︽ᠢᠯᠡ᠂ ᠡᠷᠬᠡ ᠲᠡᠭᠰᠢ᠂ ᠲᠥᠪ ᠭᠤᠣᠯᠴᠢ︾ ᠶᠢᠨ ᠵᠠᠷᠴᠢᠮ ᠶᠣᠰᠣᠭᠠᠷ᠂ ᠤᠯᠠᠭᠠᠨᠴᠠᠪ ᠤᠨ ᠤᠰᠤᠨ |
ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ 2025 ᠣᠨ ᠤ ᠳᠠᠭᠠᠭᠠᠴᠢᠯᠠᠯᠲᠠ |
ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ᠂ ᠨᠥᠬᠦᠴᠡᠯ ᠳᠤ |
ᠨᠡᠶᠢᠴᠡᠭᠰᠡᠨ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ |
ᠤᠭᠲᠤᠨ᠎ᠠ᠃ |
ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ |
ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ |
ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠪᠠ᠃ |
2. ᠲᠥᠷᠥᠯ ᠵᠦᠢᠯ ᠤᠨ ᠠᠭᠤᠯᠭ᠎ᠠ᠄ 2025 ᠣᠨ ᠤ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ |
ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠠᠵᠠᠷ ᠳᠣᠤᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ᠂ ᠤᠰᠤᠨ |
ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ᠂ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠵᠡᠷᠭᠡ |
ᠲᠤᠰᠬᠠᠶ ᠪᠠᠯᠠ ᠮᠥᠩᠭᠦ ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠢ ᠣᠷᠣᠯᠠᠬᠤ ᠲᠤᠬᠠᠶᠢᠯᠠᠭᠰᠠᠨ |
ᠠᠵᠢᠯ ᠢ ᠬᠠᠷᠢᠭᠤᠴᠠᠨ᠎ᠠ᠃ |
3. ᠬᠡᠷᠡᠭᠵᠢᠭᠦᠯᠬᠦ ᠴᠠᠭ ᠪᠠ ᠭᠠᠵᠠᠷ᠄ 2025 ᠣᠨ ᠤ ᠤᠯᠠᠭᠠᠨᠴᠠᠪ ᠬᠤᠲᠠ᠃ |
ᠬᠤᠶᠠᠷ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠡᠷᠬᠡᠪᠰᠢ ᠰᠠᠶᠢᠨ |
ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ᠂ ᠭᠦᠢᠴᠡᠳ ᠡᠳ᠋ |
ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ᠃ |
3. ᠲᠣᠰ ᠭᠠᠵᠠᠷ ᠤᠨ ᠳᠠᠭᠠᠭᠠᠴᠢᠯᠠᠯᠲᠠ ᠰᠢᠯᠭᠠᠷᠠᠭᠤᠯᠬᠤ ᠲᠣᠰᠬᠠᠢ ᠲᠠᠯᠠᠪᠤᠷ ᠭᠠᠵᠠᠷ ᠵᠢᠴᠢ ᠪᠡᠯᠡᠳᠬᠡᠮᠵᠢ ᠲᠠᠢ |
ᠪᠠᠶᠢᠬᠤ ᠬᠡᠷᠡᠭᠲᠡᠢ᠃ |
ᠭᠤᠷᠪᠠ᠂ ᠨᠡᠷ᠎ᠡ ᠮᠡᠳᠡᠭᠦᠯᠬᠦ ᠳᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠨᠢ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠬᠠᠤᠯᠢ ᠪᠠᠷ |
ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢ ᠭᠠᠷᠭᠠᠨ ᠦᠵᠡᠭᠦᠯᠵᠦ᠂ |
ᠬᠠᠭᠤᠯᠪᠤᠷᠢ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠬᠠᠩᠭᠠᠬᠤ ᠬᠡᠷᠡᠭᠲᠡᠶ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ |
ᠥᠭᠭᠦᠨ᠎ᠡ︔ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ |
4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠦᠷᠭᠦᠯᠵᠢᠯᠡᠨ |
ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠳᠠᠷᠠᠭᠠᠯᠠᠨ ᠭᠠᠶᠢᠯᠢ |
ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ᠃ |
5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ |
ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ ᠲᠠᠩᠰᠠ |
ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠶᠢᠨ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ |
ᠬᠠᠩᠭᠠᠨ᠎ᠠ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠪᠤᠷᠢ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ︔ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ᠃ |
ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ |
ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ |
ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ |
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ |
01 ᠳ᠋ᠦ᠋ᠭᠡᠷ ᠰᠠᠷ᠎ᠠ ᠶᠢᠨ 23 ᠤ ᠡᠳᠦᠷ ᠠᠴᠠ 2025 ᠣᠨ ᠤ 01 ᠳ᠋ᠦ᠋ᠭᠡᠷ ᠰᠠᠷ᠎ᠠ ᠶᠢᠨ 26 ᠤ ᠡᠳᠦᠷ ᠪᠣᠯᠲᠠᠯ᠎ᠠ᠂ |
ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ 14᠄ |
30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ |
ᠨᠡᠷ᠎ᠡ ᠮᠡᠳᠡᠭᠦᠯᠬᠦ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠱᠣ᠋ ᠮᠠ ᠲᠣᠮᠣ ᠠᠰᠠᠷ ᠤᠨ |
19 ᠳ᠋ᠦ᠋ᠭᠡᠷ ᠠᠰᠠᠷ ᠤᠨ ᠤᠯᠠᠭᠠᠨᠴᠠᠪ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ |
ᠲᠥᠪ ᠤᠨ ᠠᠯᠪᠠᠨ ᠭᠡᠷ |
ᠰᠢᠦᠳᠠᠨ ᠨᠣᠮᠧᠷ᠄ 012000 |
ᠬᠠᠷᠢᠯᠴᠠᠬᠤ ᠬᠥᠮᠦᠨ᠄ ᠵᠠᠩ ᠸᠧᠶ |
ᠬᠠᠷᠢᠯᠴᠠᠬᠤ ᠤᠲᠠᠰᠤ᠄ 15504748035 |
|