᠵᠢᠲᠠᠶ ᠭᠠᠵᠠᠷ ᠣᠷᠣᠨ ᠢ ᠤᠷᠢᠳᠠᠪᠠᠷ ᠲᠤᠷᠰᠢᠨ ᠤᠷᠢᠳᠠᠪᠠᠷ ᠲᠤᠷᠰᠢᠨ ᠬᠡᠷᠡᠭᠵᠢᠭᠦᠯᠵᠦ ᠂ ᠠᠳᠠᠯᠢ ᠪᠤᠰᠤ |
ᠣᠷᠣᠨ ᠪᠦᠰᠡ ᠶᠢ ᠬᠠᠮᠤᠷᠤᠭᠰᠠᠨ ᠂ ᠠᠳᠠᠯᠢ ᠪᠤᠰᠤ ᠵᠠᠰᠠᠯᠲᠠ ᠶᠢᠨ ᠵᠠᠭᠪᠤᠷ ᠢ ᠬᠠᠮᠤᠷᠤᠭᠰᠠᠨ ᠨᠢᠭᠡ ᠪᠦᠯᠦᠭ ᠵᠢᠱᠢᠶ᠎ᠡ |
ᠦᠵᠡᠭᠦᠯᠬᠦ ᠬᠡᠷᠡᠭ ᠤᠨ ᠵᠢᠱᠢᠶ᠎ᠡ ᠵᠢᠴᠢ ᠲᠤᠷᠰᠢᠯᠭ᠎ᠠ ᠬᠢᠳᠡᠯ ᠢ ᠠᠭᠤᠳᠠᠯᠤᠨ ᠪᠦᠷᠢᠯᠳᠦᠭᠦᠯᠵᠦ ᠂ ᠵᠢᠱᠢᠶ᠎ᠡ ᠦᠵᠡᠭᠦᠯᠵᠦ |
ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ ᠃ |
ᠬᠤᠶᠠᠷ ᠲᠤ ᠂ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ ᠃ ᠣᠯᠠᠨ ᠵᠦᠢᠯ ᠤᠨ ᠠᠷᠭ᠎ᠠ ᠵᠠᠮ ᠪᠠ |
ᠬᠡᠯᠪᠡᠷᠢ ᠪᠠᠷ ᠳᠠᠮᠵᠢᠭᠤᠯᠤᠨ ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠭᠦᠨᠵᠡᠭᠡᠶ ᠨᠠᠷᠢᠨ |
ᠨᠢᠮᠪᠠᠶ ᠰᠠᠶᠢᠲᠤᠷ ᠬᠢᠵᠦ ᠂ ᠡᠯ᠎ᠡ ᠱᠠᠲᠤᠨ ᠤ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ |
ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠨᠡᠶᠢᠭᠡᠮ ᠤᠨ ᠬᠥᠷᠥᠩᠭᠡ ᠶᠢᠨ ᠭᠤᠤᠯ ᠴᠣᠭᠴᠠ ᠶᠢ ᠵᠢᠯᠣᠭᠤᠳᠤᠨ |
ᠠᠵᠤ ᠦᠢᠯᠡᠰ ᠤᠨ ᠨᠡᠭᠡᠭᠡᠨ ᠬᠥᠭᠵᠢᠭᠦᠯᠬᠦ ᠳᠤ ᠭᠠᠵᠠᠷ ᠬᠡᠷᠡᠭᠯᠡᠬᠦ ᠂ ᠮᠦᠩᠭᠦᠨ ᠭᠦᠢᠯᠭᠡᠭᠡ ᠂ ᠲᠠᠷᠢᠶᠠᠨ ᠭᠠᠵᠠᠷ ᠢ |
ᠡᠵᠡᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠲᠠᠢ ᠪᠠᠶᠢᠯᠭᠠᠬᠤ ᠂ ᠠᠮᠢ ᠠᠬᠤᠢ ᠶᠢᠨ ᠪᠦᠲᠦᠭᠡᠭᠳᠡᠭᠦᠨ ᠤ ᠦᠷᠲᠡᠭ ᠢ |
ᠪᠡᠶᠡᠯᠡᠭᠦᠯᠬᠦ ᠵᠡᠷᠭᠡ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠯᠡᠨ᠎ᠡ ᠃ |
ᠭᠤᠷᠪᠠ ᠳᠤ ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ ᠃ ᠣᠲᠣ ᠶᠢᠨ ᠪᠠᠶᠢᠭ᠎ᠠ ᠪᠠᠯᠠ |
ᠣᠷᠣᠭᠤᠯᠤᠯᠲᠠ ᠶᠢᠨ ᠠᠷᠭ᠎ᠠ ᠵᠠᠮ ᠢ ᠠᠰᠢᠭᠯᠠᠨ ᠂ ᠤᠰᠤ ᠰᠢᠷᠤᠢ ᠶᠢᠨ ᠢᠳᠡᠭᠳᠡᠯ ᠢ ᠭᠤᠤᠯᠳᠠᠯᠭ᠎ᠠ ᠲᠠᠢ ᠵᠠᠰᠠᠬᠤ ᠶᠢ |
ᠦᠷᠭᠦᠯᠵᠢᠯᠡᠨ ᠲᠦᠷᠭᠡᠳᠬᠡᠨ ᠠᠬᠢᠭᠤᠯᠤᠨ᠎ᠠ ᠃ ᠤᠰᠤ ᠰᠢᠷᠤᠢ ᠶᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠩ ᠢ |
ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ ᠂ ᠱᠠᠩᠨᠠᠬᠤ ᠪᠠᠷ ᠨᠥᠬᠦᠪᠥᠷᠢᠯᠡᠬᠦ ᠶᠢ |
ᠣᠷᠣᠯᠠᠭᠤᠯᠬᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠲᠥᠷᠥᠯ ᠵᠦᠢᠯ ᠢ ᠬᠡᠷᠡᠭᠵᠢᠭᠦᠯᠬᠦ ᠬᠡᠪ |
ᠵᠠᠭᠪᠤᠷ ᠢ ᠶᠡᠬᠡᠪᠡᠷ ᠬᠡᠷᠡᠭᠵᠢᠭᠦᠯᠵᠦ ᠂ ᠨᠡᠶᠢᠭᠡᠮ ᠤᠨ ᠬᠥᠷᠥᠩᠭᠡ ᠪᠣᠯᠤᠨ ᠵᠠᠰᠠᠬᠤ ᠣᠷᠣᠨ ᠤ ᠣᠯᠠᠨ ᠲᠦᠮᠡᠨ ᠤ |
ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠪᠠ ᠬᠥᠲᠥᠯᠥᠨ ᠵᠢᠯᠣᠭᠤᠳᠤᠨ᠎ᠠ ᠃ |
|