| 2025 ᠣᠨ ᠤ 2 ᠳ᠋ᠤᠭᠠᠷ ᠰᠠᠷ᠎ᠠ ᠶᠢᠨ 15 ᠤ ᠡᠳᠦᠷ ᠂ ︽ᠠᠭᠤᠯᠠ ᠤᠰᠤᠨ ᠤ ᠲᠥᠷᠥᠯ ᠵᠦᠢᠯ︾ ᠤᠨ |
ᠳᠠᠭᠠᠭᠠᠴᠢᠯᠠᠯᠲᠠ ᠣᠯᠤᠭᠰᠠᠨ ᠨᠢᠭᠡᠴᠢ ᠶᠢᠨ ᠳᠤᠮᠳᠠᠳᠤ ᠤᠯᠤᠰ ᠤᠨ ᠲᠡᠮᠦᠷ ᠵᠠᠮ ᠤᠨ ᠠᠷᠪᠠ ᠶᠢᠰᠦᠳᠦᠭᠡᠷ |
ᠲᠣᠪᠴᠢᠶ᠎ᠠ ᠠᠴᠠ ᠲᠤᠰᠠᠯᠠᠨ ᠪᠠᠶᠢᠭᠤᠯᠤᠭᠰᠠᠨ ᠪᠠᠷᠠᠭᠤᠨ ᠯᠢᠶᠣᠤ ᠾᠧ ᠡᠯᠡᠰᠦᠨ ᠨᠦᠬᠡ ᠶᠢ ᠵᠠᠰᠠᠬᠤ ᠲᠥᠷᠥᠯ |
ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ ᠃ ᠢᠨᠵᠧᠨᠧᠷᠢᠩ ᠤᠨ ᠭᠤᠣᠯ ᠪᠣᠯᠬᠤ ᠪᠦᠲᠦᠭᠡᠨ |
ᠪᠠᠶᠢᠭᠤᠯᠤᠯᠲᠠ ᠶᠢᠨ ᠠᠭᠤᠯᠭ᠎ᠠ ᠨᠢ ᠪᠠᠷᠠᠭᠤᠨ ᠯᠢᠶᠣᠤ ᠾᠧ ᠭᠤᠣᠯ ᠤᠨ ᠭᠤᠣᠯ ᠤᠷᠤᠰᠬᠠᠯ ᠤᠨ ᠰᠢᠶᠤᠤ ᠭᠦᠸᠧ |
ᠽᠦᠨ — ᠡᠯ ᠬᠤᠤ ᠽᠦᠨ ᠬᠡᠰᠡᠭ ᠤᠨ ᠭᠤᠣᠯ ᠤᠨ ᠵᠠᠮ ᠢ ᠯᠠᠶᠢᠳᠠᠨ ᠨᠡᠪᠲᠡᠷᠡᠭᠦᠯᠵᠦ ᠂ ᠵᠠᠮ ᠳᠠᠭᠠᠤ ᠶᠢᠨ ᠡᠯᠡᠰᠦᠨ |
ᠨᠦᠬᠡ ᠶᠢ ᠵᠠᠰᠠᠪᠠ ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ ᠂ ᠪᠠᠷᠠᠭᠤᠨ ᠯᠢᠶᠣᠤ ᠾᠧ ᠭᠤᠤᠯ ᠤᠨ |
ᠪᠥᠬᠦ ᠱᠤᠭᠤᠮ ᠢᠶᠠᠷ ᠤᠷᠤᠰᠬᠠᠯ ᠥᠩᠭᠡᠷᠡᠬᠦ ᠵᠠᠩᠭᠢᠯᠠᠭ᠎ᠠ ᠶᠢᠨ ᠲᠦᠭᠵᠢᠷᠡᠯ ᠢ ᠨᠡᠪᠲᠡᠷᠡᠭᠦᠯᠵᠦ ᠂ ᠪᠠᠷᠠᠭᠤᠨ ᠯᠢᠶᠣᠤ |
ᠾᠧ ᠭᠤᠤᠯ ᠤᠨ ᠰᠡᠷᠭᠦᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ ᠃ ᠢᠨᠵᠧᠨᠧᠷᠢᠩ ᠤᠨ |
ᠶᠡᠷᠦᠩᠬᠡᠢ ᠪᠡᠯᠡ ᠣᠷᠤᠭᠤᠯᠤᠯᠲᠠ ᠨᠢ 1100 ᠲᠦᠮᠡᠨ ᠲᠥᠭᠦᠷᠢᠭ ᠪᠠᠶᠢᠵᠤ ᠂ ᠳᠤᠮᠳᠠᠳᠤ ᠤᠯᠤᠰ ᠤᠨ ᠲᠡᠮᠦᠷ |
ᠵᠠᠮ ᠤᠨ ᠠᠷᠪᠠ ᠶᠢᠰᠦᠳᠦᠭᠡᠷ ᠲᠣᠪᠴᠢᠶ᠎ᠠ ᠠᠴᠠ ᠦᠨ᠎ᠡ ᠲᠥᠯᠥᠪᠦᠷᠢ ᠦᠭᠡᠢ ᠪᠠᠷ ᠲᠤᠰᠠᠯᠠᠨ ᠪᠠᠶᠢᠭᠤᠯᠵᠠᠢ ᠃ ᠲᠤᠰ |
ᠲᠦᠷᠦᠯ ᠵᠦᠢᠯ ᠪᠣᠯ ᠪᠠᠷᠠᠭᠤᠨ ᠯᠢᠶᠣᠤᠾᠧ ᠭᠤᠣᠯ ᠢ ᠪᠦᠬᠦ ᠱᠤᠭᠤᠮ ᠢᠶᠠᠷ ᠥᠩᠭᠡᠷᠡᠬᠦ ᠶᠢ ᠪᠠᠲᠤᠯᠠᠵᠤ ᠂ ᠪᠠᠷᠠᠭᠤᠨ |
ᠯᠢᠶᠣᠤ ᠾᠧ ᠭᠤᠣᠯ ᠤᠨ ᠠᠮᠢ ᠠᠬᠤᠢ ᠶᠢᠨ ᠰᠡᠷᠭᠦᠯᠲᠡ ᠳᠤ ᠬᠦᠴᠦᠨ ᠨᠡᠮᠡᠷᠢᠯᠡᠬᠦ ᠵᠠᠩᠭᠢᠯᠠᠭ᠎ᠠ ᠶᠢᠨ ᠢᠨᠵᠧᠨᠧᠷᠢᠩ |
ᠪᠣᠯᠤᠨ᠎ᠠ ᠂ ᠲᠥᠪ ᠤᠨ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡᠯᠡᠯ ᠪᠣᠯᠤᠨ ︽ᠤᠯᠤᠰ ᠤᠨ ᠶᠡᠭᠡ ᠶᠠᠪᠤᠳᠠᠯ︾ |
ᠤᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠭᠦᠢᠴᠡᠳ ᠢᠯᠡᠷᠡᠭᠦᠯᠪᠡ ᠃ |
|