ᠬᠡᠯᠬᠢᠶᠡᠰᠦᠨ ᠨᠣᠮᠧᠷ᠄ 000014348/2024 — 05463 |
ᠭᠤᠣᠯ ᠰᠡᠳᠦᠪ ᠤᠨ ᠠᠩᠭᠢᠯᠠᠯ᠄ ᠪᠤᠰᠤᠳ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 18 ᠳ᠋ᠤᠭᠠᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 8 ᠳ᠋ᠤᠭᠠᠷ ᠰᠠᠷ᠎ᠠ ᠶᠢᠨ 1 3 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠄ |
︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ |
ᠭᠠᠵᠠᠷ ᠣᠷᠣᠨ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ |
ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ |
280 ᠳ᠋ᠤᠭᠠᠷ ᠲᠣᠭᠠᠲᠤ︶ ᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ |
ᠲᠦᠰᠦᠯ ᠢ ᠰᠢᠯᠵᠢᠭᠦᠯᠦᠨ ᠲᠤᠰᠢᠶᠠᠬᠤ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠤᠬᠠᠶ ᠬᠠᠲᠤᠨ |
ᠭᠤᠤᠯ ᠤᠨ ᠵᠥᠪᠯᠡᠯ ᠤᠨ ᠵᠠᠬᠢᠳᠠᠯ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇ 2020﹈ 33 ᠳ᠋ᠤᠭᠠᠷ |
ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠂ ᠮᠠᠨ ᠤ ᠲᠢᠩᠬᠢᠮ ᠲᠠᠨ ᠤ ᠺᠣᠮᠫᠠᠨᠢ ᠶᠢᠨ |
ᠵᠢᠯ ᠳᠤ 400 ᠲᠣᠨ N — ᠰᠢᠪᠲᠦᠷ ᠤᠨ ᠪᠦᠯᠦᠭ — 3 — ᠠᠽᠣᠲ ᠬᠤᠯᠢᠮᠠᠭ ᠬᠤᠣᠰ ᠴᠠᠭᠠᠷᠢᠭ ﹇ 3 ᠂ 3 ᠂ |
0﹈ ᠣᠺᠡᠲ᠋ᠠᠨ ᠳᠠᠪᠤᠰᠤᠨ ᠬᠦᠴᠢᠯ ᠤᠨ ᠳᠠᠪᠤᠰᠤ ᠵᠡᠷᠭᠡ ᠡᠮ ᠡᠮᠨᠡᠯᠭᠡ ᠶᠢᠨ ᠵᠠᠪᠰᠠᠷ ᠤᠨ ᠴᠣᠭᠴᠠ ᠶᠢᠨ ᠲᠦᠰᠦᠯ ︵ |
ᠨᠢᠭᠡᠳᠦᠭᠡᠷ ᠬᠤᠭᠤᠴᠠᠭ᠎ᠠ︶ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ |
ᠰᠢᠢᠳᠪᠦᠷᠢᠯᠡᠨ᠎ᠡ ᠃ ᠬᠢᠨᠠᠨ ᠪᠠᠶᠢᠴᠠᠭᠠᠭᠰᠠᠨ ᠢᠶᠠᠷ ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ |
ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ |
ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ |
ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ |
︵ᠨᠢᠭᠡ︶ ᠵᠦᠢᠯ ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ |
ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ |
ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ |
ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠤᠰᠤ ᠲᠠᠲᠠᠬᠤ ᠵᠥᠪᠰᠢᠶᠡᠷᠡᠯ ᠤᠨ |
ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ ᠃ |
ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ |
ᠥᠪᠥᠷ ᠮᠣᠩᠭᠤᠯ ᠤᠨ ᠦᠬᠠᠶ ᠬᠤᠲᠠ ᠶᠢᠨ ᠤᠳᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ |
ᠨᠠᠷᠢᠯᠢᠬᠵᠢᠭᠤᠯᠤᠭᠰᠠᠨ ᠠᠵᠤ ᠦᠢᠯᠡᠳᠪᠦᠷᠢ ᠶᠢᠨ ᠣᠷᠣᠨ ᠪᠦᠰᠡ ᠳᠤ ᠪᠠᠶᠢᠷᠢᠯᠠᠵᠤ ᠂ 2019 ᠣᠨ ᠤ 7 ᠳ᠋ᠤᠭᠠᠷ |
ᠰᠠᠷ᠎ᠠ ᠶᠢᠨ 10 ᠤ ᠡᠳᠦᠷ ᠂ ᠤᠳᠠ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ |
ᠳᠠᠩᠰᠠᠯᠠᠭᠤᠯᠵᠤ ᠂ ᠲᠦᠰᠦᠯ ᠤᠨ ᠳ᠋ᠤᠭᠠᠷ ᠨᠢ 2019 — 150304 — 27 — 03 — 018125 |
ᠪᠣᠯᠤᠨ᠎ᠠ ᠃ ᠲᠤᠰ ᠲᠦᠰᠦᠯ ᠤᠨ ᠨᠢᠭᠡᠳᠦᠭᠡᠷ ᠬᠤᠭᠤᠴᠠᠭᠠᠨ ᠤ ᠳᠠᠩᠰᠠᠯᠠᠭᠤᠯᠤᠭᠰᠠᠨ ᠬᠡᠪᠴᠢᠶ᠎ᠡ ᠨᠢ ᠵᠢᠯ ᠳᠤ 400 |
ᠲᠣᠨ N ᠰᠢᠪᠲᠦᠷ ᠤᠨ ᠪᠦᠯᠦᠭ-3-ᠠᠽᠣᠲ ᠬᠤᠯᠢᠮᠠᠭ ᠬᠤᠣᠰ ᠴᠠᠭᠠᠷᠢᠭ ﹇ 3 ᠂ 0 ᠂ 0 ﹈ ᠣᠺᠲ᠋ᠠᠨ |
ᠳᠠᠪᠤᠰᠤᠨ ᠬᠦᠴᠢᠯ ᠤᠨ ᠳᠠᠪᠤᠰᠤ ᠂ 2000 ᠲᠣᠨ ODB-2 ᠂ 300 ᠲᠣᠨ ︵S︶-1 ︵4-ᠬᠤᠶᠠᠷ |
ᠹᠧᠨᠽᠧᠨ︶ — 2 — ᠾᠯᠣᠷ ᠫᠷᠤᠫᠢᠯ ᠬᠤᠶᠠᠷ ᠮᠣᠯᠧᠺᠦ᠋ᠯ — 3 — ᠣᠺᠡᠲ᠋ᠠᠨ ᠂ 500 ᠲᠣᠨ 2 ᠂ 4 ᠂ 5 |
— ᠭᠤᠷᠪᠠᠨ ᠹᠯᠣᠷ-3-ᠮᠧᠲ᠋ᠢᠯ ᠪᠧᠨᠽᠧᠨ᠋ᠲᠦ ᠮᠧᠲ᠋ᠢᠯ ᠾᠯᠣᠷ ᠪᠣᠯᠣᠨ᠎ᠠ ᠃ 2019 ᠣᠨ ᠳᠤ ᠠᠵᠢᠯ |
ᠡᠬᠢᠯᠡᠭᠦᠯᠦᠨ ᠪᠥᠲᠥᠭᠡᠨ ᠪᠠᠶᠢᠭᠤᠯᠵᠤ ᠂ 2020 ᠣᠨ ᠤ 7 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ |
ᠠᠰᠢᠭᠯᠠᠯᠲᠠ ᠳᠤ ᠣᠷᠣᠭᠤᠯᠪᠠ ᠃ ᠲᠦᠰᠦᠯ ᠳᠤ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠤᠰᠤ ᠲᠠᠲᠠᠬᠤ |
ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠂ ᠦᠬᠠᠶ ᠬᠤᠲᠠ ᠶᠢᠨ ᠤᠳᠠ ᠲᠣᠭᠤᠷᠢᠭ ᠤᠨ |
ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠣᠰ ᠬᠠᠤᠯᠢ ᠠᠴᠠ ᠵᠥᠷᠢᠴᠡᠭᠰᠡᠨ ᠦᠢᠯᠡ |
ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠪᠡ ᠃ |
ᠲᠦᠰᠦᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ︵ᠠᠶᠢᠮᠠᠭ ᠬᠤᠲᠠ |
ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠯ ᠲᠤᠭ᠎ᠠ ᠶᠢ |
ᠪᠠᠭᠲᠠᠭᠠᠨ᠎ᠠ︔ ᠳ᠋ᠠ ᠵᠥᠩ ᠠᠭᠤᠷᠬᠠᠶ ᠶᠢᠨ ᠦᠢᠯᠡᠰ ᠢ ᠰᠢᠢᠳᠪᠦᠷᠢᠯᠡᠬᠦ ᠤᠰᠤᠨ ᠤ ᠭᠦᠢᠴᠡᠳᠬᠡᠯ ᠲᠤᠭ᠎ᠠ ᠶᠢ |
ᠪᠠᠭᠲᠠᠭᠠᠨ᠎ᠠ︔ ᠤᠳᠠ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠠᠴᠠ ᠲᠦᠭᠡᠭᠡᠯ ᠤᠰᠤ ᠶᠢ ᠠᠮᠢᠳᠤᠷᠠᠯ ᠤᠨ |
ᠤᠰᠤ ᠲᠠᠲᠠᠬᠤ︶ ᠤᠰᠤᠨ ᠰᠤᠷᠪᠤᠯᠵᠢ ᠪᠣᠯᠭᠠᠵᠤ ᠂ ᠤᠳᠠ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ |
ᠲᠦᠭᠡᠭᠡᠯ ᠤᠰᠤᠨ ᠤ ᠠᠮᠢᠳᠤᠷᠠᠯ ᠢ ᠤᠰᠤ ᠠᠪᠬᠤ ᠤᠰᠤᠨ ᠤ ᠡᠬᠢ ᠪᠣᠯᠭᠠᠵᠦ ᠂ ᠠᠭᠤᠷ ᠤᠨ ᠭᠠᠳᠠᠨ᠎ᠠ ᠠᠴᠠ ᠦᠬᠠᠶ |
ᠬᠤᠲᠠ ᠶᠢᠨ ᠵᠢᠤᠢ ᠶᠤᠸᠠᠨ ᠠᠭᠤᠷ ᠪᠣᠷᠣᠯᠠᠭᠤᠯᠬᠤ ᠬᠢᠵᠠᠭᠠᠷᠲᠤ ᠺᠣᠮᠫᠠᠨᠢ ︵ᠮᠠᠰᠢᠨ ᠲᠡᠷᠭᠡ ᠨᠢ ᠦᠬᠠᠶ ᠬᠤᠲᠠ ᠶᠢᠨ |
ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠭᠦᠷᠬᠦ ᠳᠠᠷᠤᠯᠲᠠᠲᠤ ᠮᠠᠶ᠋ᠢᠭ ᠤᠨ ᠮᠠᠰᠢᠨ |
ᠴᠣᠭᠴᠠᠯᠠᠪᠤᠷᠢ ᠶᠢᠨ ᠲᠦᠰᠦᠯ ︵ᠨᠢᠭᠡᠳᠦᠭᠡᠷ ᠬᠤᠭᠤᠴᠠᠭ᠎ᠠ︶ ᠪᠣᠯᠤᠨ ᠦᠬᠠᠶ ᠶᠢᠨ ᠯᠠᠨ ᠢ ᠣᠷᠴᠢᠨ ᠲᠣᠭᠤᠷᠢᠨ ᠤ |
ᠬᠠᠮᠠᠭᠠᠯᠠᠯᠲᠠ ᠶᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠦᠬᠠᠶ ᠬᠤᠲᠠ ᠶᠢᠨ ᠠᠮᠢᠳᠤᠷᠠᠯ ᠤᠨ ᠬᠤᠭ |
ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠲᠦᠰᠦᠯ ᠂ ᠭᠠᠳᠠᠨ᠎ᠠ ᠠᠭᠤᠷ ᠤᠨ ᠤᠰᠤ ᠬᠠᠩᠭᠠᠬᠤ ᠬᠦᠢᠴᠡᠳᠬᠡᠯ |
ᠲᠤᠭ᠎ᠠ ᠶᠢ ᠠᠭᠤᠷ ᠤᠨ ᠲᠠᠯ᠎ᠠ ᠶᠢᠨ ᠤᠰᠤ ᠬᠠᠩᠭᠠᠬᠤ ᠵᠥᠪᠰᠢᠶᠡᠷᠡᠯ ᠤᠨ ᠬᠡᠪᠴᠢᠶᠡᠨ ᠳᠣᠲᠣᠷ᠎ᠠ ᠪᠠᠭᠲᠠᠭᠠᠨ᠎ᠠ ᠃ |
ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ ᠂ ᠲᠤᠰ ᠲᠦᠰᠦᠯ ᠤᠨ |
ᠶᠡᠷᠦᠩᠬᠡᠢ ᠤᠰᠤ ᠲᠠᠲᠠᠭᠰᠠᠨ ᠬᠡᠮᠵᠢᠶ᠎ᠡ 5.21 ᠲᠦᠮᠡᠨ m3/a ︵ᠭᠠᠳᠠᠨ᠎ᠠ ᠠᠴᠠ ᠬᠤᠳᠠᠯᠳᠤᠨ ᠠᠪᠤᠭᠰᠠᠨ |
ᠠᠭᠤᠷ 6.55 ᠲᠦᠮᠡᠨ m3/a ᠪᠠᠭᠲᠠᠬᠤ ᠦᠭᠡᠢ︶ ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠭᠰᠠᠨ |
ᠬᠡᠮᠵᠢᠶ᠎ᠡ 4.64 ᠲᠦᠮᠡᠨ m3/a ᠪᠠᠶᠢᠵᠤ ᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ 0.57 ᠲᠦᠮᠡᠨ m3/a |
ᠪᠤᠢ ᠃ ᠠᠭᠤᠷ ᠤᠨ ᠤᠰᠤ ᠶᠢᠨ ᠬᠡᠮᠵᠢᠶ᠎ᠡ ᠳᠤ ᠣᠷᠣᠭᠤᠯᠵᠤ ᠲᠣᠭᠳᠠᠭᠠᠬᠤ ᠳᠤ ᠂ ᠭᠤᠣᠯ ᠪᠣᠯᠬᠤ ᠪᠦᠲᠦᠭᠡᠭᠳᠡᠬᠦᠨ ᠤ |
ᠰᠢᠨ᠎ᠡ ᠤᠰᠤᠨ ᠤ ᠬᠡᠮᠵᠢᠶ᠎ᠡ ᠨᠢ ᠲᠤᠰ ᠪᠦᠷᠢ N-ᠰᠢᠪᠲᠦᠷᠲᠦ — 3 ᠠᠽᠣᠲ ᠬᠤᠯᠢᠮᠠᠭ ᠬᠤᠣᠰ ᠴᠠᠭᠠᠷᠢᠭ ﹇ |
3 ᠂ 0 ᠂ 0﹈ ᠣᠺᠲ᠋ᠠᠨ ᠳᠠᠪᠤᠰᠤᠨ ᠬᠦᠴᠢᠯ ᠤᠨ ᠳᠠᠪᠤᠰᠤ 2735m3/t ᠂ ODB—2—391m3/t ᠂ ︵ |
S︶ —1— ︵ 4 — 2 ᠪᠧᠨᠧᠨ︶ —2 — ᠤᠰᠤᠮᠠᠭ ᠪᠦᠯᠦᠭ — 3 — ᠡᠾᠯᠤᠷᠲᠦ ᠫᠷᠤᠫᠢᠯ ᠠᠯᠺᠠ |
2069m3/t ᠂ 2 ᠂ 4 ᠂ 5 — ᠭᠤᠷᠪᠠᠨ ᠹᠯᠣᠷ — 3-ᠮᠧᠲ᠋ᠢᠯ ᠪᠧᠨ᠋ᠽᠧᠨ᠋ᠲᠤ ᠮᠧᠲ᠋ᠢᠯ ᠠᠯᠺᠣᠣᠯ ᠠᠰᠢᠯᠲᠤ |
ᠡᠾᠯᠤᠷ ᠶᠢᠨ 1622m3/t ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ |
ᠲᠣᠭᠲᠠᠭᠰᠠᠨ ᠨᠣᠷᠮ᠎ᠠ ᠳᠤ ᠴᠥᠮ ᠬᠠᠮᠢᠶ᠎ᠠ ᠪᠦᠬᠦᠢ ᠤᠰᠤ ᠬᠡᠷᠡᠭᠯᠡᠬᠦ ᠨᠣᠷᠮ᠎ᠠ ᠦᠭᠡᠢ ᠪᠣᠯᠬᠤᠷ ᠪᠦᠬᠦ ᠤᠯᠤᠰ ᠤᠨ |
ᠡᠯ᠎ᠡ ᠭᠠᠵᠠᠷ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠳᠤ ᠴᠥᠮ ᠬᠠᠮᠢᠶ᠎ᠠ ᠪᠦᠬᠦᠢ |
ᠤᠰᠤ ᠬᠡᠷᠡᠭᠯᠡᠬᠦ ᠨᠣᠷᠮ᠎ᠠ ᠶᠢᠨ ᠲᠣᠭᠲᠠᠭᠠᠯ ᠦᠭᠡᠢ ᠂ ᠭᠠᠷ ᠤᠷᠠᠯᠠᠯ ᠤᠨ ᠵᠦᠶ ᠵᠣᠬᠢᠰᠲᠠᠶ ᠂ ᠭᠤᠤᠯ ᠪᠣᠯᠬᠤ ᠤᠰᠤ |
ᠬᠡᠷᠡᠭᠯᠡᠬᠦ ᠨᠢᠭᠡᠴᠢ ᠶᠢᠨ ᠤᠰᠤ ᠬᠡᠷᠡᠭᠯᠡᠬᠦ ᠵᠦᠢ ᠶᠣᠰᠣᠴᠢ ᠴᠢᠨᠠᠷ ᠬᠢᠭᠡᠳ ᠪᠣᠬᠢᠷ ᠤᠰᠤ ᠰᠢᠢᠳᠪᠦᠷᠢᠯᠡᠬᠦ ᠲᠥᠰᠦᠯ ᠳᠤ |
ᠵᠦᠢ ᠵᠣᠬᠢᠰᠲᠤ ᠭᠤᠷᠪᠠᠨ ᠲᠠᠯ᠎ᠠ ᠪᠠᠷ ᠵᠠᠳᠠᠯᠤᠯᠲᠠ ᠬᠢᠭᠰᠡᠨ ᠢᠶᠠᠷ ᠲᠤᠰ ᠲᠦᠰᠦᠯ ᠤᠨ ᠡᠯ᠎ᠡ ᠨᠢᠭᠡᠴᠢ ᠶᠢᠨ |
ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ᠵᠦᠢ ᠵᠣᠬᠢᠰᠲᠠᠶ ᠪᠠᠶᠢᠳᠠᠭ ᠃ ᠦᠢᠯᠡᠳᠪᠦᠷᠢ ᠶᠢᠨ ᠲᠣᠭᠤᠷᠢᠭ ᠤᠨ |
ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ ᠪᠣᠯ 70L |
/ ᠬᠥᠮᠦᠨ · d ᠪᠣᠯᠤᠨ᠎ᠠ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ |
ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385 — 2020︶ ᠤᠨ ᠤᠰᠤ ᠬᠡᠷᠡᠭᠯᠡᠬᠦ |
ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ ᠃ ᠲᠦᠰᠦᠯ ᠨᠢ ᠤᠰᠤ ᠲᠠᠲᠠᠵᠤ ᠬᠡᠷᠡᠭᠯᠡᠬᠦ ᠨᠢ |
ᠦᠨᠳᠦᠰᠦᠨ ᠳᠡᠭᠡᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ |
ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ |
ᠲᠦᠰᠦᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ |
ᠦᠨᠳᠦᠰᠦᠨ ᠳᠡᠭᠡᠨ ᠵᠥᠪᠰᠢᠶᠡᠷᠡᠨ᠎ᠡ ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ |
ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠃ |
ᠲᠦᠰᠦᠯ ᠤᠨ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ |
ᠰᠢᠢᠳᠪᠦᠷᠢᠯᠡᠬᠦ ᠥᠷᠲᠡᠭᠡ ᠪᠠᠷ ᠳᠠᠮᠵᠢᠭᠤᠯᠤᠨ ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠂ |
ᠠᠮᠢᠳᠤᠷᠠᠯ ᠤᠨ ᠪᠣᠬᠢᠷ ᠤᠰᠤ ᠲᠠᠢ ᠬᠠᠮᠲᠤ ᠤᠳᠠ ᠲᠣᠭᠤᠷᠢᠭ ᠤᠨ ᠠᠵᠤ ᠠᠬᠤᠶ ᠶᠢᠨ ᠨᠡᠭᠡᠭᠡᠯᠲᠡ ᠶᠢᠨ |
ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠤᠷᠤᠭᠤᠯᠪᠠ ᠃ |
ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠪᠠ |
︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠲᠦᠷᠢᠮ︾ ︵GB/T28714 — 2023︶ |
ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ |
ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ |
ᠠᠵᠢᠯᠯᠠᠭᠠᠨ ᠢ ᠪᠠᠲᠤᠯᠠᠵᠤ ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ |
ᠣᠷᠣᠨ ᠤ ᠤᠰᠤ ᠠᠪᠬᠤ ᠬᠠᠮᠢᠶᠠᠷᠤᠯᠲᠠ ᠶᠢᠨ ᠲᠠᠪᠴᠠᠩ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ |
ᠪᠠᠲᠤᠯᠠᠬᠤ ᠬᠡᠷᠡᠭᠲᠡᠶ ᠃ ᠲᠣᠰ ᠲᠦᠰᠦᠯ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ ᠣᠷᠣᠭᠤᠯᠤᠭᠰᠠᠨ |
ᠪᠠᠶᠢᠳᠠᠯ ᠢ ᠦᠨᠳᠦᠰᠦᠯᠡᠨ ᠂ ᠲᠠᠨ ᠤ ᠺᠣᠮᠫᠠᠨᠢ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ |
ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠠ ︽ᠤᠰᠤ ᠠᠪᠬᠤ ᠵᠥᠪᠰᠢᠶᠡᠷᠡᠯ ᠤᠨ |
ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠲᠣᠰ ᠴᠣᠬᠤᠯᠠᠪᠤᠷᠢ ᠶᠢ |
ᠣᠯᠤᠭᠰᠠᠨ ᠤ ᠳᠠᠷᠠᠭ᠎ᠠ ᠳᠠᠷᠤᠶ ᠮᠠᠨ ᠤ ᠲᠢᠩᠬᠢᠮ ᠳᠤ ᠬᠤᠯᠪᠣᠭᠳᠠᠯ ᠪᠥᠬᠦᠶ ᠮᠠᠲ᠋ᠧᠷᠢᠶᠠᠯ ᠢᠶᠠᠨ ᠮᠡᠳᠡᠭᠦᠯᠦᠨ |
ᠬᠦᠷᠭᠡᠵᠦ ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠪᠠᠷ ᠭᠤᠶᠤᠴᠢᠯᠠᠵᠤ ᠪᠣᠯᠤᠨ᠎ᠠ ᠃ |
ᠳᠠᠭᠠᠯᠳᠤᠭᠤᠯᠤᠯ᠄ ᠥᠪᠥᠷ ᠮᠣᠩᠭᠤᠯ ᠤᠨ ᠶᠤᠸᠠᠨ ᠬᠤᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ |
ᠬᠢᠵᠠᠭᠠᠷᠲᠤ ᠺᠣᠮᠫᠠᠨᠢ ᠶᠢᠨ ᠵᠢᠯ ᠳᠤ 400 ᠲᠣᠨ N — ᠰᠢᠪᠲᠦᠷ ᠤᠨ ᠪᠦᠯᠦᠭ — 3 — ᠠᠽᠣᠲ ᠬᠤᠯᠢᠮᠠᠭ |
ᠬᠤᠣᠰ ᠴᠠᠭᠠᠷᠢᠭ ﹇ 3 ᠂ 3 ᠂ 0﹈ ᠤᠺᠠᠲ᠋ᠠᠨ ᠤ ᠳᠠᠪᠤᠰᠤᠨ ᠬᠦᠴᠢᠯ ᠤᠨ ᠳᠠᠪᠤᠰᠤ ᠵᠡᠷᠭᠡ ᠡᠮ ᠡᠮᠨᠡᠯᠭᠡ ᠶᠢᠨ |
ᠵᠠᠪᠰᠠᠷ ᠤᠨ ᠴᠣᠭᠴᠠ ᠶᠢᠨ ᠲᠦᠰᠦᠯ ︵ᠨᠢᠭᠡᠳᠦᠭᠡᠷ ᠬᠤᠭᠤᠴᠠᠭ᠎ᠠ︶ ᠤᠨ ᠤᠰᠤᠨ ᠤ ᠡᠬᠢ ᠪᠠᠶᠠᠯᠢᠭ ᠤᠨ |
ᠨᠤᠲᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠪᠠᠶᠢᠴᠠᠭᠠᠭᠰᠠᠨ ᠰᠠᠨᠠᠯ︾ ᠤᠨ ᠲᠤᠬᠠᠢ ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ |
ᠲᠥᠪ ᠤᠨ ᠮᠡᠳᠡᠭᠦᠯᠦᠯᠲᠡ |
|
2024 ᠣᠨ ᠤ 8 ᠳ᠋ᠤᠭᠠᠷ ᠰᠠᠷ᠎ᠠ ᠶᠢᠨ 13 ᠤ ᠡᠳᠦᠷ |
|