ᠲᠤᠰ ᠰᠤᠨᠢᠨ ᠪᠡᠬᠡᠵᠢᠩ ᠤᠨ 1 ᠳ᠋ᠦ᠋ᠭᠡᠷ ᠰᠠᠷ᠎ᠠ ᠶᠢᠨ 14 ᠤ ᠡᠳᠦᠷ ᠤᠨ ᠴᠠᠬᠢᠯᠭᠠᠨ ᠮᠠᠲᠡᠭᠡ ︵ |
ᠰᠤᠷᠪᠤᠯᠵᠢᠯᠠᠭᠴᠢ ᠲᠦᠩ ᠵᠢᠶᠠᠨ ᠶᠠᠩ︶ ᠰᠤᠷᠪᠤᠯᠵᠢᠯᠠᠭᠴᠢ 2025 ᠤᠨ ᠤ ᠪᠦᠭᠦ ᠤᠯᠤᠰ ᠤᠨ ᠤᠰᠤᠨ |
ᠠᠰᠢᠬᠯᠠᠯᠲᠠ ᠶᠢᠨ ᠠᠵᠢᠯ ᠤᠨ ᠬᠤᠷᠠᠯᠲᠤᠭᠠᠨ ᠠᠴᠠ ᠤᠶᠢᠯᠠᠭᠠᠵᠤ ᠮᠡᠲᠡᠭᠰᠡᠨ ᠨᠢ 2024 ᠤᠨ ᠤ ᠤᠰᠤᠨ |
ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠲᠠ ᠲᠡᠦᠭᠡᠨ ᠰᠢᠨ᠎ᠡ ᠲᠡᠮᠳᠡᠭᠯᠡᠯ ᠢ ᠡᠭᠦᠳᠴᠦ ᠂ |
ᠤᠯᠤᠰ ᠤᠨ ᠤᠰᠤᠨ ᠠᠰᠢᠬᠯᠠᠯᠲᠠ ᠶᠢᠨ ᠳᠤᠤᠷ ᠤᠨ ᠴᠢᠬᠤᠯᠠ ᠶᠡᠭᠡ ᠢᠨᠵᠧᠨᠧᠷᠢᠩ 41 ᠳᠦᠷᠦᠯ ᠵᠦᠢᠯ ᠢ |
ᠬᠡᠷᠡᠭᠵᠢᠭᠦᠯᠵᠦ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠨᠢ 46967 ᠪᠤᠯᠵᠤ ᠂ ᠤᠰᠤᠨ |
ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠯᠠ ᠤᠷᠤᠭᠤᠯᠤᠯᠲᠠ ᠨᠢ 13529 ᠳ᠋ᠦᠩᠰᠢᠭᠤᠷ |
ᠳᠦᠭᠦᠷᠢᠭ ᠲᠤ ᠬᠦᠷᠴᠦ ᠂ ᠠᠲᠠᠯᠢ ᠬᠤᠭᠤᠴᠠᠭᠠᠨ ᠠᠴᠠ 12.8% ᠪᠠᠷ ᠨᠡᠮᠡᠭᠲᠡᠵᠦ ᠂ ᠲᠡᠦᠭᠡ ᠶᠢᠨ ᠰᠢᠨ᠎ᠡ |
ᠲᠡᠮᠳᠡᠭᠯᠡᠯ ᠢ ᠡᠭᠦᠳᠴᠡᠢ︔ ᠶᠡᠭᠡ ᠬᠡᠪᠴᠢᠶᠠᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ 314.7 |
ᠳᠦᠮᠡᠨ ᠬᠦᠮᠦᠨ ᠳᠤ ᠠᠵᠢᠯ ᠤᠯᠭᠤᠵᠤ ᠂ ᠠᠲᠠᠯᠢ ᠬᠤᠭᠤᠴᠠᠭᠠᠨ ᠠᠴᠠ 14.9% ᠪᠠᠷ ᠨᠡᠮᠡᠭᠲᠡᠵᠡᠢ ᠃ |
ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠭᠤᠣᠯ ᠠᠷᠤᠭ ᠶᠠᠰᠤ ᠪᠠ ᠲᠣᠮᠣ ᠯᠤᠭᠰᠢᠭᠤᠨ |
ᠰᠤᠳᠠᠯ ᠢ ᠲᠦᠷᠭᠡᠪᠴᠢᠯᠡᠨ ᠪᠠᠶᠢᠭᠤᠯᠵᠤ ᠂ ᠬᠠᠳᠤᠨ ᠭᠤᠣᠯ ᠤᠨ ᠡᠷᠲᠡᠨ ᠤ ᠮᠡᠷᠭᠡᠳ ᠵᠡᠷᠭᠡ ᠨᠢᠭᠡ ᠪᠦᠯᠦᠭ ᠴᠢᠬᠤᠯᠠ |
ᠶᠡᠭᠡ ᠢᠨᠵᠧᠨᠧᠷᠢᠩ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ ᠂ ᠤᠰᠤᠨ ᠠᠰᠢᠭᠯᠠᠯᠲᠠ ᠶᠢᠨ ᠠᠵᠢᠯ |
ᠢᠳᠡᠪᠬᠢᠲᠡᠢ ᠠᠬᠢᠴᠠ ᠲᠠᠢ ᠪᠣᠯᠪᠠ ᠃ ᠤᠰᠤᠨ ᠠᠰᠢᠭᠯᠠᠯᠲᠠ ᠶᠢᠨ ᠢᠨᠵᠧᠨᠧᠷᠢᠩ ᠠᠷᠠᠳ ᠤᠨ ᠠᠮᠢᠳᠤᠷᠠᠯ ᠳᠤ ᠠᠰᠢᠭ |
ᠬᠦᠷᠲᠡᠭᠡᠵᠦ ᠂ ᠬᠥᠳᠡᠭᠡ ᠲᠣᠰᠬᠤᠨ ᠤ 2.3 ᠲᠦᠮᠡᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ ᠶᠢ ᠪᠡᠶᠡᠯᠡᠭᠦᠯᠵᠦ ᠂ ᠬᠥᠳᠡᠭᠡ ᠲᠣᠰᠬᠤᠨ ᠤ 1.1 ᠳ᠋ᠦᠩᠰᠢᠭᠤᠷ ᠬᠥᠮᠦᠨ ᠠᠮᠠ ᠶᠢᠨ ᠤᠰᠤ ᠬᠠᠩᠭᠠᠬᠤ |
ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠪᠦᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ |
ᠤᠰᠤᠨ ᠤ ᠲᠦᠭᠡᠮᠡᠯᠵᠢᠭᠦᠯᠦᠯᠲᠡ ᠶᠢᠨ ᠨᠣᠷᠮ᠎ᠠ ᠶᠢ 94% ᠳᠤ ᠬᠦᠷᠦᠭᠦᠯᠦᠨ᠎ᠡ ᠃ |
|