| 2 ᠳ᠋ᠤᠭᠠᠷ ᠰᠠᠷ᠎ᠠ ᠶᠢᠨ 5 ᠤ ᠡᠳᠦᠷ ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠬᠡᠷ |
︽ᠰᠢᠯᠢ ᠶᠢᠨ ᠭᠤᠤᠯ ᠠᠶᠢᠮᠠᠭ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ |
ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ ᠂ 28 ᠵᠦᠢᠯ ᠤᠨ ᠠᠷᠭ᠎ᠠ |
ᠬᠡᠮᠵᠢᠶ᠎ᠡ ᠶᠢ ᠲᠣᠳᠣᠷᠬᠠᠶᠢᠯᠠᠨ ᠂ ᠤᠰᠤ ᠠᠷᠪᠢᠯᠠᠬᠤ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ |
ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ ᠃ |
︽ᠬᠡᠷᠡᠭᠵᠢᠭᠦᠯᠬᠦ ᠲᠥᠰᠦᠯ︾ ᠨᠢ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ |
ᠰᠠᠶᠢᠲᠤᠷ ᠠᠳᠬᠤᠬᠤ ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ |
ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ ᠂ ᠬᠤᠲᠠ ᠬᠥᠳᠡᠭᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠬᠤ ᠂ |
ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ ᠤᠰᠤ ᠠᠷᠪᠢᠯᠠᠬᠤ ᠶᠢ ᠠᠬᠢᠭᠤᠯᠬᠤ ᠵᠡᠷᠭᠡ 7 |
ᠲᠠᠯ᠎ᠠ ᠠᠴᠠ ᠪᠣᠳᠠᠲᠠᠶ ᠠᠷᠭ᠎ᠠ ᠬᠡᠮᠵᠢᠶ᠎ᠡ ᠳᠤᠷᠠᠳᠴᠤ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ |
ᠠᠰᠢᠭᠯᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ ᠃ |
︽ᠬᠡᠷᠡᠭᠵᠢᠭᠦᠯᠬᠦ ᠲᠥᠰᠦᠯ︾ ᠳᠤ ᠂ 2025 ᠣᠨ ᠳᠤ ᠂ ᠪᠥᠬᠦ ᠠᠶᠢᠮᠠᠭ ᠤᠨ ᠤᠰᠤ ᠬᠡᠷᠡᠭᠯᠡᠬᠦ ᠶᠡᠷᠦᠩᠬᠡᠶ |
ᠬᠡᠮᠵᠢᠶ᠎ᠡ ᠶᠢ 4.73 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ ᠂ ᠤᠯᠤᠰ ᠤᠨ |
ᠳᠣᠲᠣᠭᠠᠳᠤ ᠶᠢᠨ ᠲᠦᠮᠡᠨ ᠲᠥᠭᠦᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ |
ᠬᠡᠮᠵᠢᠶ᠎ᠡ ᠶᠢ 2020 ᠣᠨ ᠤ ᠬᠢ ᠠᠴᠠ 5.2% ᠠᠴᠠ ᠳᠡᠭᠡᠭᠰᠢ ᠪᠠᠭᠤᠷᠠᠭᠤᠯᠵᠤ ᠂ ᠲᠠᠷᠢᠶᠠᠯᠠᠩ ᠤᠨ ᠤᠰᠤ |
ᠠᠷᠪᠢᠯᠠᠬᠤ ᠬᠡᠮᠵᠢᠶ᠎ᠡ ᠶᠢ ᠰᠢᠨ᠎ᠡ ᠪᠠᠷ 62 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠵᠦ ᠂ ᠲᠠᠷᠢᠶᠠᠨ |
ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.765% ᠳᠤ |
ᠬᠦᠷᠭᠡᠨ᠎ᠡ ᠭᠡᠵᠦ ᠲᠣᠳᠣᠷᠬᠠᠶ ᠲᠣᠭᠲᠠᠭᠠᠵᠠᠶ ᠃ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ |
ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 5% ᠠᠴᠠ ᠳᠡᠭᠡᠭᠰᠢ ᠪᠠᠭᠤᠷᠠᠭᠤᠯᠤᠨ᠎ᠠ︔ |
ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠤᠰᠤ ᠭᠤᠭᠤᠵᠢᠬᠤ ᠨᠣᠷᠮ᠎ᠠ ᠶᠢ |
9% ᠶᠢᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠵᠤ ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ |
65% ᠠᠴᠠ ᠳᠡᠭᠡᠭᠰᠢ ᠳᠤ ᠬᠦᠷᠦᠭᠦᠯᠦᠨ᠎ᠡ︔ ᠡᠩ ᠤᠨ ᠪᠤᠰᠤ ᠤᠰᠤᠨ ᠰᠤᠷᠪᠤᠯᠵᠢ ᠶᠢᠨ ᠠᠰᠢᠭᠯᠠᠨ ᠬᠡᠷᠡᠭᠯᠡᠬᠦ |
ᠬᠡᠮᠵᠢᠶ᠎ᠡ ᠶᠢ 0.37 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠭᠡᠨ᠎ᠡ ᠃ |
ᠲᠠᠷᠠᠭᠠᠴᠢ ᠶᠢᠨ ᠠᠯᠬᠤᠮ ᠳᠤ ᠂ ᠰᠢᠯᠢ ᠶᠢᠨ ᠭᠤᠤᠯ ᠠᠶᠢᠮᠠᠭ ᠤᠰᠤ ᠠᠷᠪᠢᠯᠠᠬᠤ ᠠᠵᠢᠯᠯᠠᠭ᠎ᠠ ᠶᠢᠨ ᠵᠣᠬᠢᠶᠠᠨ |
ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ ᠂ ᠣᠯᠠᠨ ᠰᠠᠯᠠᠭ᠎ᠠ ᠮᠥᠴᠢᠷ ᠤᠨ ᠵᠣᠬᠢᠴᠠᠭᠤᠯᠤᠨ ᠳᠣᠭᠢᠷᠠᠭᠤᠯᠬᠤ |
ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ ᠂ ᠤᠰᠤ ᠠᠷᠪᠢᠯᠠᠬᠤ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠤᠨ |
ᠡᠮᠬᠢ ᠵᠢᠷᠤᠮ ᠲᠠᠢ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠨ᠎ᠠ ᠃ |
|