| ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ |
ᠶᠢᠰᠦᠳᠦᠭᠡᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ |
ᠤᠰᠤ ᠠᠷᠪᠢᠯᠠᠬᠤ ᠠᠵᠢᠯᠯᠠᠭ᠎ᠠ ᠶᠢᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ |
ᠨᠠᠶᠢᠳᠠᠪᠤᠷᠢᠵᠢᠭᠤᠯᠬᠤ ᠶᠢᠨ ᠲᠤᠰᠠᠳᠠ ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤᠰᠤ ᠠᠷᠪᠢᠯᠠᠬᠤ |
ᠠᠵᠢᠯᠯᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠤᠰᠤ ᠠᠷᠪᠢᠯᠠᠬᠤ |
ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠮᠤᠷ |
ᠲᠦᠪᠰᠢᠨ ᠢᠶᠠᠷ ᠠᠰᠢᠭᠯᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ ᠃ |
ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ |
ᠲᠥᠯᠥᠭᠡᠯᠡᠭᠴᠢᠳ ᠲᠠᠷᠢᠶᠠᠯᠠᠩ ᠤᠨ ᠤᠰᠤ ᠠᠷᠪᠢᠯᠠᠬᠤ ᠲᠡᠷᠢᠭᠦᠨ ᠤ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ ᠂ |
ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ |
ᠭᠦᠨᠵᠡᠭᠡᠶ ᠶᠠᠷᠢᠯᠴᠠᠵᠤ ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠂ ᠤᠰᠤ |
ᠬᠦᠷᠦᠰᠦ ᠶᠢᠨ ᠴᠢᠭᠢᠭ ᠤᠨ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠬᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ |
ᠲᠠᠷᠢᠶᠠᠯᠠᠩ ᠳᠤ ᠣᠯᠭᠤᠬᠤ ᠶᠢ ᠠᠬᠢᠭᠤᠯᠬᠤ ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠪᠠ ᠬᠠᠲᠤᠨ |
ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠵᠡᠷᠭᠡ ᠲᠠᠷᠢᠶᠠᠨ ᠭᠠᠵᠠᠷ ᠤᠨ ᠤᠰᠤ ᠠᠷᠪᠢᠯᠠᠬᠤ |
ᠮᠡᠷᠭᠡᠵᠢᠯ ᠢ ᠬᠥᠭᠵᠢᠭᠦᠯᠬᠦ ᠵᠡᠷᠭᠡ ᠲᠠᠯ᠎ᠠ ᠪᠠᠷ ᠠᠯᠤᠰ ᠬᠡᠲᠦ ᠶᠢᠨ ᠴᠢᠨᠠᠷᠲᠠᠶ ᠂ ᠰᠢᠨᠵᠢᠯᠡᠬᠦ ᠤᠬᠠᠭᠠᠨᠴᠢ ᠴᠢᠨᠠᠷᠲᠠᠶ ᠂ |
ᠪᠣᠯᠤᠮᠵᠢᠲᠤ ᠴᠢᠨᠠᠷᠲᠠᠶ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠤᠬᠠᠶ ᠰᠠᠨᠠᠭᠤᠯᠭ᠎ᠠ ᠳᠤᠷᠠᠳᠪᠠ ᠃ |
ᠬᠤᠷᠠᠯ ᠠᠴᠠ ᠂ ᠪᠠᠶᠠᠨᠨᠠᠭᠤᠷ ᠬᠤᠳᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ |
ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ ᠂ |
ᠨᠠᠮᠤᠷ ᠤᠨ ᠤᠰᠤᠯᠠᠯᠲᠠ ᠂ ᠬᠠᠪᠤᠷ ᠤᠨ ᠴᠤᠭᠯᠠᠷᠠᠯ ᠂ ᠵᠤᠨ ᠤ ᠤᠰᠤᠯᠠᠯᠲᠠ ᠵᠡᠷᠭᠡ ᠭᠤᠭᠴᠤᠭ᠎ᠠ ᠶᠢ ᠨᠢᠭᠡᠳᠦᠯᠲᠡᠢ |
ᠲᠥᠯᠥᠪᠵᠢᠭᠦᠯᠬᠦ ᠪᠠᠨ ᠴᠢᠩᠭᠠᠳᠬᠠᠵᠤ ᠂ ᠠᠮᠤ ᠪᠤᠳᠠᠭ᠎ᠠ ᠪᠣᠯᠤᠨ ᠠᠵᠤ ᠠᠬᠤᠢ ᠶᠢᠨ ᠲᠠᠷᠢᠮᠠᠯ ᠤᠨ ᠤᠰᠤ ᠬᠡᠷᠡᠭᠯᠡᠬᠦ |
ᠰᠢᠨᠵᠢᠯᠡᠬᠦ ᠤᠬᠠᠭᠠᠨᠴᠢ ᠲᠤᠬᠢᠷᠠᠭᠤᠯᠤᠯᠳᠠ ᠶᠢ ᠪᠠᠲᠤᠯᠠᠬᠤ ᠬᠡᠷᠡᠭᠲᠡᠢ︔ ᠠᠵᠤ ᠦᠢᠯᠡᠳᠪᠦᠷᠢ ᠶᠢᠨ ᠤᠰᠤ ᠠᠷᠪᠢᠯᠠᠵᠤ |
ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ |
ᠬᠦᠴᠦᠯᠡᠵᠦ ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ ᠬᠤᠭᠤᠷᠣᠨᠳᠣᠬᠢ ᠤᠰᠤ ᠬᠡᠷᠡᠭᠯᠡᠬᠦ |
ᠬᠤᠯᠪᠣᠯᠳᠤᠯ ᠪᠣᠯᠤᠨ ᠱᠠᠲᠤᠯᠢᠭ ᠠᠰᠢᠭᠯᠠᠯᠲᠠ ᠶᠢ ᠲᠦᠷᠭᠡᠳᠬᠡᠵᠦ ᠂ ᠤᠰᠤ ᠬᠡᠷᠡᠭᠯᠡᠬᠦ ᠰᠠᠶᠢᠨ ᠠᠮᠢ ᠠᠬᠤᠶ ᠶᠢ ᠪᠣᠶ |
ᠪᠣᠯᠭᠠᠬᠤ ᠬᠡᠷᠡᠭᠲᠡᠶ︔ ᠬᠤᠳᠠ ᠪᠠᠯᠭᠠᠰᠤᠨ ᠤ ᠤᠰᠤ ᠠᠷᠪᠢᠯᠠᠬᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ |
ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠬᠤᠳᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ |
ᠲᠣᠣᠷ ᠤᠨ ᠭᠤᠭᠤᠵᠢᠵᠤ ᠰᠦᠢᠳᠬᠦ ᠶᠢ ᠵᠠᠰᠠᠬᠤ ᠶᠢ ᠲᠦᠷᠭᠡᠳᠬᠡᠨ ᠠᠬᠢᠭᠤᠯᠵᠤ ᠂ ᠭᠡᠷ᠎ᠡ ᠶᠢᠨ ᠤᠰᠤ ᠠᠷᠪᠢᠯᠠᠬᠤ |
ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ |
ᠤᠰᠤ ᠬᠡᠷᠡᠭᠯᠡᠬᠦ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ︔ ᠡᠩ ᠤᠨ ᠪᠤᠰᠤ ᠤᠰᠤᠨ ᠰᠤᠷᠪᠤᠯᠵᠢ ᠶᠢ |
ᠠᠰᠢᠭᠯᠠᠬᠤ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠡᠩ ᠤᠨ ᠪᠤᠰᠤ ᠤᠰᠤᠨ ᠰᠤᠷᠪᠤᠯᠵᠢ ᠶᠢ |
ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠤᠬᠢᠷᠠᠭᠤᠯᠤᠨ ᠬᠠᠮᠢᠶᠠᠷᠬᠤ ᠳᠤ ᠣᠷᠣᠭᠤᠯᠵᠤ ᠂ ᠳᠠᠬᠢᠯᠲᠠ ᠤᠰᠤ ᠶᠢ |
ᠠᠰᠢᠭᠯᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠳᠠᠬᠢᠯᠲᠠ ᠤᠰᠤᠨ ᠤ |
ᠠᠰᠢᠭᠯᠠᠯᠲᠠ ᠶᠢᠨ ᠨᠤᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ︔ ᠪᠦᠬᠦ ᠨᠡᠶᠢᠭᠡᠮ ᠤᠨ ᠤᠰᠤ |
ᠠᠷᠪᠢᠯᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠬᠤᠳᠠ ᠶᠢᠨ ᠠᠷᠠᠳ ᠤᠨ ᠦᠵᠡᠵᠦ |
ᠰᠣᠨᠢᠷᠬᠠᠬᠤ ᠳᠤᠷᠠᠲᠠᠢ ᠬᠡᠯᠪᠡᠷᠢ ᠪᠠᠷ ᠤᠬᠠᠭᠤᠯᠭ᠎ᠠ ᠥᠷᠨᠢᠭᠦᠯᠵᠦ ᠂ ᠠᠷᠠᠳ ᠤᠯᠠᠨ ᠤ ᠤᠰᠤ ᠠᠷᠪᠢᠯᠠᠬᠤ ᠤᠬᠠᠮᠰᠠᠷ ᠢ |
ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃ |
|