︽ᠢᠯᠡ᠂ ᠡᠷᠬᠡ ᠲᠡᠭᠰᠢ᠂ ᠲᠥᠪ ᠭᠤᠣᠯᠴᠢ︾ ᠶᠢᠨ ᠵᠠᠷᠴᠢᠮ ᠶᠣᠰᠣᠭᠠᠷ᠂ ᠬᠥᠬᠡᠬᠤᠲᠠ ᠶᠢᠨ ᠤᠰᠤᠨ |
ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠠᠴᠠ 2025 ᠣᠨ ᠤ ᠳᠠᠭᠠᠭᠠᠴᠢᠯᠠᠯᠲᠠ |
ᠵᠠᠷᠯᠠᠬᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠰᠣᠩᠭᠤᠵᠤ᠂ ᠨᠥᠬᠦᠴᠡᠯ ᠳᠤ ᠨᠡᠶᠢᠴᠡᠭᠰᠡᠨ |
ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠵᠤ |
ᠪᠠᠶᠢᠨ᠎ᠠ᠃ |
ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ |
ᠰᠤᠷᠪᠤᠯᠵᠢ ᠶᠢᠨ ᠬᠤᠪᠢᠶᠠᠷᠢ ᠲᠥᠪ ᠤᠨ 2025 ᠣᠨ ᠤ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ ᠶᠢᠨ ᠢᠯᠡ ᠪᠠᠷ ᠠᠳᠠᠯᠢᠳᠬᠠᠨ ᠰᠣᠩᠭᠤᠬᠤ |
2. ᠲᠥᠷᠥᠯ ᠵᠦᠢᠯ ᠤᠨ ᠠᠭᠤᠯᠭ᠎ᠠ᠄ 2025 ᠣᠨ ᠤ ᠬᠥᠬᠡᠬᠤᠲᠠ ᠶᠢᠨ ᠤᠰᠤᠨ ᠰᠢᠨᠵᠢᠯᠡᠭᠡᠨ ᠤᠰᠤᠨ ᠤ |
ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠭᠠᠵᠠᠷ ᠳᠣᠣᠷᠠᠬᠢ ᠤᠰᠤᠨ ᠤ ᠠᠵᠢᠯᠯᠠᠭᠤᠯᠵᠤ ᠬᠠᠮᠠᠭᠠᠯᠠᠬᠤ᠂ ᠤᠰᠤᠨ |
ᠰᠢᠨᠵᠢᠯᠡᠭᠡᠨ ᠤ ᠥᠷᠲᠡᠭᠡ ᠶᠢᠨ ᠠᠵᠢᠯᠯᠠᠭᠤᠯᠵᠤ ᠬᠠᠮᠠᠭᠠᠯᠠᠬᠤ᠂ ᠤᠰᠤᠨ ᠤ ᠴᠢᠨᠠᠷ ᠢ ᠪᠠᠶᠢᠴᠠᠭᠠᠨ ᠰᠢᠯᠭᠠᠬᠤ᠂ ᠭᠡᠷ |
ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠤᠰᠬᠠᠢ ᠪᠡᠯᠡ ᠮᠥᠩᠭᠦ ᠶᠢᠨ ᠳᠠᠭᠠᠭᠠᠴᠢᠯᠠᠯᠲᠠ ᠵᠠᠷᠯᠠᠵᠤ |
ᠬᠤᠳᠠᠯᠳᠤᠨ ᠠᠪᠬᠤ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ |
3. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ᠄ 2025 ᠣᠨ᠂ ᠬᠥᠬᠡᠬᠤᠲᠠ |
ᠬᠤᠶᠠᠷ᠂ ᠣᠷᠣᠯᠠᠬᠤ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠪᠴᠢᠶᠡᠨ ᠳᠣᠲᠣᠷ᠎ᠠ ᠳᠠᠩᠰᠠᠯᠠᠭᠤᠯᠬᠤ |
ᠬᠡᠷᠡᠭᠲᠡᠶ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠶᠢᠨ ᠬᠠᠮᠲᠤ ︽ᠪᠦᠭᠦᠳᠡ |
ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ |
ᠬᠤᠶᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ |
︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ |
︵2︶ ᠰᠠᠶᠢᠨ ᠠᠷᠠᠯᠵᠢᠶᠠᠨ ᠤ ᠢᠲᠡᠬᠡᠮᠵᠢ ᠨᠢ ᠲᠡᠭᠦᠯᠳᠡᠷᠵᠢᠭᠰᠡᠨ ᠡᠳ᠋ ᠤᠨ ᠶᠠᠪᠤᠳᠠᠯ ᠤᠨ ᠨᠢᠭᠲᠠᠯᠠᠨ |
ᠪᠣᠳᠤᠯᠲᠠ ᠶᠢᠨ ᠳᠦᠷᠢᠮ ᠲᠠᠢ |
︵3︶ ᠭᠡᠷ᠎ᠡ ᠶᠢ ᠭᠦᠢᠴᠡᠳᠭᠡᠬᠦ ᠳᠤ ᠵᠠᠪᠠᠯ ᠱᠠᠭᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ ᠤᠨ |
ᠴᠢᠳᠠᠪᠤᠷᠢ ᠲᠠᠢ |
︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ ᠲᠤᠰᠢᠶᠠᠬᠤ |
ᠰᠠᠶᠢᠨ ᠰᠠᠶᠢᠬᠠᠨ ᠲᠡᠮᠳᠡᠭᠯᠡᠯ ᠲᠠᠢ |
︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ |
ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠪᠠᠶᠢᠬᠤ |
ᠦᠭᠡᠢ |
︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠣᠳ |
ᠨᠦᠭᠦᠴᠡᠯ |
2. ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤᠮᠳᠠ ᠢᠲᠡᠭᠡᠮᠵᠢ ᠶᠢᠨ ᠲᠡᠮᠳᠡᠭᠯᠡᠯ ᠢ |
ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ |
ᠮᠡᠳᠡᠭᠳᠡᠯ︾ ︵ᠡᠳ᠋ ᠬᠥᠮᠥᠷᠭᠡ ︵2016︶ 125 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ |
ᠲᠣᠭᠲᠠᠭᠠᠯ ᠢ ᠦᠨᠳᠦᠰᠦᠯᠡᠪᠡᠯ᠂ ᠬᠠᠩᠭᠠᠯᠭ᠎ᠠ ᠶᠢᠨ ᠬᠤᠳᠠᠯᠳᠤᠭᠠᠴᠢᠨ ᠢ ︽ᠢᠲᠡᠭᠡᠮᠵᠢᠲᠦ ᠳᠤᠮᠳᠠᠳᠤ ᠤᠯᠤᠰ︾ |
ᠰᠦᠯᠵᠢᠶ᠎ᠡ ︵www.creditchina.gov.cn ︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ |
ᠬᠤᠳᠠᠯᠳᠤᠨ ᠠᠪᠬᠤ ᠰᠦᠯᠵᠢᠶ᠎ᠡ ︵www.ccgp.gov.cn ︶ ᠵᠡᠷᠭᠡ ᠠᠷᠭ᠎ᠠ ᠵᠠᠮ ᠢᠶᠠᠷ ᠢᠲᠡᠭᠡᠯ ᠢᠶᠠᠨ |
ᠠᠯᠳᠠᠭᠰᠠᠨ ᠭᠦᠢᠴᠡᠳᠬᠡᠭᠳᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ |
ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ |
ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠪᠠ᠃ ᠳᠤᠮᠳᠠᠳᠤ |
ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠣᠶᠢᠷ᠎ᠠ ᠶᠢᠨ ᠭᠤᠷᠪᠠᠨ ᠵᠢᠯ ᠳᠤ |
ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠲᠠᠢ ᠪᠠᠶᠢᠪᠠᠯ᠂ ᠲᠣᠰ ᠤᠳᠠᠭᠠᠨ ᠤ ᠬᠤᠳᠠᠯᠳᠤᠨ ᠠᠪᠬᠤ |
ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃ |
3. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠶᠢ ᠬᠦᠯᠢᠶᠡᠬᠦ ᠦᠭᠡᠢ᠃ |
ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠳᠤ ᠰᠢᠭᠤᠳ ᠬᠤᠪᠢ ᠡᠵᠡᠮᠳᠡᠬᠦ᠂ ᠬᠠᠮᠢᠶᠠᠷᠬᠤ |
ᠬᠠᠷᠢᠴᠠᠭ᠎ᠠ ᠪᠠᠶᠢᠬᠤ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ ᠳᠤ ᠠᠳᠠᠯᠢ ᠨᠢᠭᠡᠨ ᠳᠠᠭᠠᠭᠠᠴᠢᠯᠠᠯᠲᠠ ᠬᠦᠯᠢᠶᠡᠬᠦ |
ᠪᠤᠶᠤ ᠳᠠᠭᠠᠭᠠᠴᠢᠯᠠᠬᠤ ᠭᠡᠵᠦ ᠬᠤᠪᠢᠶᠠᠷᠢᠯᠠᠭᠰᠠᠨ ᠦᠭᠡᠶ ᠠᠳᠠᠯᠢ ᠨᠢᠭᠡᠨ ᠳᠠᠭᠠᠭᠠᠴᠢᠯᠠᠯᠲᠠ ᠵᠠᠷᠯᠠᠬᠤ ᠲᠥᠷᠥᠯ |
ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠶ᠃ |
4. ᠭᠡᠷ᠎ᠡ ᠭᠦᠢᠴᠡᠳᠬᠡᠬᠦ ᠲᠤᠰᠬᠠᠶ ᠮᠡᠷᠭᠡᠵᠢᠯ ᠤᠨ ᠲᠥᠬᠦᠭᠡᠷᠦᠮᠵᠢ ᠵᠢᠴᠢ ᠲᠠᠯᠠᠪᠤᠷ ᠭᠠᠵᠠᠷ ᠤᠨ ᠭᠡᠷᠡᠴᠢ |
ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃ |
ᠭᠤᠷᠪᠠ᠂ ᠨᠡᠷ᠎ᠡ ᠮᠡᠳᠡᠭᠦᠯᠬᠦ ᠳᠡᠭᠡᠨ ᠠᠪᠴᠤ ᠶᠠᠪᠤᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ |
ᠭᠠᠷᠭᠠᠨ ᠦᠵᠡᠭᠦᠯᠵᠦ᠂ ᠪᠠᠭᠤᠯᠭᠠᠪᠤᠷᠢ ᠶᠢ ᠬᠠᠩᠭᠠᠨ᠎ᠠ︔ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠭᠠᠷᠭᠠᠵᠤ |
ᠥᠭᠭᠦᠨ᠎ᠡ︔ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ |
4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠰᠢᠬᠠᠮ ᠭᠤᠷᠪᠠᠨ ᠰᠠᠷ᠎ᠠ ᠳᠠᠷᠠᠭᠠᠯᠠᠨ |
ᠲᠤᠰᠢᠶᠠᠭᠰᠠᠨ ᠭᠡᠷᠡᠴᠢ ᠮᠠᠲ᠋ᠧᠷᠢᠶᠠᠯ᠂ ᠬᠠᠭᠠᠰ ᠵᠢᠯ ᠰᠢᠬᠠᠮ ᠭᠤᠷᠪᠠᠨ ᠰᠠᠷ᠎ᠠ ᠳᠠᠷᠠᠭᠠᠯᠠᠨ ᠭᠠᠶᠢᠯᠢ ᠲᠠᠲᠠᠪᠤᠷ ᠶᠢ |
ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ︔ |
5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ |
ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ |
ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠶᠢᠨ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ |
ᠬᠠᠩᠭᠠᠨ᠎ᠠ︔ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠲᠠᠰᠤᠯᠪᠤᠷᠢ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ︵www.ccgp.gov.cn ︶ |
ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ |
ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ︔ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠦᠭᠡᠢ᠃ |
ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ |
ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠨᠢᠭᠡᠴᠢ ᠶᠢᠨ ᠠᠯᠪᠠᠨ |
ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ |
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ 2025 ᠣᠨ ᠤ |
01 ᠳ᠋ᠦ᠋ᠭᠡᠷ ᠰᠠᠷ᠎ᠠ ᠶᠢᠨ 13 ᠤ ᠡᠳᠦᠷ ᠠᠴᠠ 2025 ᠣᠨ ᠤ 01 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ |
ᠠᠵᠢᠯ ᠤᠨ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ᠂ ᠦᠳᠡ ᠶᠢᠨ ᠬᠤᠶᠢᠨ᠎ᠠ |
14᠄ 30 — 17᠄ 00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢ ᠲᠤᠰᠢᠶᠠᠨ᠎ᠠ᠃ |
ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ |
ᠯᠢᠤᠢ ᠳ᠋ᠢ ᠯᠢᠩ ᠬᠠᠢ ᠲᠣᠮᠣ ᠠᠰᠠᠷ ᠤᠨ ᠲᠠᠪᠤᠳᠤᠭᠠᠷ ᠳᠠᠪᠬᠤᠷᠯᠢᠭ ᠤᠨ ᠬᠥᠬᠡᠬᠤᠲᠠ ᠶᠢᠨ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠤᠨ ᠠᠯᠪᠠᠨ ᠬᠡᠷ |
ᠰᠢᠦᠳᠠᠨ ᠨᠣᠮᠧᠷ᠄ 010010 |
ᠬᠠᠷᠢᠯᠴᠠᠬᠤ ᠬᠥᠮᠦᠨ᠄ ᠶᠤᠸᠠᠨ ᠰᠢᠶᠤᠤ ᠶᠠᠩ |
ᠬᠠᠷᠢᠯᠴᠠᠬᠤ ᠤᠲᠠᠰᠤ᠄ 15248173236 |
|
ᠳᠠᠭᠠᠯᠳᠣᠭᠤᠯᠥᠯ᠄ᠬᠤᠪᠢ ᠲᠣᠠᠠᠳᠠᠭᠠᠬᠤ ᠪᠡᠷᠢᠮᠵᠢᠶ᠎ᠠ .docx |
|
|
|