ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠢᠯᠡ ᠪᠠᠷ ᠠᠳᠠᠯᠢᠳᠬᠠᠨ ᠰᠣᠩᠭᠤᠬᠤ ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2025/1/13
  ︽ᠡᠷᠬᠡ ᠲᠡᠭᠰᠢ ᠂ ᠲᠥᠪ ᠭᠤᠣᠯᠴᠢ ᠂ ᠢᠯᠡ ᠨᠡᠶᠢᠲᠡᠯᠡᠬᠦ︾ ᠵᠠᠷᠴᠢᠮ ᠶᠣᠰᠣᠭᠠᠷ ᠂ ᠮᠠᠨ ᠤ ᠲᠥᠪ ᠣᠲᠣ ᠢᠯᠡ ᠪᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢ ᠰᠣᠩᠭᠤᠬᠤ ᠪᠠᠷ ᠳᠠᠮᠵᠢᠭᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠢ ᠭᠤᠤᠯ ᠤᠨ ᠬᠢᠨᠠᠨ ᠬᠡᠮᠵᠢᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠵᠢᠯ ᠢ ᠥᠷᠨᠢᠭᠦᠯᠬᠦ ᠪᠠᠷ ᠰᠣᠩᠭᠤᠪᠠ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄   ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ   1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠢ ᠭᠤᠣᠯ ᠤᠨ ᠬᠢᠨᠠᠨ ᠬᠡᠮᠵᠢᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠃   2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠃   3. ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠪᠠᠶᠢᠬᠤ ᠳᠤ ᠬᠦᠷᠪᠡᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃   ᠬᠤᠶᠠᠷ ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ   1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃   2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃   ᠭᠤᠷᠪᠠ ᠂ ᠨᠡᠷ᠎ᠡ ᠮᠡᠳᠡᠭᠦᠯᠬᠦ ᠳᠤ ᠪᠠᠨ ᠬᠠᠩᠭᠠᠬᠤ ᠴᠢᠬᠤᠯᠠᠲᠠᠢ ᠮᠠᠲ᠋ᠧᠷᠢᠶᠠᠯ   1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠦᠨ᠎ᠡ ᠂ ᠪᠡᠶ᠎ᠡ ᠶᠢᠨ ᠦᠨᠡᠮᠯᠡᠯ ᠤᠨ ᠬᠠᠭᠤᠯᠪᠤᠷᠢ ᠂ ᠬᠠᠷᠢᠯᠴᠠᠬᠤ ᠠᠷᠭ᠎ᠠ ᠬᠡᠯᠪᠡᠷᠢ ᠪᠠᠨ ᠦᠯᠡᠳᠡᠭᠡᠨ᠎ᠡ ᠃   2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ ᠥᠭᠭᠦᠨ᠎ᠡ ᠃   3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃   4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ ᠃   5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ ᠃   6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ ᠬᠠᠩᠭᠠᠨ᠎ᠠ ᠃   7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃   8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃   ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ   ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠨᠢ 2025 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ 17 ᠤ ᠡᠳᠦᠷ ᠪᠣᠯᠲᠠᠯ᠎ᠠ ᠂ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ ᠬᠤᠶᠢᠨ᠎ᠠ 14᠄ 30 — 17᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃   ᠲᠠᠪᠤ ᠂ ᠬᠠᠷᠢᠯᠴᠠᠬᠤ ᠠᠷᠭ᠎ᠠ ᠮᠠᠶ᠋ᠢᠭ   ᠨᠢᠭᠡᠴᠢ ᠶᠢᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ   ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠡᠭᠡ ᠰᠤᠷᠭᠠᠭᠤᠯᠢ ᠶᠢᠨ ᠵᠡᠭᠦᠨ ᠵᠠᠮ ᠤᠨ 120 ᠳ᠋ᠤᠭᠠᠷ ᠠᠰᠠᠷ ᠤᠨ 403 ᠲᠠᠰᠤᠭ   ᠰᠢᠦᠳᠠᠨ ᠨᠣᠮᠧᠷ᠄ 010010   ᠬᠠᠷᠢᠯᠴᠠᠬᠤ ᠬᠥᠮᠥᠨ᠄ ᠰᠢ ᠬᠤᠤ ᠨᠠᠨ   ᠬᠠᠷᠢᠯᠴᠠᠬᠤ ᠤᠲᠠᠰᠤ᠄ 0471 — 3698722
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map