| ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩ ᠹᠠᠩ ᠲᠣᠰᠬᠤᠨ ᠤ |
1.6 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠢᠴᠢ ᠥᠨᠳᠥᠷ ᠪᠦᠲᠦᠮᠵᠢᠲᠡᠶ ᠤᠰᠤ ᠠᠷᠪᠢᠯᠠᠬᠤ |
ᠵᠢᠱᠢᠶ᠎ᠡ ᠦᠵᠡᠭᠦᠯᠬᠦ ᠣᠷᠣᠨ ᠳᠤ ᠂ ᠣᠶᠤᠨᠴᠢ ᠤᠰᠤᠯᠠᠯᠲᠠ ᠶᠢᠨ ᠰᠢᠰᠲ᠋ᠧᠮ ᠤᠨ ᠨᠠᠷᠢᠯᠢᠭ ᠣᠨᠣᠴᠠᠲᠠᠶ ᠲᠣᠬᠢᠷᠠᠭᠤᠯᠤᠯ |
ᠡᠵᠡᠮᠳᠡᠯ ᠬᠢᠵᠦ ᠂ ᠰᠠᠭᠤᠷᠢ ᠲᠠᠷᠢᠮᠠᠯ ᠨᠢᠭᠡᠪᠦᠷᠢ ᠶᠢ ᠴᠥᠮ ᠶᠠᠪ ᠴᠠᠪ ᠤᠮᠳᠠᠯᠠᠬᠤ ᠪᠣᠯᠭᠠᠪᠠ ᠃ |
|
|
|
ᠯᠢᠶᠠᠨ ᠪᠠᠩ ᠡᠮ ᠦᠢᠯᠡᠳᠬᠦ ᠥᠪᠥᠷ ᠮᠤᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ |
ᠬᠡᠷᠡᠭᠯᠡᠬᠦ ᠦᠢᠯᠡᠳᠪᠦᠷᠢ ᠶᠢᠨ ᠲᠠᠰᠤᠭ ᠰᠤᠷᠪᠤᠯᠵᠢᠯᠠᠭᠴᠢ ᠬᠣ᠋ ᠳ᠋ᠦᠩ ᠢᠦᠢ/ ᠰᠡᠭᠦᠳᠡᠷᠯᠡᠪᠡ |
ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ |
ᠬᠡᠷᠡᠭᠯᠡᠬᠦ ᠦᠢᠯᠡᠳᠪᠦᠷᠢ ᠶᠢᠨ ᠲᠠᠰᠤᠭ ᠲᠤ ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠰᠢᠰᠲ᠋ᠧᠮ ᠥᠨᠳᠥᠷ |
ᠪᠦᠲᠦᠮᠵᠢᠲᠡᠶ ᠪᠠᠷ ᠠᠵᠢᠯᠯᠠᠵᠤ ᠂ ᠤᠰᠤᠨ ᠤ ᠡᠬᠢ ᠪᠠᠶᠠᠯᠢᠭ ᠢ ᠭᠦᠢᠴᠡᠳ ᠠᠰᠢᠭᠯᠠᠪᠠ ᠃ |
ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠳᠤ ᠂ ᠲᠣᠰᠬᠤᠨ ᠤ ᠠᠷᠠᠳ |
ᠤᠰᠤ ᠠᠷᠪᠢᠯᠠᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠤᠶᠤᠨᠲᠤ ᠤᠰᠤᠨ ᠤ ᠬᠡᠮᠵᠢᠭᠦᠷ |
ᠤᠭᠰᠠᠷᠠᠵᠤ ᠂ ᠤᠰᠤ ᠶᠢ ᠠᠷᠪᠢᠯᠠᠵᠤ ᠬᠡᠷᠡᠭᠯᠡᠬᠦ ᠠᠮᠢᠳᠤᠷᠠᠯ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠪᠠ ᠁ |
|
ᠣᠳᠣᠬᠠᠨ ᠳᠤ ᠂ ᠪᠠᠶᠠᠨᠨᠠᠭᠤᠷ ᠤᠨ ᠭᠠᠵᠠᠷ ᠪᠣᠯᠭᠠᠨ ᠳᠤ ᠤᠰᠤ ᠠᠷᠪᠢᠯᠠᠬᠤ ᠤᠶᠤᠨ ᠤᠬᠠᠭᠠᠨ ᠣᠷᠭᠢᠯᠵᠤ |
ᠪᠠᠶᠢᠨ᠎ᠠ ᠃ |
ᠤᠰᠤᠨ ᠤ ᠡᠬᠢ ᠪᠠᠶᠠᠯᠢᠭ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ ᠠᠮᠢᠨ |
ᠰᠤᠳᠠᠰᠤ ᠪᠣᠯᠬᠤ ᠪᠥᠭᠡᠳ ᠪᠠᠰᠠ ᠴᠤ ᠠᠮᠢ ᠠᠬᠤᠶ ᠶᠢᠨ ᠰᠠᠭᠤᠷᠢ ᠲᠤᠯᠭᠠᠭᠤᠷᠢᠯᠠᠯ ᠪᠣᠯᠤᠨ ᠬᠠᠮᠠᠭᠠᠯᠠᠯᠲᠠ ᠶᠢᠨ |
ᠭᠤᠤᠯᠳᠠᠯᠭ᠎ᠠ ᠪᠣᠯᠤᠨ᠎ᠠ ᠃ ᠡᠨᠡ ᠵᠢᠯ ᠂ ᠪᠠᠶᠠᠨᠨᠠᠭᠤᠷ ᠬᠤᠲᠠ ᠤᠰᠤ ᠠᠷᠪᠢᠯᠠᠬᠤ ᠶᠢ ᠬᠥᠭᠵᠢᠯᠲᠡ ᠶᠢᠨ ᠪᠦᠬᠦ |
ᠲᠠᠯ᠎ᠠ ᠳᠤ ᠬᠤᠯᠪᠣᠭᠳᠠᠬᠤ ᠴᠢᠬᠤᠯᠠ ᠠᠵᠢᠯ ᠪᠣᠯᠭᠠᠵᠤ ᠂ ᠤᠰᠤ ᠠᠷᠪᠢᠯᠠᠬᠤ ᠠᠷᠭ᠎ᠠ ᠬᠡᠮᠵᠢᠶ᠎ᠡ ᠪᠠᠨ |
ᠨᠠᠷᠢᠯᠢᠭᠵᠢᠭᠤᠯᠵᠤ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠᠨ ᠴᠢᠩᠭᠠᠳᠬᠠᠵᠤ ᠂ ᠤᠰᠤ ᠠᠷᠪᠢᠯᠠᠬᠤ |
ᠠᠵᠢᠯᠯᠠᠭ᠎ᠠ ᠶᠢ ᠶᠡᠬᠡᠪᠡᠷ ᠨᠠᠶᠢᠳᠠᠪᠤᠷᠢᠵᠢᠭᠤᠯᠵᠤ ᠂ ᠬᠠᠮᠤᠭ ᠤᠨ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠂ ᠨᠡᠩ |
ᠴᠢᠩᠭ᠎ᠠ ᠬᠠᠮᠢᠶᠠᠷᠤᠯᠲᠠ ᠶᠢᠨ ᠳᠦᠷᠢᠮ ᠢᠶᠠᠷ ᠰᠢᠰᠲ᠋ᠧᠮ ᠲᠠᠢ ᠂ ᠬᠦᠨ ᠬᠡᠮᠵᠢᠶᠡᠨ ᠤ ᠶᠡᠷᠦᠩᠬᠡᠶᠢᠯᠡᠭᠰᠡᠨ ᠤᠰᠤ |
ᠠᠷᠪᠢᠯᠠᠬᠤ ᠶᠢ ᠠᠬᠢᠭᠤᠯᠵᠤ ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠪᠠ ᠃ |
ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ ᠤᠰᠤ ᠠᠷᠪᠢᠯᠠᠬᠤ ᠴᠢᠳᠠᠪᠤᠷᠢ ᠶᠢ |
0.79 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ |
ᠣᠶᠢᠷ᠎ᠠ ᠳᠤ ᠂ ᠱᠠᠮᠪᠠ ᠪᠠᠯᠭᠠᠰᠤᠨ ᠤ ᠵᠠᠩ ᠹᠠᠩ ᠲᠣᠰᠬᠤᠨ ᠤ 1.6 ᠲᠦᠮᠡᠨ ᠮᠥ ᠥᠨᠳᠥᠷ ᠪᠠᠷᠢᠮᠵᠢᠶᠠᠲᠤ |
ᠲᠠᠷᠢᠶᠠᠨ ᠭᠠᠵᠠᠷ ᠵᠢᠴᠢ ᠥᠨᠳᠥᠷ ᠪᠦᠲᠦᠮᠵᠢᠲᠡᠶ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠳᠤ ᠂ ᠥᠪᠥᠷ |
ᠮᠣᠩᠭᠤᠯ ᠤᠨ ᠳ᠋ᠠ ᠪᠥᠸᠧ ᠶᠢᠨ ᠲᠢᠶᠠᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠠᠵᠢᠯᠲᠠᠳ |
ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠵᠤ |
ᠪᠠᠶᠢᠴᠠᠭᠠᠨ ᠵᠠᠰᠠᠵᠤ ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠳᠤ ᠬᠦᠴᠦᠨ |
ᠨᠡᠮᠡᠷᠢᠯᠡᠪᠡ ᠃ ︽ᠡᠨᠡ ᠬᠦ ᠬᠤᠭᠤᠴᠠᠭᠠᠨ ᠳᠤ ᠂ ᠺᠣᠮᠫᠠᠨᠢ ᠠᠴᠠ ᠣᠳᠣᠬᠠᠨ ᠳᠤ ᠬᠡᠷᠡᠭᠯᠡᠵᠦ ᠪᠠᠶᠢᠭ᠎ᠠ ᠰᠢᠯᠵᠢᠭᠦᠯᠵᠦ |
ᠪᠣᠯᠬᠤ ᠮᠠᠶ᠋ᠢᠭ ᠤᠨ ᠬᠠᠲᠤᠨ ᠭᠤᠣᠯ ᠤᠨ ᠤᠰᠤ ᠶᠢ ᠰᠢᠭᠤᠳ ᠱᠦᠭᠦᠬᠦ ᠪᠠ ᠰᠢᠢᠳᠪᠦᠷᠢᠯᠡᠬᠦ ᠪᠠᠷ ᠳᠠᠮᠵᠢᠨ ᠂ |
ᠳᠤᠰᠤᠯᠭᠠᠨ ᠤᠰᠤᠯᠠᠬᠤ ᠮᠡᠷᠭᠡᠵᠢᠯ ᠪᠠ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠯᠠᠯᠲᠠ ᠶᠢᠨ |
ᠲᠥᠬᠦᠭᠡᠷᠦᠮᠵᠢ ᠶᠢ ᠰᠡᠯᠪᠢᠨ ᠵᠠᠰᠠᠵᠤ ᠂ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠦᠨᠡᠨ ᠬᠦ ᠪᠠᠲᠤᠯᠠᠵᠤ ᠪᠠᠶᠢᠨ᠎ᠠ︾ |
ᠭᠡᠵᠡᠢ ᠃ ᠲᠣᠰ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠹᠸᠢ ᠬᠡᠯᠡᠬᠦ ᠳᠤ ᠪᠠᠨ ᠂ ︽ᠮᠠᠨ ᠤ ᠬᠤᠶᠠᠳᠤᠭᠠᠷ |
ᠦᠶ᠎ᠡ ᠶᠢᠨ ᠰᠢᠯᠵᠢᠭᠦᠯᠵᠦ ᠪᠣᠯᠬᠤ ᠮᠠᠶ᠋ᠢᠭ ᠤᠨ ᠬᠠᠲᠤᠨ ᠭᠤᠤᠯ ᠤᠨ ᠤᠰᠤ ᠶᠢ ᠰᠢᠭᠤᠳ ᠱᠦᠭᠦᠬᠦ ᠪᠠ |
ᠰᠢᠢᠳᠪᠦᠷᠢᠯᠡᠬᠦ ᠪᠠᠷ ᠳᠠᠮᠵᠢᠨ ᠂ ᠳᠤᠰᠤᠯᠭᠠᠨ ᠤᠰᠤᠯᠠᠬᠤ ᠮᠡᠷᠭᠡᠵᠢᠯ ᠪᠠ ᠤᠰᠤ ᠪᠣᠷᠳᠣᠭᠤᠷ ᠢ ᠨᠢᠭᠡ |
ᠴᠣᠭᠴᠠᠵᠢᠭᠤᠯᠤᠭᠰᠠᠨ ᠤᠰᠤᠯᠠᠯᠲᠠ ᠶᠢᠨ ᠲᠥᠬᠦᠭᠡᠷᠦᠮᠵᠢ ᠶᠢ ᠬᠦᠭᠡᠷᠭᠡ ᠶᠢᠨ ᠡᠮᠦᠨᠡᠬᠢ ᠲᠤᠤᠷᠯᠢᠭ ᠮᠠᠶ᠋ᠢᠭ ᠤᠨ ᠤᠰᠤ |
ᠲᠠᠲᠠᠬᠤ ᠱᠦᠭᠦᠭᠦᠷ ᠢᠶᠠᠷ ᠳᠠᠮᠵᠢᠭᠤᠯᠤᠨ ᠂ ᠤᠰᠤᠨ ᠳᠣᠲᠣᠷᠠᠬᠢ ᠰᠢᠪᠡᠷ ᠡᠯᠡᠰᠦ ᠪᠣᠯᠤᠨ ᠬᠥᠪᠦᠮᠡᠯ ᠪᠣᠳᠠᠰ ᠢ |
ᠪᠦᠲᠦᠮᠵᠢᠲᠡᠶ ᠠᠷᠢᠯᠭᠠᠵᠤ ᠂ ᠳᠠᠷᠠᠭ᠎ᠠ ᠨᠢ ᠬᠥᠭᠡᠷᠭᠡ ᠶᠢᠨ ᠳᠠᠷᠠᠭᠠᠬᠢ ᠵᠢᠭᠤᠲᠠᠩᠭᠤᠶ ᠱᠦᠭᠦᠯᠲᠡ ᠪᠠ ᠲᠤᠤᠷᠯᠢᠭ |
ᠱᠦᠭᠦᠯᠲᠡ ᠶᠢ ᠪᠡᠶᠡᠯᠡᠭᠦᠯᠵᠦ ᠂ 3 ᠤᠳᠠᠭ᠎ᠠ ᠤᠰᠤᠨ ᠤ ᠴᠢᠨᠠᠷ ᠢ ᠳᠤᠰᠤᠯᠭᠠᠨ ᠤᠰᠤᠯᠠᠬᠤ ᠪᠠᠷᠢᠮᠵᠢᠶ᠎ᠠ ᠳᠤ |
ᠬᠦᠷᠦᠭᠦᠯᠬᠦ ᠶᠢ ᠦᠨᠡᠨ ᠬᠦ ᠪᠠᠲᠤᠯᠠᠵᠤ ᠂ ᠲᠠᠷᠢᠶᠠᠨ ᠭᠠᠵᠠᠷ ᠲᠤ ᠳᠠᠬᠢᠨ ᠬᠦᠷᠭᠡᠨ᠎ᠡ ᠭᠡᠵᠡᠶ ᠃ ᠣᠳᠣᠬᠠᠨ ᠳᠤ ᠂ ᠮᠠᠨ ᠤ |
ᠲᠥᠬᠦᠭᠡᠷᠦᠮᠵᠢ ᠶᠢ ᠨᠢᠭᠡᠨᠲᠡ ᠪᠥᠬᠦ ᠬᠤᠲᠠ ᠶᠢᠨ ᠣᠯᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ |
ᠳᠡᠯᠭᠡᠷᠡᠭᠦᠯᠵᠦ ᠂ ᠬᠡᠷᠡᠭᠯᠡᠭᠰᠡᠨ ᠲᠤᠭ᠎ᠠ ᠬᠡᠮᠵᠢᠶ᠎ᠡ ᠨᠢ 3000 ᠰᠠᠭᠤᠷᠢ ᠶᠢ ᠳᠠᠪᠠᠵᠤ ᠂ ᠤᠰᠤ ᠠᠷᠪᠢᠯᠠᠬᠤ ᠂ |
ᠪᠣᠷᠲᠣᠭᠤᠷ ᠠᠷᠪᠢᠯᠠᠬᠤ ᠂ ᠡᠮ ᠠᠷᠪᠢᠯᠠᠬᠤ ᠶᠢ 30% ᠪᠠᠷ ᠪᠡᠶᠡᠯᠡᠭᠦᠯᠵᠦ ᠂ ᠴᠠᠭ ᠠᠷᠪᠢᠯᠠᠵᠤ ᠬᠦᠴᠦ ᠠᠷᠪᠢᠯᠠᠬᠤ ᠶᠢ |
50% ᠪᠠᠷ ᠪᠡᠶᠡᠯᠡᠭᠦᠯᠪᠡ ᠃ |
|
|
|
|
|
ᠱᠠᠮᠪᠠ ᠪᠠᠯᠭᠠᠰᠤᠨ ᠤ ᠵᠠᠩ ᠹᠠᠩ ᠲᠣᠰᠬᠤᠨ ᠤ 1.6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ |
ᠵᠢᠴᠢ ᠥᠨᠳᠥᠷ ᠪᠦᠲᠦᠮᠵᠢᠲᠡᠢ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠰᠤᠷᠪᠤᠯᠵᠢᠯᠠᠭᠴᠢ ᠵᠠᠩ ᠢᠦᠢ |
ᠴᠤᠤ/ ᠰᠡᠭᠦᠳᠡᠷᠯᠡᠪᠡ |
ᠤᠰᠤ ᠠᠷᠪᠢᠯᠠᠬᠤ ᠲᠥᠬᠦᠭᠡᠷᠦᠮᠵᠢ ᠶᠢ ᠲᠠᠷᠢᠶᠠᠨ ᠭᠠᠵᠠᠷ ᠲᠤ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ ᠂ |
ᠳᠤᠰᠤᠯ ᠤᠰᠤ ᠪᠣᠯᠭᠠᠨ ᠢ ᠬᠠᠮᠤᠭ ᠤᠨ ᠶᠡᠭᠡ ᠦᠢᠯᠡᠳᠦᠯ ᠦᠵᠡᠭᠦᠯᠵᠠᠢ ᠃ ᠡᠭᠦᠨ ᠤ ᠬᠠᠮᠲᠤ ᠂ ᠬᠠᠩᠭᠢᠨ ᠬᠤᠶᠢᠲᠤ |
ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ |
ᠲᠠᠷᠢᠶᠠᠨ ᠭᠠᠵᠠᠷ ᠲᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠂ ᠲᠠᠷᠢᠶᠠᠴᠢᠳ ᠤᠨ ᠤᠰᠤ ᠠᠷᠪᠢᠯᠠᠬᠤ |
ᠬᠡᠷᠡᠭᠴᠡᠭᠡ ᠱᠠᠭᠠᠷᠳᠠᠯᠭ᠎ᠠ ᠪᠠ ᠪᠣᠳᠠᠲᠠᠶ ᠦᠷ᠎ᠡ ᠪᠦᠲᠦᠮᠵᠢ ᠶᠢ ᠤᠶᠢᠯᠠᠭᠠᠨ ᠂ ᠠᠩᠬᠠᠨ ᠤ ᠮᠠᠲ᠋ᠧᠷᠢᠶᠠᠯ ᠢ |
ᠴᠤᠭᠯᠠᠭᠤᠯᠵᠤ ᠂ ᠲᠠᠷᠠᠭᠠᠴᠢ ᠶᠢᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠪᠠ ᠲᠥᠷᠥ ᠶᠢᠨ ᠪᠣᠳᠣᠯᠭ᠎ᠠ |
ᠲᠣᠭᠲᠠᠭᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠃ ᠬᠠᠩᠭᠢᠨ ᠬᠤᠶᠢᠲᠤ ᠬᠤᠰᠢᠭᠤᠨ ᠤ ᠣᠲᠣ |
ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠤᠨ ᠳᠡᠯᠭᠡᠷᠡᠭᠦᠯᠦᠭᠴᠢ ᠯᠢ ᠵᠢᠶᠧ ᠬᠡᠯᠡᠬᠦ ᠳᠤ ᠪᠠᠨ᠄ ︽ᠡᠨᠡ |
ᠵᠢᠯ ᠂ ᠪᠢᠳᠡ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 12.5 ᠲᠦᠮᠡᠨ ᠮᠥ ᠰᠢᠨ᠎ᠡ ᠪᠠᠷ ᠨᠡᠮᠡᠭᠳᠡᠭᠦᠯᠵᠦ ᠂ |
ᠰᠢᠭᠤᠳ ᠲᠠᠲᠠᠬᠤ ᠮᠠᠶ᠋ᠢᠭ ᠤᠨ ᠂ ᠳᠣᠭᠢᠷᠠᠭᠤᠯᠤᠨ ᠬᠠᠳᠠᠭᠠᠯᠠᠬᠤ ᠮᠠᠶ᠋ᠢᠭ ᠤᠨ ᠂ ᠰᠢᠯᠵᠢᠮᠡᠯ ᠬᠡᠯᠪᠡᠷᠢ ᠮᠠᠶ᠋ᠢᠭ ᠤᠨ ᠪᠠ |
ᠲᠥᠬᠦᠮ ᠮᠠᠶ᠋ᠢᠭ ᠤᠨ 4 ᠵᠦᠢᠯ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠬᠦᠭᠡᠷᠦᠮᠵᠢ ᠶᠢ ᠦᠷᠭᠦᠯᠵᠢᠯᠡᠨ |
ᠶᠡᠭᠡ ᠪᠠᠷ ᠳᠡᠯᠭᠡᠷᠡᠭᠦᠯᠵᠦ ᠂ ᠤᠰᠤ ᠠᠷᠪᠢᠯᠠᠬᠤ ᠮᠡᠷᠭᠡᠵᠢᠯ ᠤᠨ ᠲᠥᠷᠥᠯ ᠵᠦᠢᠯ ᠢ ᠢᠳᠡᠪᠬᠢᠲᠡᠶ ᠳᠡᠯᠭᠡᠷᠡᠭᠦᠯᠦᠨ ᠂ ᠤᠰᠤ |
ᠠᠷᠪᠢᠯᠠᠬᠤ ᠠᠷᠭ᠎ᠠ ᠬᠡᠮᠵᠢᠶ᠎ᠡ ᠨᠢᠭᠡᠪᠦᠷᠢ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠂ ᠣᠷᠳᠣ |
ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ︾ ᠭᠡᠵᠡᠶ ᠃ |
ᠲᠠᠷᠢᠶᠠᠯᠠᠩ ᠤᠨ ᠲᠣᠮᠣ ᠬᠤᠲᠠ ᠪᠣᠯᠤᠭᠰᠠᠨ ᠤ ᠬᠤᠪᠢ ᠳᠤ ᠂ ᠪᠠᠶᠠᠨᠨᠠᠭᠤᠷ ᠬᠤᠲᠠ ᠶᠢᠨ ᠲᠠᠷᠢᠶᠠᠯᠠᠩ ᠤᠨ |
ᠤᠰᠤ ᠠᠷᠪᠢᠯᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ |
ᠡᠨᠡ ᠵᠢᠯ ᠂ ᠪᠠᠶᠠᠨᠨᠠᠭᠤᠷ ᠬᠤᠲᠠ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠭᠦᠨ ᠮᠠᠯᠲᠠᠵᠤ ᠂ |
ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ ᠂ |
ᠤᠰᠤᠨ ᠤ ᠡᠬᠢ ᠪᠠᠶᠠᠯᠢᠭ ᠢ ᠪᠣᠬᠢᠷᠲᠤᠯ ᠥᠬᠡᠢ ᠥᠨᠳᠥᠷ ᠪᠦᠲᠦᠮᠵᠢᠲᠡᠢ ᠠᠰᠢᠭᠯᠠᠬᠤ ᠬᠢᠷᠢ ᠲᠦᠪᠰᠢᠨ ᠢ |
ᠳᠡᠭᠡᠭᠰᠢᠯᠡᠭᠦᠯᠦᠨ᠎ᠡ ᠃ ᠢᠨᠵᠧᠨᠧᠷᠢᠩ ᠤᠨ ᠤᠰᠤ ᠠᠷᠪᠢᠯᠠᠬᠤ ᠲᠠᠯ᠎ᠠ ᠪᠠᠷ ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ |
ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠠᠢ ᠨᠡᠪᠲᠡᠷᠡᠯᠴᠡᠨ |
ᠵᠣᠯᠭᠠᠭᠤᠯᠵᠤ ᠂ 160 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ |
ᠬᠡᠷᠡᠭᠵᠢᠭᠦᠯᠬᠦ ᠪᠠᠷ ᠴᠢᠷᠮᠠᠶᠢᠨ᠎ᠠ︔ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠲᠠᠯ᠎ᠠ ᠪᠠᠷ ᠂ ᠤᠰᠤ |
ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠢ ᠶᠢ 60 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ |
︔ ᠲᠥᠷᠥᠯ ᠵᠦᠢᠯ ᠪᠠ ᠪᠦᠲᠦᠴᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠂ ᠲᠠᠷᠢᠮᠠᠯ ᠤᠨ ᠪᠦᠲᠦᠴᠡ ᠶᠢᠨ |
ᠲᠣᠬᠢᠷᠠᠭᠤᠯᠤᠯᠲᠠ ᠶᠢ ᠲᠦᠷᠭᠡᠳᠬᠡᠵᠦ ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠰᠤ |
ᠪᠣᠷᠳᠣᠭᠤᠷ ᠤᠨ ᠳᠣᠣᠷ᠎ᠠ ᠦᠷ᠎ᠡ ᠠᠰᠢᠭᠲᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠵᠦ ᠂ ᠣᠷᠣᠨ ᠪᠦᠰᠡᠴᠢᠯᠡᠭᠰᠡᠨ ᠂ |
ᠰᠤᠪᠠᠭᠵᠢᠭᠤᠯᠤᠨ ᠲᠥᠪᠯᠡᠷᠡᠭᠦᠯᠦᠨ ᠵᠠᠯᠭᠠᠯᠳᠤᠭᠤᠯᠤᠨ ᠲᠠᠷᠢᠬᠤ ᠶᠢ ᠶᠡᠬᠡᠪᠡᠷ ᠳᠡᠯᠭᠡᠷᠡᠭᠦᠯᠵᠦ ᠂ ᠤᠰᠤᠨ ᠤ ᠡᠬᠢ |
ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠨ᠎ᠡ ᠃ |
ᠵᠢᠱᠢᠯᠲᠡ ᠪᠠᠷ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 0.79 ᠳ᠋ᠦᠩᠰᠢᠭᠤᠷ ᠪᠣᠰᠤᠭ᠎ᠠ ᠳᠥᠷᠪᠡᠯᠵᠢᠨ |
ᠮᠧᠲᠷ ᠰᠢᠨ᠎ᠡ ᠪᠠᠷ ᠨᠡᠮᠡᠭᠳᠡᠭᠦᠯᠬᠦ ᠪᠣᠯᠤᠨ᠎ᠠ ᠃ |
ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ ᠂ ᠬᠠᠶᠠᠭᠳᠠᠮᠠᠯ ᠤᠰᠤ ᠶᠢ ᠪᠣᠬᠢᠷᠲᠤᠯ |
ᠦᠭᠡᠢ ᠬᠥᠭᠵᠢᠭᠦᠯᠬᠦ ︽ᠠᠮᠢᠳᠤ ᠤᠰᠤ︾ ᠪᠣᠯᠭᠠᠨ᠎ᠠ |
ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ 1.7 ᠲᠦᠮᠡᠨ ᠲᠣᠨ ᠲᠡᠭ |
ᠭᠠᠳᠠᠭᠰᠢᠯᠠᠭᠤᠯᠬᠤ ᠳᠤᠮᠳᠠ ᠤᠰᠤ ᠶᠢ ᠡᠭᠡᠭᠦᠯᠦᠨ ᠬᠡᠷᠡᠭᠯᠡᠬᠦ ᠦᠢᠯᠡᠳᠪᠦᠷᠢ ᠶᠢᠨ ᠲᠠᠰᠤᠭ ᠲᠤ ᠂ ᠮᠠᠰᠢᠨ ᠬᠦᠩᠭᠢᠨᠡᠵᠦ ᠂ |
ᠤᠰᠤ ᠳᠠᠮᠵᠢᠭᠤᠯᠬᠤ ᠬᠤᠭᠤᠯᠠᠶ ᠪᠠᠷ ᠳᠠᠮᠵᠢᠨ ᠂ ᠲᠠᠰᠤᠷᠠᠯᠲᠠ ᠥᠬᠡᠶ ᠴᠢᠨᠠᠷ ᠰᠠᠶᠢᠲᠠᠶ ᠳᠤᠮᠳᠠ ᠤᠰᠤ ᠨᠢ ᠶᠠᠭ |
ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ︽ᠳᠠᠷᠤᠭᠠᠰᠤ ᠶᠢ ᠬᠦᠩᠭᠡᠷᠡᠭᠦᠯᠬᠦ︾ ᠪᠤᠯᠤᠨ᠎ᠠ ᠃ |
ᠡᠳᠡᠭᠡᠷ ᠰᠢᠢᠳᠪᠦᠷᠢᠯᠡᠬᠦ ᠨᠢ ᠵᠣᠬᠢᠴᠠᠩᠭᠤᠶ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠳᠤᠮᠳᠠ ᠤᠰᠤ ᠨᠢ |
ᠠᠵᠤ ᠠᠬᠤᠶᠢᠯᠠᠯ ᠤᠨ ︽ᠬᠤᠶᠠᠳᠤᠭᠠᠷ ᠤᠰᠤᠨ ᠤ ᠰᠤᠷᠪᠤᠯᠵᠢ︾ ᠪᠣᠯᠤᠭᠰᠠᠨ ᠪᠠᠶᠢᠨ᠎ᠠ ᠃ |
|
|
|
|
|
|
ᠯᠢᠶᠠᠨ ᠪᠠᠩ ᠡᠮ ᠦᠢᠯᠡᠳᠬᠦ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠳᠤᠮᠳᠠ ᠤᠰᠤ ᠶᠢ ᠡᠭᠡᠭᠦᠯᠦᠨ |
ᠬᠡᠷᠡᠭᠯᠡᠬᠦ ᠦᠢᠯᠡᠳᠪᠦᠷᠢ ᠶᠢᠨ ᠲᠠᠰᠤᠭ ᠰᠤᠷᠪᠤᠯᠵᠢᠯᠠᠭᠴᠢ ᠬᠤ᠋ ᠳ᠋ᠦᠩ ᠢᠦᠢ/ ᠰᠡᠭᠦᠳᠡᠷᠯᠡᠪᠡ |
ᠳᠤᠮᠳᠠ ᠤᠰᠤ ᠶᠢ ᠡᠭᠡᠭᠦᠯᠦᠨ ᠬᠡᠷᠡᠭᠯᠡᠬᠦ ᠨᠢ ᠤᠰᠤᠨ ᠤ ᠡᠬᠢ ᠪᠠᠶᠠᠯᠢᠭ ᠢ ᠠᠷᠪᠢᠯᠠᠵᠤ ᠂ ᠬᠤᠲᠠ ᠶᠢᠨ ᠤᠰᠤ |
ᠬᠠᠩᠭᠠᠬᠤ ᠳᠠᠷᠤᠯᠲᠠ ᠶᠢ ᠬᠥᠩᠭᠡᠷᠡᠭᠦᠯᠵᠦ ᠪᠣᠯᠤᠨ᠎ᠠ ᠂ ᠡᠨᠡ ᠪᠣᠯ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ |
ᠵᠥᠷᠢᠴᠡᠯ ᠢ ᠨᠠᠮᠳᠠᠭᠤᠯᠬᠤ ᠪᠦᠲᠦᠮᠵᠢᠲᠡᠢ ᠠᠷᠭ᠎ᠠ ᠵᠠᠮ ᠤᠨ ᠨᠢᠭᠡ ᠪᠣᠯᠤᠨ᠎ᠠ ᠃ ︽ᠺᠣᠮᠫᠠᠨᠢ ᠶᠢᠨ ᠳᠤᠮᠳᠠ ᠤᠰᠤ ᠶᠢ |
ᠡᠭᠡᠭᠦᠯᠦᠨ ᠬᠡᠷᠡᠭᠯᠡᠬᠦ ᠲᠥᠷᠥᠯ ᠵᠦᠢᠯ ᠨᠢ ᠲᠣᠰ ᠪᠡᠶ᠎ᠡ ᠶᠢᠨ ᠤᠰᠤ ᠲᠠᠲᠠᠷᠠᠭᠤᠯᠬᠤ ᠤᠰᠤᠨ ᠤ ᠴᠢᠨᠠᠷ ᠤᠨ |
ᠣᠨᠴᠠᠯᠢᠭ ᠢᠶᠠᠨ ᠦᠨᠳᠦᠰᠦᠯᠡᠨ ᠂ ᠬᠠᠮᠤᠭ ᠤᠨ ᠵᠦᠶ ᠵᠣᠬᠢᠰᠲᠠᠶ ᠂ ᠬᠠᠮᠤᠭ ᠤᠨ ᠣᠷᠴᠢᠨ ᠠᠬᠤᠶ ᠶᠢᠨ ᠬᠠᠮᠠᠭᠠᠯᠠᠯᠲᠠ ᠂ |
ᠬᠠᠮᠤᠭ ᠤᠨ ᠠᠮᠤᠷ ᠲᠦᠪᠰᠢᠨ ᠂ ᠬᠠᠮᠤᠭ ᠤᠨ ᠨᠠᠶᠢᠳᠠᠪᠤᠷᠢᠲᠠᠶ ᠭᠠᠷ ᠤᠷᠠᠯᠠᠯ ᠤᠨ ᠱᠤᠭᠤᠮ ᠢᠶᠠᠷ ᠲᠥᠷᠥᠯ ᠬᠤᠪᠢᠶᠠᠨ |
ᠵᠠᠰᠠᠵᠤ ᠂ ᠡᠭᠡᠭᠦᠯᠦᠨ ᠬᠡᠷᠡᠭᠯᠡᠬᠦ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠳᠤ ᠬᠦᠷᠴᠦ ᠂ ᠦᠢᠯᠡᠳᠪᠦᠷᠢᠯᠡᠯ ᠤᠨ |
ᠡᠭᠡᠭᠦᠯᠦᠨ ᠬᠡᠷᠡᠭᠯᠡᠬᠦ ᠱᠠᠭᠠᠷᠳᠠᠯᠭ᠎ᠠ ᠶᠢ ᠪᠦᠷᠢᠮᠦᠰᠦᠨ ᠬᠠᠩᠭᠠᠪᠠ︾ ᠃ ᠯᠢᠶᠠᠨ ᠪᠠᠩ ᠡᠮ ᠦᠢᠯᠡᠳᠬᠦ ᠥᠪᠥᠷ |
ᠮᠣᠩᠭᠤᠯ ᠤᠨ ᠬᠢᠵᠠᠭᠠᠷᠲᠤ ᠺᠣᠮᠫᠠᠨᠢ ᠶᠢᠨ ᠣᠯᠠᠨ ᠨᠡᠶᠢᠲᠡ ᠶᠢᠨ ᠬᠠᠷᠢᠴᠠᠭᠠᠨ ᠤ ᠵᠥᠪᠯᠡᠭᠴᠢ ᠵᠢᠶᠠᠩ ᠹᠠᠩ ᠹᠠᠩ |
ᠲᠠᠨᠢᠯᠴᠠᠭᠤᠯᠵᠠᠢ ᠃ ᠬᠠᠶᠠᠭᠳᠠᠮᠠᠯ ᠤᠰᠤ ᠶᠢ ᠪᠦᠬᠦᠨ ᠢ ᠡᠭᠡᠭᠦᠯᠦᠨ ᠬᠡᠷᠡᠭᠯᠡᠵᠦ ᠂ ᠲᠡᠭ ᠭᠠᠳᠠᠭᠰᠢᠯᠠᠭᠤᠯᠤᠭᠰᠠᠨ ᠤ |
ᠳᠠᠷᠠᠭ᠎ᠠ ᠂ ᠠᠵᠤ ᠠᠬᠤᠶᠢᠯᠠᠯ ᠤᠨ ᠵᠢᠯ ᠤᠨ ᠤᠰᠤ ᠵᠠᠯᠠᠬᠤ ᠪᠠ ᠤᠰᠤ ᠲᠠᠲᠠᠬᠤ ᠶᠢ ᠶᠡᠷᠦᠩᠬᠡᠶ ᠳᠤ ᠪᠠᠨ ᠪᠠᠷᠤᠭ |
1100 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠵᠤ ᠂ ︽ᠤᠰᠤ ᠬᠡᠷᠡᠭᠯᠡᠬᠦ ᠲᠣᠮᠣ ᠡᠷᠦᠬᠡ︾ ᠠᠴᠠ ︽ |
ᠤᠰᠤ ᠠᠷᠪᠢᠯᠠᠬᠤ ᠲᠣᠮᠣ ᠡᠷᠦᠬᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ ᠃ |
ᠤᠰᠤ ᠠᠷᠪᠢᠯᠠᠬᠤ ᠨᠢ ᠠᠵᠤ ᠦᠢᠯᠡᠳᠪᠦᠷᠢ ᠶᠢᠨ ᠬᠥᠭᠵᠢᠯᠲᠡ ᠳᠤ ᠨᠠᠩ ᠴᠢᠬᠤᠯᠠ ᠪᠠᠶᠢᠳᠠᠭ ᠃ ᠪᠠᠶᠠᠨᠨᠠᠭᠤᠷ |
ᠬᠤᠲᠠ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ |
ᠪᠠᠭᠠᠰᠬᠠᠬᠤ ᠠᠵᠢᠯ ᠢ ᠦᠷᠭᠦᠯᠵᠢᠯᠡᠨ ᠶᠡᠬᠡᠪᠡᠷ ᠲᠦᠯᠬᠢᠨ ᠠᠬᠢᠭᠤᠯᠵᠤ ᠂ ᠲᠡᠷᠢᠭᠦᠨ ᠤ ᠠᠵᠤ ᠦᠢᠯᠡᠳᠪᠦᠷᠢ ᠶᠢᠨ ᠤᠰᠤ |
ᠠᠷᠪᠢᠯᠠᠬᠤ ᠮᠡᠷᠭᠡᠵᠢᠯ ᠂ ᠤᠷ᠎ᠠ ᠮᠡᠷᠭᠡᠰᠢᠯ ᠪᠣᠯᠤᠨ ᠲᠥᠬᠦᠭᠡᠷᠦᠮᠵᠢ ᠶᠢ ᠤᠯᠠᠮ ᠨᠢᠭᠡ ᠠᠯᠬᠤᠮ ᠳᠡᠯᠭᠡᠷᠡᠭᠦᠯᠦᠨ |
ᠬᠡᠷᠡᠭᠯᠡᠵᠦ ᠂ ᠡᠨᠧᠷᠭᠢ ᠶᠢᠨ ᠬᠦᠷᠢᠶᠡᠨ ᠤ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ |
ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ |
ᠠᠵᠢᠯ ᠲᠥᠷᠥᠯ ᠤᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ |
ᠴᠢᠳᠠᠪᠤᠷᠢ ᠶᠢ ᠳᠡᠭᠡᠭᠰᠢᠯᠡᠭᠦᠯᠦᠨ᠎ᠡ︔ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ |
ᠥᠭᠡᠷᠡᠴᠢᠯᠡᠯᠲᠡ ᠶᠢ ᠬᠡᠷᠡᠭᠵᠢᠭᠦᠯᠵᠦ ᠂ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠪᠣᠭᠤᠮᠢ ᠶᠢ |
ᠰᠢᠪᠲᠤᠯᠵᠤ ᠂ ᠪᠦᠬᠦ ᠬᠡᠯᠬᠢᠶ᠎ᠡ ᠶᠢᠨ ᠤᠰᠤ ᠠᠷᠪᠢᠯᠠᠬᠤ ᠵᠠᠭᠪᠤᠷ ᠢ ᠪᠣᠶ ᠪᠣᠯᠭᠠᠨ᠎ᠠ︔ ᠤᠰᠤ ᠠᠷᠪᠢᠯᠠᠬᠤ |
ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠴᠢᠩᠭᠠᠷᠠᠭᠤᠯᠵᠤ ᠂ ᠬᠦᠷᠢᠶᠡᠯᠡᠩ |
ᠲᠣᠭᠤᠷᠢᠭ ᠂ ᠠᠵᠤ ᠠᠬᠤᠶᠢᠯᠠᠯ ᠢᠶᠠᠷ ᠠᠴᠢᠶᠠᠯᠠᠪᠤᠷᠢ ᠪᠣᠯᠭᠠᠵᠤ ᠂ ᠥᠩᠭᠡᠲᠦ ᠲᠡᠮᠦᠷᠯᠢᠭ ᠂ ᠬᠢᠮᠢ ᠶᠢᠨ ᠠᠵᠤ |
ᠦᠢᠯᠡᠳᠪᠦᠷᠢ ᠂ ᠪᠠᠷᠢᠯᠭ᠎ᠠ ᠶᠢᠨ ᠮᠠᠲ᠋ᠧᠷᠢᠶᠠᠯ ᠂ ᠢᠳᠡᠭᠡᠨ ᠪᠠ ᠢᠰᠬᠡᠯᠲᠡ ᠵᠡᠷᠭᠡ ᠤᠰᠤ ᠬᠡᠷᠡᠭᠯᠡᠬᠦ ᠬᠦᠷᠢᠶ᠎ᠡ ᠪᠠᠷ |
ᠭᠤᠣᠯᠳᠠᠯᠭ᠎ᠠ ᠪᠣᠯᠭᠠᠵᠤ ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠬᠦ ᠵᠠᠭᠪᠤᠷ ᠢ ᠪᠣᠶ ᠪᠣᠯᠭᠠᠵᠤ ᠂ ᠬᠡᠪ ᠳᠠᠭᠤᠷᠢᠶᠠᠯ ᠢᠶᠠᠷ |
ᠳᠠᠮᠵᠢᠭᠤᠯᠤᠨ ᠪᠦᠬᠦ ᠠᠵᠢᠯ ᠲᠥᠷᠥᠯ ᠤᠨ ᠤᠰᠤ ᠠᠷᠪᠢᠯᠠᠵᠤ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠪᠠ ᠃ |
ᠪᠦᠬᠦ ᠠᠷᠠᠳ ᠤᠨ ᠤᠰᠤ ᠠᠷᠪᠢᠯᠠᠬᠤ ᠬᠠᠮ ᠠᠷᠭ᠎ᠠ ᠶᠢ ᠰᠠᠶᠢᠲᠤᠷ ᠬᠡᠷᠡᠭᠵᠢᠭᠦᠯᠦᠨ ᠤᠰᠤ ᠠᠷᠪᠢᠯᠠᠬᠤ |
ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ |
ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠰᠢᠨ ᠷᠦᠩ ᠲᠣᠰᠬᠤᠨ ᠤ ᠬᠤᠶᠠᠳᠤᠭᠠᠷ |
ᠳᠤᠭᠤᠶᠢᠯᠠᠩ ᠤᠨ ᠲᠣᠰᠬᠤᠨ ᠤ ᠠᠷᠠᠳ ᠵᠦ ᠸᠧᠢ ᠪᠢᠩ ᠲᠣᠭᠤᠭᠠᠨ ᠭᠡᠷ ᠤᠨ ᠲᠦᠭᠡᠭᠡᠯ ᠤᠰᠤᠨ ᠤ ᠭᠤᠭᠤᠵᠢᠭᠤᠷ ᠢ |
ᠨᠡᠭᠡᠭᠡᠬᠦ ᠳᠤ ᠂ ᠳᠠᠭᠠᠤ ᠳᠤ ᠨᠢ ᠨᠢᠭᠡᠨ ᠲᠤᠩᠭᠠᠯᠠᠭ ᠤᠰᠤ ᠣᠷᠭᠢᠯᠤᠨ ᠭᠠᠷᠤᠯ᠎ᠠ ᠃ |
ᠨᠢᠳᠤᠨᠤᠨ ᠂ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠤᠰᠤᠨ ᠠᠰᠢᠭᠯᠠᠯᠲᠠ ᠶᠢᠨ ᠲᠤᠪᠴᠢᠶ᠎ᠠ ᠨᠢ |
ᠱᠤᠸᠠᠩ ᠾᠧ ᠪᠠᠯᠭᠠᠰᠤ ᠶᠢᠨ ᠰᠢᠨ ᠷᠦᠩ ᠲᠣᠰᠬᠤᠨ ᠂ ᠰᠢᠨ ᠹᠧᠩ ᠲᠣᠰᠬᠤᠨ ᠤ ᠤᠤᠭᠤᠬᠤ ᠤᠰᠤᠨ ᠤ |
ᠬᠤᠭᠤᠯᠠᠢ ᠶᠢᠨ ᠲᠣᠣᠷ ᠬᠠᠭᠤᠴᠢᠷᠠᠭᠰᠠᠨ ᠂ ᠬᠤᠭᠤᠯᠠᠢ ᠶᠢᠨ ᠡᠪᠳᠡᠷᠡᠵᠦ ᠰᠦᠢᠳᠦᠭᠰᠡᠨ ᠂ ᠰᠡᠯᠪᠢᠨ ᠵᠠᠰᠠᠬᠤ ᠳᠠᠪᠲᠠᠮᠵᠢ |
ᠥᠨᠳᠥᠷ ᠂ ᠲᠡᠭᠦᠰᠬᠡᠯ ᠤᠨ ᠤᠰᠤᠨ ᠤ ᠳᠠᠷᠤᠯᠲᠠ ᠳᠣᠣᠷ᠎ᠠ ᠵᠡᠷᠭᠡ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠬᠦ ᠶᠢᠨ |
ᠲᠥᠯᠥᠭᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠠᠷ ᠬᠤᠶᠠᠷ |
ᠵᠠᠰᠠᠭ ᠵᠠᠬᠢᠷᠭᠠᠨ ᠤ ᠲᠣᠰᠬᠤᠨ ᠤ 11 ᠲᠣᠰᠬᠤᠨ ᠤ ᠠᠷᠠᠳ ᠤᠨ ᠳᠤᠭᠤᠶᠢᠯᠠᠩ ᠤᠨ ᠲᠦᠭᠡᠭᠡᠯ ᠤᠰᠤᠨ ᠤ |
ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠪᠡ ᠃ ᠰᠢᠨᠡᠴᠢᠯᠡᠵᠦ ᠥᠭᠡᠷᠡᠴᠢᠯᠡᠭᠰᠡᠨ ᠤ ᠳᠠᠷᠠᠭ᠎ᠠ ᠂ ᠰᠢᠨ ᠷᠦᠩ |
ᠲᠣᠰᠬᠤᠨ ᠂ ᠰᠢᠨ ᠹᠧᠩ ᠲᠣᠰᠬᠤᠨ ᠤ 531 ᠡᠷᠦᠬᠡ ᠲᠣᠰᠬᠤᠨ ᠤ ᠠᠷᠠᠳ ᠪᠦᠬᠦᠨ ᠢᠶᠠᠷ ᠢᠶᠠᠨ ︽ᠡᠷᠦᠬᠡ ᠪᠦᠷᠢ |
ᠨᠢᠭᠡ ᠬᠤᠭᠤᠯᠠᠢ ᠤᠲᠠᠰᠤ ᠂ ᠡᠷᠦᠬᠡ ᠪᠦᠷᠢ ᠨᠢᠭᠡ ᠬᠡᠰᠡᠭ ᠪᠠᠷᠠᠭᠠᠨ ᠤ ᠰᠦᠯᠵᠢᠶᠡᠨ ᠤ ᠤᠰᠤᠨ ᠤ ᠬᠡᠮᠵᠢᠭᠦᠷ ᠂ |
ᠤᠰᠤᠨ ᠤ ᠬᠡᠮᠵᠢᠭᠦᠷ ᠢ ᠪᠦᠬᠦᠨ ᠢ ᠲᠥᠪᠯᠡᠷᠡᠭᠦᠯᠦᠨ ᠬᠠᠮᠢᠶᠠᠷᠬᠤ︾ ᠤᠰᠤ ᠬᠠᠩᠭᠠᠬᠤ ᠵᠠᠭᠪᠤᠷ ᠢ ᠪᠡᠶᠡᠯᠡᠭᠦᠯᠪᠡ ᠃ |
ᠡᠨᠡ ᠬᠦ ᠬᠤᠪᠢᠷᠠᠯᠲᠠ ᠨᠢ ᠲᠣᠰᠬᠤᠨ ᠤ ᠠᠷᠠᠳ ᠤᠨ ᠥᠪᠡᠷ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠲᠣᠳᠣᠷᠬᠠᠶ |
ᠣᠶᠢᠯᠠᠭᠠᠵᠤ ᠂ ᠡᠭᠦᠨ ᠤ ᠤᠯᠠᠮ ᠢᠶᠠᠷ ᠤᠰᠤ ᠬᠡᠷᠡᠭᠯᠡᠬᠦ ᠶᠢ ᠨᠡᠩ ᠵᠦᠶ ᠵᠣᠬᠢᠰᠲᠠᠶ ᠲᠥᠯᠥᠪᠵᠢᠭᠦᠯᠵᠦ ᠂ ᠤᠰᠤᠨ ᠤ |
ᠡᠬᠢ ᠪᠠᠶᠠᠯᠢᠭ ᠢ ᠠᠷᠪᠢᠯᠠᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠦᠭᠰᠡᠨ ᠪᠠᠶᠢᠨ᠎ᠠ ᠃ |
ᠬᠤᠲᠠ ᠪᠠᠯᠭᠠᠰᠤ ᠶᠢᠨ ᠤᠰᠤ ᠠᠷᠪᠢᠯᠠᠬᠤ ᠨᠢ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠂ |
ᠬᠤᠲᠠ ᠶᠢᠨ ᠦᠷᠭᠦᠯᠵᠢᠯᠡᠨ ᠬᠥᠭᠵᠢᠬᠦ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠲᠡᠩᠴᠡᠭᠦᠷᠢ ᠲᠠᠢ |
ᠬᠤᠯᠪᠣᠭᠳᠠᠬᠤ ᠪᠣᠯᠤᠨ᠎ᠠ ᠃ ᠡᠨᠡ ᠵᠢᠯ ᠪᠠᠶᠠᠨᠨᠠᠭᠤᠷ ᠬᠤᠲᠠ ᠨᠢ ᠬᠤᠲᠠ ᠪᠠᠯᠭᠠᠰᠤᠨ ᠤ ᠤᠰᠤ ᠠᠷᠪᠢᠯᠠᠬᠤ ᠵᠢᠱᠢᠶ᠎ᠡ |
ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ᠬᠤᠲᠠ ᠪᠠᠯᠭᠠᠰᠤᠨ ᠤ ᠤᠰᠤ |
ᠬᠠᠩᠭᠠᠬᠤ ᠬᠤᠭᠤᠯᠠᠢ ᠶᠢᠨ ᠲᠣᠣᠷ ᠭᠤᠭᠤᠵᠢᠬᠤ ᠶᠢ ᠵᠠᠰᠠᠬᠤ ᠶᠢ ᠲᠦᠷᠭᠡᠳᠭᠡᠨ ᠠᠬᠢᠭᠤᠯᠵᠤ ᠂ ᠤᠰᠤ ᠠᠷᠪᠢᠯᠠᠬᠤ |
ᠭᠡᠷ᠎ᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ |
ᠦᠢᠯᠡᠰ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ ᠂ ᠲᠡᠷᠭᠡ ᠤᠬᠢᠶᠠᠬᠤ ᠂ ᠤᠬᠢᠶᠠᠬᠤ ᠂ ᠬᠥᠮᠦᠨ ᠤ ᠬᠦᠴᠦ ᠪᠠᠷ |
ᠴᠠᠰᠤᠨ ᠳᠤ ᠭᠤᠯᠭᠤᠬᠤ ᠲᠠᠯᠠᠪᠠᠢ ᠵᠡᠷᠭᠡ ᠣᠨᠴᠠ ᠲᠥᠷᠥᠯ ᠤᠨ ᠠᠵᠢᠯ ᠲᠥᠷᠥᠯ ᠳᠤ ᠤᠰᠤ ᠪᠠᠭ᠎ᠠ |
ᠬᠤᠷᠣᠭᠳᠠᠭᠤᠯᠬᠤ ᠂ ᠣᠷᠴᠢᠯ ᠤᠰᠤ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠷᠠᠯᠠᠯ ᠢ ᠪᠦᠬᠦ ᠲᠠᠯ᠎ᠠ ᠪᠠᠷ |
ᠳᠡᠯᠭᠡᠷᠡᠭᠦᠯᠵᠦ ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠬᠤ |
ᠨᠣᠷᠮ᠎ᠠ ᠶᠢ 9% ᠤ ᠳᠣᠲᠣᠷ᠎ᠠ ᠬᠢᠵᠠᠭᠠᠷᠯᠠᠪᠠ ᠃ |
ᠠᠯᠢ ᠣᠯᠠᠨ ᠤᠰᠤ ᠠᠷᠪᠢᠯᠠᠬᠤ ᠠᠷᠭ᠎ᠠ ᠬᠡᠮᠵᠢᠶ᠎ᠡ ᠨᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠤᠨ |
ᠬᠦᠴᠦᠲᠡᠶ ᠲᠤᠯᠭᠠᠭᠤᠷᠢᠯᠠᠯ ᠠᠴᠠ ᠰᠠᠯᠵᠤ ᠴᠢᠳᠠᠬᠤ ᠥᠬᠡᠶ ᠶᠤᠮ ᠃ ᠡᠨᠡ ᠵᠢᠯ ᠪᠠᠶᠠᠨᠨᠠᠭᠤᠷ ᠬᠤᠲᠠ ᠲᠠᠷᠢᠶᠠᠯᠠᠩ ᠤᠨ |
ᠤᠰᠤᠨ ᠤ ᠦᠨ᠎ᠡ ᠶᠢᠨ ᠶᠡᠷᠦᠩᠬᠡᠢᠯᠡᠭᠰᠡᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ ᠂ ᠠᠵᠤ ᠦᠢᠯᠡᠳᠪᠦᠷᠢ ᠶᠢᠨ ᠤᠰᠤ |
ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠦᠨ ᠂ ᠤᠰᠤᠨ ᠤ ᠦᠨ᠎ᠡ ᠶᠢᠨ ᠵᠦᠢ ᠵᠣᠬᠢᠰᠲᠠᠢ ᠰᠢᠰᠲ᠋ᠧᠮ ᠢ |
ᠪᠠᠶᠢᠭᠤᠯᠵᠤ ᠂ ᠬᠤᠷᠢᠶᠠᠭᠰᠠᠨ ᠤᠰᠤᠨ ᠤ ᠰᠦᠢᠳᠬᠡᠯ ᠢᠶᠠᠷ ᠢᠶᠠᠨ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠳᠤ |
︽ᠭᠡᠳᠡᠷᠭᠦ ᠲᠤᠰᠠᠯᠠᠬᠤ︾ ᠶᠢ ᠪᠡᠶᠡᠯᠡᠭᠦᠯᠵᠦ ᠂ ᠳᠤᠰᠤᠯ ᠤᠰᠤ ᠪᠣᠯᠭᠠᠨ ᠳᠤ ᠥᠷᠲᠡᠭ ᠢ ᠬᠠᠮᠤᠭ ᠶᠡᠭᠡ ᠪᠣᠯᠭᠠᠨ᠎ᠠ ᠃ |
︽ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ |
ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠰᠤ |
ᠠᠷᠪᠢᠯᠠᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠲᠠᠷᠢᠶᠠᠯᠠᠩ ᠂ ᠠᠵᠤ ᠦᠢᠯᠡᠳᠪᠦᠷᠢ ᠂ |
ᠬᠤᠲᠠ ᠪᠠᠯᠭᠠᠰᠤ ᠵᠡᠷᠭᠡ ᠬᠦᠷᠢᠶᠡᠨ ᠳᠠᠬᠢ ᠤᠰᠤ ᠠᠷᠪᠢᠯᠠᠬᠤ ᠶᠢ ᠶᠡᠬᠡᠪᠡᠷ ᠳᠥᠯᠭᠢᠨ ᠠᠬᠢᠭᠤᠯᠵᠤ ᠂ ᠤᠰᠤᠨ ᠤ ᠡᠬᠢ |
ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠪᠥᠬᠦ ᠣᠷᠣᠨ ᠤ ᠤᠰᠤ ᠠᠷᠪᠢᠯᠠᠬᠤ |
ᠠᠵᠢᠯᠯᠠᠭ᠎ᠠ ᠶᠢᠨ ᠳᠤᠮᠳᠠ ᠲᠦᠷᠦᠭᠦᠯᠡᠵᠦ ᠂ ᠬᠤᠰᠢᠭᠤᠴᠢ ᠪᠣᠯᠵᠤ ᠂ ᠰᠢᠨ᠎ᠡ ᠭᠠᠪᠢᠶ᠎ᠠ ᠪᠠᠶᠢᠭᠤᠯᠤᠨ᠎ᠠ︾ ᠃ ᠪᠠᠶᠠᠨᠨᠠᠭᠤᠷ |
ᠬᠤᠲᠠ ᠶᠢᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠲᠥᠪ ᠤᠨ ᠡᠷᠬᠢᠯᠡᠭᠴᠢ ᠵᠠᠩ ᠢ ᠴᠢᠶᠠᠩ |
ᠬᠡᠯᠡᠪᠡ ᠃ |
|
︵ᠡᠬᠡ ᠪᠢᠴᠢᠭ ᠢ ᠪᠠᠶᠠᠨᠨᠠᠭᠤᠷ ᠰᠣᠨᠢᠨ ᠤ ᠠᠯᠪᠠᠨ ᠤ ᠸᠢᠴᠠᠲ ᠠᠴᠠ ᠰᠢᠯᠵᠢᠭᠦᠯᠪᠡ︶ |
|