︽ᠢᠯᠡ᠂ ᠡᠷᠬᠡ ᠲᠡᠭᠰᠢ᠂ ᠲᠥᠪ ᠭᠤᠣᠯᠴᠢ︾ ᠪᠠᠶᠢᠬᠤ ᠵᠠᠷᠴᠢᠮ ᠶᠣᠰᠣᠭᠠᠷ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ |
ᠬᠠᠮᠢᠶᠠᠷᠤᠯᠲᠠ ᠶᠢᠨ ᠲᠥᠪ ᠤᠨ ︵2025 — 2027 ᠣᠨ︶ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ ᠶᠢ ᠢᠯᠡ ᠪᠠᠷ ᠠᠳᠠᠯᠢᠳᠬᠠᠨ ᠰᠣᠩᠭᠤᠵᠤ᠂ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ |
ᠣᠷᠣᠯᠠᠬᠤ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠲᠤᠨ᠎ᠠ᠃ |
ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ |
ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ |
ᠭᠤᠤᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ ︵2025 — 2027 |
ᠣᠨ︶ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠶᠢᠨ ᠬᠥᠮᠥᠷᠭᠡ ᠶᠢᠨ ᠬᠤᠳᠠᠯᠳᠤᠨ ᠠᠪᠬᠤ |
ᠲᠥᠷᠥᠯ ᠵᠦᠢᠯ |
ᠠᠳᠠᠯᠢᠳᠬᠠᠨ ᠰᠣᠩᠭᠤᠬᠤ ᠠᠭᠤᠯᠭ᠎ᠠ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ |
ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠦᠢᠯᠡᠴᠢᠯᠡᠭᠡᠨ ᠤ ᠲᠦᠷᠦᠯ ᠵᠡᠷᠭᠡ ᠲᠤᠰᠬᠠᠢ |
ᠮᠡᠷᠭᠡᠵᠢᠯ ᠤᠨ ᠳᠠᠭᠠᠭᠠᠴᠢᠯᠠᠯᠲᠠ ᠵᠠᠷᠯᠠᠬᠤ ᠠᠵᠢᠯ ᠢ ᠬᠠᠷᠢᠭᠤᠴᠠᠵᠤ ᠪᠠᠶᠢᠭ᠎ᠠ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ |
ᠪᠠᠶᠢᠭᠤᠯᠤᠮᠵᠢ |
ᠠᠳᠠᠯᠢᠳᠬᠠᠨ ᠰᠣᠩᠭᠤᠬᠤ ᠬᠡᠪᠴᠢᠶ᠎ᠡ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠦᠢᠯᠡᠴᠢᠯᠡᠭᠡᠨ ᠤ ᠲᠥᠷᠥᠯ ᠵᠡᠷᠭᠡ ᠲᠤᠰᠬᠠᠶ |
ᠮᠡᠷᠭᠡᠵᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠭᠡᠬᠦ ᠺᠣᠮᠫᠠᠨᠢ ᠶᠢᠨ ᠡᠮᠦᠨ᠎ᠡ ᠭᠤᠷᠪᠠᠨ ᠨᠡᠷ᠎ᠡ ᠶᠢ |
ᠬᠥᠮᠥᠷᠭᠡ ᠳᠤ ᠣᠷᠣᠭᠤᠯᠬᠤ ᠪᠠᠶᠢᠭᠤᠯᠤᠮᠵᠢ ᠪᠣᠯᠭᠠᠨ᠎ᠠ᠃ |
ᠬᠤᠶᠠᠷ᠂ ᠬᠥᠮᠥᠨ ᠰᠣᠩᠭᠤᠬᠤ ᠬᠢᠷᠢ ᠬᠡᠮ ᠤᠨ ᠱᠠᠭᠠᠷᠳᠠᠯᠭ᠎ᠠ |
ᠲᠣᠰ ᠤᠳᠠᠭᠠᠨ ᠤ ᠠᠳᠠᠯᠢᠳᠬᠠᠨ ᠰᠣᠩᠭᠤᠬᠤ ᠱᠠᠭᠠᠷᠳᠠᠯᠭ᠎ᠠ ᠶᠢᠨ ᠣᠷᠣᠯᠴᠠᠭᠴᠢ ᠨᠢ ᠵᠣᠬᠢᠴᠠᠩᠭᠤᠶ ᠤᠰᠤᠨ |
ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠵᠠᠰᠠᠭ ᠤᠨ ᠣᠷᠳᠣᠨ ᠤ |
ᠬᠤᠳᠠᠯᠳᠤᠨ ᠠᠪᠬᠤ ᠲᠥᠷᠥᠯ ᠵᠦᠢᠯ᠂ ᠡᠳ᠋ ᠪᠠᠷᠠᠭ᠎ᠠ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠴᠢᠳᠠᠪᠤᠷᠢ ᠶᠢ |
ᠡᠭᠦᠷᠭᠡᠯᠡᠬᠦ ᠶᠢᠨ ᠬᠠᠮᠲᠤ᠂ ᠲᠣᠭᠲᠠᠭᠠᠭᠰᠠᠨ ᠬᠢᠷᠢ ᠬᠡᠮ ᠤᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ |
ᠣᠷᠣᠯᠠᠨ ᠭᠦᠢᠴᠡᠳᠭᠡᠬᠦ ᠺᠣᠮᠫᠠᠨᠢ ᠮᠥᠷᠲᠡᠭᠡᠨ 2022 ᠣᠨ ᠤ 1 ᠳ᠋ᠦ᠋ᠭᠡᠷ ᠰᠠᠷ᠎ᠠ ᠠᠴᠠ ᠨᠠᠭᠠᠰᠢ ᠨᠠᠭᠠᠳᠤ |
ᠵᠠᠬ᠎ᠠ ᠳᠤ ᠪᠠᠨ ᠭᠤᠷᠪᠠᠨ ᠵᠦᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠂ ᠭᠤᠷᠪᠠᠨ ᠵᠦᠢᠯ ᠤᠨ ᠵᠠᠰᠠᠭ ᠤᠨ |
ᠣᠷᠳᠣᠨ ᠤ ᠬᠤᠳᠠᠯᠳᠤᠨ ᠠᠪᠬᠤ᠂ ᠭᠤᠷᠪᠠᠨ ᠵᠦᠢᠯ ᠤᠨ ᠦᠢᠯᠡᠴᠢᠯᠡᠭᠡᠨ ᠤ ᠲᠥᠷᠥᠯ ᠵᠡᠷᠭᠡ ᠡᠶᠢᠮᠦᠷᠬᠦ ᠠᠮᠵᠢᠯᠲᠠ |
ᠪᠦᠲᠦᠮᠵᠢ ᠶᠢ ᠡᠭᠦᠷᠭᠡᠯᠡᠵᠦ ᠥᠩᠭᠡᠷᠡᠭᠰᠡᠨ ᠺᠣᠮᠫᠠᠨᠢ ᠪᠣᠯᠤᠨ᠎ᠠ᠂ ᠡᠶᠢᠮᠦᠷᠬᠦ ᠠᠮᠵᠢᠯᠲᠠ ᠪᠦᠲᠦᠮᠵᠢ ᠳᠤ ᠬᠦᠷᠦᠭᠰᠡᠨ |
ᠥᠬᠡᠶ ᠳᠠᠭᠠᠭᠠᠴᠢᠯᠠᠯᠲᠠ ᠵᠠᠷᠯᠠᠬᠤ ᠣᠷᠣᠯᠠᠨ ᠭᠦᠢᠴᠡᠳᠭᠡᠬᠦ ᠺᠣᠮᠫᠠᠨᠢ ᠠᠳᠠᠯᠢᠳᠬᠠᠨ ᠰᠣᠩᠭᠤᠬᠤ ᠳᠤ ᠣᠷᠣᠯᠴᠠᠵᠤ |
ᠪᠣᠯᠬᠤ ᠥᠬᠡᠶ᠃ ᠡᠭᠦᠨ ᠤ ᠬᠠᠮᠲᠤ ᠳᠣᠤᠷᠠᠬᠢ ᠨᠥᠬᠦᠴᠡᠯ ᠢ ᠬᠠᠮᠲᠤ ᠳᠤ ᠨᠢ ᠪᠦᠷᠢᠯᠳᠦᠭᠦᠯᠦᠨ᠎ᠡ᠄ |
1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠪᠴᠢᠶᠡᠨ ᠳᠣᠲᠣᠷ᠎ᠠ ᠳᠠᠩᠰᠠᠯᠠᠭᠤᠯᠬᠤ |
ᠬᠡᠷᠡᠭᠲᠡᠶ᠂ ᠲᠤᠰᠬᠠᠢ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠬᠤ ᠶᠢᠨ ᠬᠠᠮᠲᠤ ︽ᠪᠦᠭᠦᠳᠡ ᠨᠠᠶᠢᠷᠠᠮᠳᠠᠬᠤ |
ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ |
ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ |
︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ︔ |
︵2︶ ᠬᠤᠳᠠᠯᠳᠤᠭᠠᠨ ᠤ ᠢᠲᠡᠭᠡᠯ ᠬᠦᠨᠳᠦ ᠪᠠ ᠲᠡᠭᠦᠯᠳᠡᠷᠵᠢᠭᠰᠡᠨ ᠡᠳ᠋ ᠤᠨ ᠶᠠᠪᠤᠳᠠᠯ ᠤᠨ ᠨᠢᠭᠲᠠᠯᠠᠨ |
ᠪᠣᠳᠣᠬᠤ ᠳᠦᠷᠢᠮ ᠲᠠᠢ︔ |
︵3︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠣᠨᠤᠭ ᠲᠥᠬᠦᠭᠡᠷᠦᠮᠵᠢ ᠪᠠ ᠲᠤᠰᠬᠠᠢ |
ᠮᠡᠷᠭᠡᠵᠢᠯ ᠤᠨ ᠴᠢᠳᠠᠪᠤᠷᠢ ᠲᠠᠢ︔ |
︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠬᠤ |
ᠰᠠᠶᠢᠨ ᠰᠠᠶᠢᠬᠠᠨ ᠲᠡᠮᠳᠡᠭᠯᠡᠯ ᠲᠠᠢ︔ |
︵5︶ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠠᠴᠠ ᠵᠥᠷᠢᠴᠡᠭᠰᠡᠨ |
ᠴᠢᠬᠤᠯᠠ ᠶᠡᠭᠡ ᠲᠡᠮᠳᠡᠭᠯᠡᠯ ᠪᠠᠶᠢᠬᠤ ᠦᠭᠡᠢ︔ |
︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ |
ᠨᠥᠬᠦᠴᠡᠯ︔ |
2. ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠢᠲᠡᠭᠡᠮᠵᠢ ᠶᠢᠨ ᠲᠡᠮᠳᠡᠭᠯᠡᠯ ᠢ |
ᠪᠠᠶᠢᠴᠠᠭᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ |
ᠮᠡᠳᠡᠭᠳᠡᠯ︾ ︵ᠡᠳ᠋ ᠬᠥᠮᠥᠷᠭᠡ ︵2016︶ 125 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ |
ᠲᠣᠭᠲᠠᠭᠠᠯ ᠢ ᠦᠨᠳᠦᠰᠦᠯᠡᠪᠡᠯ᠂ ᠬᠠᠩᠭᠠᠯᠭ᠎ᠠ ᠶᠢᠨ ᠬᠤᠳᠠᠯᠳᠤᠭᠠᠴᠢᠨ ᠨᠢ ︽ᠢᠲᠡᠭᠡᠮᠵᠢᠲᠦ ᠳᠤᠮᠳᠠᠳᠤ ᠤᠯᠤᠰ︾ ︵ |
www.creditchina.gov.cn ︶᠂ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ |
ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ︾ ︵http://www.gsxt.gov.cn/index.html ︶ ᠲᠤ |
ᠵᠢᠭᠰᠠᠭᠠᠭᠳᠠᠭᠰᠠᠨ ᠥᠬᠡᠶ᠂ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ |
ᠵᠡᠷᠭᠡ ᠠᠷᠭ᠎ᠠ ᠵᠠᠮ ᠢᠶᠠᠷ ᠢᠲᠡᠭᠡᠮᠵᠢ ᠠᠯᠳᠠᠭᠰᠠᠨ ᠬᠦᠢᠴᠡᠳᠬᠡᠭᠴᠢ᠂ ᠴᠢᠬᠤᠯᠠ ᠶᠡᠭᠡ ᠭᠠᠶᠢᠯᠢ ᠲᠠᠲᠠᠪᠤᠷᠢ ᠶᠢᠨ |
ᠬᠠᠤᠯᠢ ᠶᠢ ᠵᠥᠷᠢᠴᠡᠭᠰᠡᠨ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ |
ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ |
ᠨᠡᠷᠡᠰ ᠲᠤ ᠵᠢᠭᠰᠠᠭᠠᠭᠳᠠᠭᠰᠠᠨ ᠥᠬᠡᠶ︔ ᠴᠢᠬᠤᠯᠠ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ |
ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ |
ᠵᠢᠭᠰᠠᠭᠠᠭᠳᠠᠭᠰᠠᠨ ᠥᠬᠡᠶ︔ ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ |
ᠰᠦᠯᠵᠢᠶᠡᠨ ᠳᠤ ᠣᠶᠢᠷ᠎ᠠ ᠶᠢᠨ ᠭᠤᠷᠪᠠᠨ ᠵᠢᠯ ᠳᠤ ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠲᠠᠢ ᠪᠠᠶᠢᠪᠠᠯ᠂ |
ᠲᠣᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ᠃ |
3. ᠲᠣᠰ ᠲᠥᠷᠥᠯ ᠵᠦᠢᠯ ᠨᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠬᠦᠯᠢᠶᠡᠬᠦ |
ᠥᠬᠡᠶ᠃ ᠨᠢᠭᠡᠴᠢ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠳᠤ ᠰᠢᠭᠤᠳ ᠬᠤᠪᠢ ᠡᠵᠡᠮᠳᠡᠬᠦ᠂ |
ᠬᠠᠮᠢᠶᠠᠷᠬᠤ ᠬᠠᠷᠢᠴᠠᠭ᠎ᠠ ᠪᠠᠶᠢᠬᠤ ᠠᠳᠠᠯᠢ ᠪᠤᠰᠤ ᠳᠠᠭᠠᠭᠠᠴᠢᠯᠠᠯᠲᠠ ᠬᠦᠯᠢᠶᠡᠭᠴᠢ ᠳᠤ ᠠᠳᠠᠯᠢ ᠨᠢᠭᠡᠨ ᠳᠠᠭᠠᠭᠠᠴᠢᠯᠠᠯᠲᠠ |
ᠬᠦᠯᠢᠶᠡᠬᠦ ᠪᠤᠶᠤ ᠳᠠᠭᠠᠭᠠᠴᠢᠯᠠᠬᠤ ᠭᠡᠵᠦ ᠬᠤᠪᠢᠶᠠᠷᠢᠯᠠᠭᠰᠠᠨ ᠦᠭᠡᠶ ᠠᠳᠠᠯᠢ ᠨᠢᠭᠡᠨ ᠳᠠᠭᠠᠭᠠᠴᠢᠯᠠᠯᠲᠠ ᠵᠠᠷᠯᠠᠬᠤ |
ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠳᠤ ᠣᠷᠣᠯᠴᠠᠵᠤ ᠪᠣᠯᠬᠤ ᠦᠭᠡᠶ᠃ |
ᠭᠤᠷᠪᠠ᠂ ᠨᠡᠷ᠎ᠡ ᠮᠡᠳᠡᠭᠦᠯᠬᠦ ᠳᠤ ᠬᠡᠷᠡᠭᠰᠡᠬᠦ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠨᠢ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠢᠶᠠᠨ ᠭᠠᠷᠭᠠᠨ |
ᠦᠵᠡᠭᠦᠯᠵᠦ᠂ ᠪᠠᠭᠤᠯᠭᠠᠪᠤᠷᠢ ᠶᠢ ᠬᠠᠩᠭᠠᠬᠤ ᠬᠡᠷᠡᠭᠲᠡᠢ︔ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ |
ᠵᠢᠷᠤᠬᠤ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ |
ᠥᠭᠭᠦᠨ᠎ᠡ︔ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠬᠦᠴᠦᠨ ᠪᠦᠬᠦᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔ |
4. ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠦᠷᠭᠦᠯᠵᠢᠯᠡᠨ |
ᠲᠤᠰᠢᠶᠠᠭᠰᠠᠨ ᠭᠡᠷᠡᠴᠢ ᠮᠠᠲ᠋ᠧᠷᠢᠶᠠᠯ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠳᠠᠷᠠᠭᠠᠯᠠᠨ ᠭᠠᠶᠢᠯᠢ |
ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ ᠢ ᠬᠠᠩᠭᠠᠨ᠎ᠠ︔ |
5. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ |
ᠬᠠᠩᠭᠠᠨ᠎ᠠ᠃ |
6. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠭᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠣᠭᠲᠤᠯᠤᠭᠰᠠᠨ ᠵᠢᠷᠤᠭ ᠵᠢᠴᠢ ︽ᠤᠯᠤᠰ ᠤᠨ ᠠᠵᠤ |
ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ︾ ︵http://www.gsxt. |
gov.cn/index.html ︶ ᠤᠨ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ |
ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠤᠯᠤᠭᠰᠠᠨ ᠵᠢᠷᠤᠭ ᠢ ᠬᠠᠩᠭᠠᠨ᠎ᠠ︔ |
7. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠣᠲᠣ |
ᠪᠣᠯᠲᠠᠯ᠎ᠠ︶ ᠬᠡᠭᠡᠯᠢ ᠲᠦᠯᠬᠢᠬᠦ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠤᠨ |
ᠣᠭᠲᠤᠯᠤᠭᠰᠠᠨ ᠵᠢᠷᠤᠭ ᠦᠭᠡᠢ᠃ |
ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ |
ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ︵ᠨᠢᠭᠡ ᠢᠵᠢ︶ ᠶᠢ ᠬᠠᠩᠭᠠᠬᠤ ᠴᠢᠬᠤᠯᠠᠲᠠᠢ |
ᠮᠦᠷᠲᠡᠭᠡᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠴᠢᠬᠤᠯᠠᠲᠠᠢ᠂ ᠡᠰᠡ ᠲᠡᠶᠢᠮᠦ ᠪᠣᠯ ᠬᠦᠴᠦᠨ ᠦᠭᠡᠢ᠃ |
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠷᠢᠴᠠᠯ ᠢ 2025 ᠣᠨ ᠤ 02 ᠳ᠋ᠤᠭᠠᠷ ᠰᠠᠷ᠎ᠠ ᠶᠢᠨ |
17 ᠤ ᠡᠳᠦᠷ ᠠᠴᠠ 2025 ᠣᠨ ᠤ 02 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠠᠵᠢᠯ ᠤᠨ ᠡᠳᠦᠷ |
ᠪᠦᠷᠢ ᠶᠢᠨ ᠦᠳᠡ ᠶᠢᠨ ᠡᠮᠦᠨ᠎ᠡ 9᠄ 30 — 12᠄ 00 ᠴᠠᠭ᠂ ᠦᠳᠡ ᠶᠢᠨ ᠬᠤᠶᠢᠨ᠎ᠠ 14᠄ 30 — 17᠄ |
00 ᠴᠠᠭ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ᠃ |
ᠨᠡᠷ᠎ᠡ ᠮᠡᠳᠡᠭᠦᠯᠬᠦ ᠬᠠᠶ᠋ᠢᠭ᠄ ᠥᠪᠥᠷ ᠮᠣᠩᠭᠤᠯ ᠤᠨ ᠪᠤᠭᠤᠲᠤ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ |
ᠲᠣᠭᠤᠷᠢᠭ ᠤᠨ ᠬᠤᠪᠣᠷ ᠰᠢᠷᠣᠶ ᠶᠢᠨ ᠶᠡᠭᠡ ᠵᠡᠭᠡᠯᠢ ᠶᠢᠨ 29 ᠳ᠋ᠦ᠋ᠭᠡᠷ ᠲᠣᠭᠠᠲᠤ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ |
ᠲᠥᠪ ᠤᠨ 822 ᠳ᠋ᠤᠭᠠᠷ ᠲᠠᠰᠤᠭ |
ᠲᠠᠪᠤ᠂ ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠢᠶᠠᠨ ᠲᠤᠰᠢᠶᠠᠬᠤ |
ᠠᠳᠠᠯᠢᠳᠬᠠᠨ ᠰᠤᠩᠭᠤᠬᠤ ᠪᠢᠴᠢᠭ ᠮᠠᠲ᠋ᠧᠷᠢᠶᠠᠯ ᠢ ᠲᠤᠰᠢᠶᠠᠬᠤ ᠡᠴᠦᠰ ᠤᠨ ᠴᠠᠭ 2025 ᠣᠨ ᠤ 03 |
ᠳ᠋ᠤᠭᠠᠷ ᠰᠠᠷ᠎ᠠ ᠶᠢᠨ 4 ᠤ ᠡᠳᠦᠷ ︵10 ᠴᠠᠭ 00 ᠮᠢᠨᠥ᠋ᠲ︶᠂ ᠭᠠᠵᠠᠷ᠄ ᠥᠪᠥᠷ ᠮᠣᠩᠭᠤᠯ ᠤᠨ ᠥᠪᠡᠷᠲᠡᠭᠡᠨ |
ᠵᠠᠰᠠᠬᠤ ᠣᠷᠣᠨ ᠤ ᠬᠠᠲᠤᠨ ᠭᠤᠣᠯ ᠤᠨ ᠳ᠋ᠧᠩᠺᠸᠤ ᠶᠢᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ |
ᠲᠥᠪ ᠤᠨ ᠶᠢᠰᠦᠳᠦᠭᠡᠷ ᠳᠠᠪᠬᠤᠷ ᠤᠨ ᠵᠦᠪᠳᠡᠯᠴᠡᠭᠡᠨ ᠤ ᠲᠠᠰᠤᠭ᠃ |
ᠬᠤᠭᠤᠴᠠᠭ᠎ᠠ ᠥᠩᠭᠡᠷᠡᠲᠡᠯ᠎ᠡ ᠬᠦᠷᠭᠡᠬᠦ ᠪᠤᠶᠤ ᠵᠢᠭᠠᠨ ᠲᠤᠭᠲᠠᠭᠠᠭᠰᠠᠨ ᠭᠠᠵᠠᠷ ᠲᠤ ᠬᠦᠷᠭᠡᠭᠰᠡᠨ ᠦᠭᠡᠢ ᠪᠣᠯ |
ᠠᠳᠠᠯᠢᠳᠬᠠᠨ ᠰᠣᠩᠭᠤᠭᠰᠠᠨ ᠪᠢᠴᠢᠭ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠶ᠃ |
ᠵᠢᠷᠭᠤᠭ᠎ᠠ᠂ ᠠᠳᠠᠯᠢᠳᠬᠠᠨ ᠰᠣᠩᠭᠤᠬᠤ ᠴᠠᠭ ᠵᠢᠴᠢ ᠭᠠᠵᠠᠷ ᠣᠷᠣᠨ |
ᠠᠳᠠᠯᠢᠳᠬᠠᠨ ᠰᠣᠩᠭᠤᠬᠤ ᠴᠠᠭ ᠬᠢᠭᠡᠳ ᠭᠠᠷᠳᠠᠭᠤᠯᠤᠨ ᠲᠤᠰᠢᠶᠠᠬᠤ ᠠᠳᠠᠯᠢᠳᠬᠠᠨ ᠰᠤᠩᠭᠤᠬᠤ ᠪᠢᠴᠢᠭ |
ᠮᠠᠲ᠋ᠧᠷᠢᠶᠠᠯ ᠤᠨ ᠬᠢᠵᠠᠭᠠᠷ ᠤᠨ ᠬᠤᠭᠤᠴᠠᠭ᠎ᠠ ᠨᠢ ᠠᠳᠠᠯᠢ |
ᠠᠳᠠᠯᠢᠳᠬᠠᠨ ᠰᠣᠩᠭᠤᠬᠤ ᠭᠠᠵᠠᠷ ᠬᠢᠭᠡᠳ ᠭᠠᠷᠳᠠᠭᠤᠯᠤᠨ ᠲᠤᠰᠢᠶᠠᠬᠤ ᠠᠳᠠᠯᠢᠳᠬᠠᠨ ᠰᠤᠩᠭᠤᠬᠤ ᠪᠢᠴᠢᠭ |
ᠮᠠᠲ᠋ᠧᠷᠢᠶᠠᠯ ᠤᠨ ᠭᠠᠵᠠᠷ ᠨᠢ ᠠᠳᠠᠯᠢ |
ᠳᠣᠯᠤᠭ᠎ᠠ᠂ ᠠᠯᠪᠠᠨ ᠵᠠᠷ ᠨᠡᠶᠢᠲᠡᠯᠡᠭᠰᠡᠨ ᠵᠠᠭᠤᠴᠢᠯᠠᠭᠤᠷ |
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠯᠪᠠᠨ |
ᠰᠦᠯᠵᠢᠶ᠎ᠡ᠄ http://slt.nmg.gov.cn/ ᠪᠤᠰᠤᠳ ᠵᠠᠭᠤᠴᠢᠯᠠᠭᠤᠷ ᠢ ᠳᠠᠮᠵᠢᠭᠤᠯᠤᠨ ᠲᠠᠷᠬᠠᠭᠠᠭᠰᠠᠨ ᠪᠣᠯ |
ᠬᠦᠴᠦᠨ ᠦᠭᠡᠢ᠃ |
ᠨᠠᠢᠮᠠ᠂ ᠬᠠᠷᠢᠯᠴᠠᠬᠤ ᠠᠷᠭ᠎ᠠ ᠮᠠᠶ᠋ᠢᠭ |
ᠨᠠᠶᠢᠳᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠳ᠋ᠧᠩᠺᠸᠤ ᠶᠢᠨ |
ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠥᠪ |
ᠬᠠᠷᠢᠯᠴᠠᠬᠤ ᠬᠥᠮᠥ᠄ ᠵᠠᠩ ᠯᠢ ᠳ᠋ᠦᠩ |
ᠤᠲᠠᠰᠤ᠄ 13296938300 |
|
|