︽ᠡᠷᠬᠡ ᠲᠡᠭᠰᠢ ᠂ ᠲᠥᠪ ᠭᠤᠣᠯᠴᠢ ᠂ ᠢᠯᠡ ᠲᠣᠳᠣ︾ ᠪᠠᠶᠢᠬᠤ ᠵᠠᠷᠴᠢᠮ ᠶᠣᠰᠣᠭᠠᠷ ᠂ ᠰᠢᠯᠢ ᠶᠢᠨ ᠭᠤᠤᠯ |
ᠠᠶᠢᠮᠠᠭ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ ᠣᠲᠣ 2025 |
ᠣᠨ ᠤ ᠳᠠᠭᠠᠭᠠᠴᠢᠯᠠᠯᠲᠠ ᠵᠠᠷᠯᠠᠵᠦ ᠣᠷᠣᠯᠠᠬᠤ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠬᠤ ᠠᠵᠢᠯ ᠢ |
ᠥᠷᠨᠢᠭᠦᠯᠵᠦ ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ |
ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ ᠃ |
2. ᠲᠥᠷᠥᠯ ᠵᠦᠢᠯ ᠤᠨ ᠠᠭᠤᠯᠭ᠎ᠠ᠄ 2025 ᠣᠨ ᠤ ᠰᠢᠯᠢ ᠶᠢᠨ ᠭᠤᠣᠯ ᠤᠨ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ |
ᠲᠤᠬᠠᠶᠢᠯᠠᠭᠰᠠᠨ ᠠᠵᠢᠯ ᠢ ᠬᠠᠷᠢᠭᠤᠴᠠᠨ᠎ᠠ ᠃ |
3. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠰᠢᠯᠢ ᠶᠢᠨ ᠭᠤᠣᠯ ᠠᠶᠢᠮᠠᠭ ᠃ |
ᠬᠤᠶᠠᠷ ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃ |
ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠤᠨ ᠤᠭ ᠵᠦᠢᠯ ᠢ ᠭᠠᠷᠭᠠᠨ ᠦᠵᠡᠭᠦᠯᠵᠦ ᠂ |
ᠬᠠᠭᠤᠯᠪᠤᠷᠢ ᠪᠠ ᠬᠠᠷᠢᠯᠴᠠᠬᠤ ᠠᠷᠭ᠎ᠠ ᠬᠡᠯᠪᠡᠷᠢ ᠪᠠᠨ ᠬᠠᠩᠭᠠᠨ᠎ᠠ ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ |
ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ |
ᠥᠭᠭᠦᠨ᠎ᠡ ᠃ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃ |
4. ᠤᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ ᠂ ᠤᠶᠢᠷ᠎ᠠ ᠶᠢᠨ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠠᠯ ᠢ ᠬᠠᠩᠭᠠᠨ᠎ᠠ ᠃ |
5. 2023 ᠪᠤᠶᠤ 2024 ᠣᠨ ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ |
ᠬᠡᠷᠡᠭ ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ |
ᠡᠷᠦᠬᠡ ᠶᠢᠨ ᠳᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠶᠢ |
ᠬᠠᠩᠭᠠᠨ᠎ᠠ ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ |
ᠬᠠᠩᠭᠠᠨ᠎ᠠ ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃ |
ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠣᠷᠣᠯᠠᠬᠤ ᠪᠠᠶᠢᠭᠤᠯᠤᠮᠵᠢ ᠨᠢ |
2025 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ ᠠᠴᠠ 2025 ᠣᠨ ᠤ 1 ᠳ᠋ᠦ᠋ᠭᠡᠷ ᠰᠠᠷ᠎ᠠ ᠶᠢᠨ 23 ᠤ |
ᠡᠳᠦᠷ ᠪᠣᠯᠲᠠᠯ᠎ᠠ ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ |
ᠬᠤᠶᠢᠨ᠎ᠠ 14᠄ 30 — 17᠄ 00 ᠴᠠᠭ ᠲᠤ ᠰᠢᠯᠢ ᠶᠢᠨ ᠭᠤᠤᠯ ᠤᠨ ᠤᠰᠤᠨ ᠰᠢᠨᠵᠢᠯᠡᠭᠡᠨ ᠤᠰᠤᠨ ᠤ ᠡᠬᠢ |
ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃ |
ᠲᠠᠪᠤ ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠶᠢᠳᠦᠯ᠄ ᠰᠢᠯᠢ ᠶᠢᠨ ᠭᠤᠣᠯ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ |
ᠬᠤᠪᠢᠶᠠᠷᠢ ᠲᠥᠪ |
ᠨᠡᠷ᠎ᠡ ᠮᠡᠳᠡᠭᠦᠯᠬᠦ ᠬᠠᠶ᠋ᠢᠭ᠄ ᠰᠢᠯᠢ ᠶᠢᠨ ᠭᠤᠤᠯ ᠠᠶᠢᠮᠠᠭ ᠤᠨ ᠰᠢᠯᠢ ᠶᠢᠨ ᠬᠤᠲᠠ ᠶᠢᠨ ᠴᠠᠬᠠᠷ ᠶᠡᠭᠡ |
ᠵᠡᠭᠡᠯᠢ ᠶᠢᠨ 62 ᠳ᠋ᠤᠭᠠᠷ ᠠᠰᠠᠷ ᠤᠨ 210 ᠳ᠋ᠤᠭᠠᠷ ᠥᠷᠥᠭᠡ |
ᠰᠢᠦᠳᠠᠨ ᠨᠣᠮᠧᠷ᠄ 026000 |
ᠬᠠᠷᠢᠯᠴᠠᠭᠴᠢ᠄ ᠸᠧᠶ ᠬᠤᠤ ᠷᠠᠨ |
ᠬᠠᠷᠢᠯᠴᠠᠬᠤ ᠤᠲᠠᠰᠤ᠄ 0479 — 2771766︔15247695406 |
|