2024 ᠣᠨ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠰᠢ ᠶᠢᠨ |
ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ |
ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ |
ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ |
ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠂ |
ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠶ ᠶᠢ |
ᠲᠡᠩᠴᠡᠭᠦᠷᠢᠲᠡᠶ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ |
ᠰᠡᠳᠬᠢᠴᠡ ᠪᠣᠯᠤᠨ ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ |
ᠦᠢᠯᠡᠳᠦᠯᠭᠡᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠤᠯ ᠱᠤᠭᠤᠮ ᠢ ᠲᠤᠭᠤᠰᠢᠯᠠᠭᠤᠯᠬᠤ ᠂ ᠬᠤᠶᠠᠷ |
ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠢ |
ᠨᠡᠬᠡᠬᠡᠵᠦ ᠳᠤᠮᠳᠠ ᠲᠦᠪᠰᠢᠨ ᠳᠤ ᠳᠠᠪᠰᠢᠬᠤ︾ ᠭᠤᠤᠯ ᠶᠡᠭᠡ ᠲᠠᠯ᠎ᠠ ᠶᠢᠨ ᠲᠣᠭᠤᠷᠢᠨ ᠳᠤ ᠂ ︽ᠬᠠᠤᠯᠢ ᠪᠠᠷ |
ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ︶︾ |
ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ |
ᠨᠠᠶᠢᠳᠠᠪᠤᠷᠢᠵᠢᠭᠤᠯᠵᠤ ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠪᠥᠬᠦ ᠬᠦᠴᠦᠨ ᠢᠶᠠᠷ ᠢᠶᠠᠨ |
ᠭᠦᠢᠴᠡᠳᠭᠡᠵᠦ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ ᠂ ᠥᠪᠡᠷᠲᠡᠭᠡᠨ |
ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠤᠯᠢ ᠪᠠᠷ ᠵᠠᠰᠠᠬᠤ ᠰᠠᠭᠤᠷᠢ ᠶᠢ |
ᠲᠠᠰᠤᠷᠠᠯᠲᠠ ᠥᠬᠡᠶ ᠪᠠᠬᠢᠵᠢᠭᠦᠯᠪᠡ ᠃ |
ᠨᠢᠭᠡ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ |
ᠴᠢᠩᠭᠠᠳᠬᠠᠪᠠ |
ᠨᠢᠭᠡ ᠳᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ |
ᠨᠢᠭᠡᠳᠦᠯᠲᠡᠶ ᠲᠥᠯᠥᠪᠯᠡᠨ ᠠᠬᠢᠭᠤᠯᠪᠠ ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠰᠤᠨ |
ᠠᠰᠢᠭᠯᠠᠯᠲᠠ ᠶᠢᠨ ᠠᠵᠢᠯ ᠤᠨ ᠲᠥᠯᠥᠪᠯᠡᠭᠡ ᠳᠤ ᠣᠷᠣᠭᠤᠯᠵᠤ ᠂ ᠣᠨ ᠤ ᠠᠵᠢᠯ ᠤᠨ ᠭᠤᠣᠯᠳᠠᠯᠭ᠎ᠠ ᠶᠢ |
ᠲᠣᠭᠲᠠᠭᠠᠨ᠎ᠠ ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠬᠠᠤᠯᠢ ᠪᠠᠷ ᠵᠠᠰᠠᠬᠤ |
ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ ᠂ ᠪᠦᠬᠦ |
ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ |
ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ |
ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ |
ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ |
ᠬᠡᠮᠵᠢᠶ᠎ᠡ ᠪᠠᠷ ᠴᠢᠬᠤᠯᠠᠴᠢᠯᠠᠵᠤ ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠮᠠᠭᠠᠶ ᠲᠣᠭᠲᠠᠭᠠᠨ ᠂ ᠴᠡᠭᠴᠡᠯᠡᠨ |
ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ |
ᠪᠠᠶᠢᠭ᠎ᠠ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠦᠨ ᠬᠦᠷᠭᠡᠬᠦ ᠬᠡᠷᠡᠭᠲᠡᠶ ᠃ ᠬᠤᠶᠠᠷ ᠲᠤ ᠂ ᠰᠢ ᠶᠢᠨ ᠫᠢᠩ ᠤᠨ |
ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠦᠨ |
ᠪᠣᠳᠠᠲᠠᠶᠢᠵᠢᠭᠤᠯᠬᠤ ᠶᠢ ᠠᠬᠢᠭᠤᠯᠪᠠ ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠢᠩᠬᠢᠮ ᠤᠨ |
ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠲᠥᠯᠥᠪᠯᠡᠭᠡ ᠳᠤ |
ᠣᠷᠣᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ |
ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ |
ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ |
ᠪᠦᠲᠦᠮᠵᠢᠲᠡᠢ ᠪᠣᠯᠭᠠᠬᠤ ᠶᠢ ᠠᠬᠢᠭᠤᠯᠬᠤ ᠤᠨᠤᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠣᠯᠭᠠᠵᠤ ᠂ ︽ |
ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠂ ︽ᠰᠢ ᠶᠢᠨ |
ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠲᠠ ᠬᠠᠷᠢᠭᠤᠯᠲᠠ︾ ᠶᠢ ᠭᠦᠨᠵᠡᠭᠡᠢ |
ᠰᠤᠷᠤᠯᠴᠠᠵᠤ ᠂ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠪᠠᠶᠢᠭᠤᠯᠭ᠎ᠠ ᠶᠢᠨ ᠪᠦᠬᠦ |
ᠠᠯᠪᠠᠲᠠᠨ ᠢ ᠵᠣᠬᠢᠶᠠᠨ ᠪᠠᠶᠢᠭᠤᠯᠵᠤ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠬᠤ᠋ ᠵᠢᠶᠠᠨ |
ᠮᠢᠶᠣᠣ ᠲᠤᠰᠬᠠᠢ ᠰᠡᠳᠦᠪ ᠢᠶᠠᠷ ︽ᠤᠳᠤᠷᠢᠳᠬᠤ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠢ︾ ᠭᠡᠬᠦ |
ᠰᠦᠯᠵᠢᠶᠡᠨ ᠤ ᠰᠢᠭᠤᠳ ᠨᠡᠪᠲᠡᠷᠡᠭᠦᠯᠭᠡ ᠳᠤ ᠣᠷᠣᠯᠴᠠᠭᠤᠯᠵᠤ ᠂ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠺᠠᠳ᠋ᠷ ᠠᠵᠢᠯᠳᠠᠨ ᠠᠵᠢᠯᠴᠢᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ |
ᠪᠠᠶᠢᠭᠠᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ |
ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠭᠤᠯᠵᠤ ᠂ ᠬᠠᠤᠯᠢ ᠪᠠᠷ ᠵᠠᠰᠠᠬᠤ ᠵᠠᠮ ᠢᠶᠠᠷ ᠤᠰᠤᠨ |
ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠂ ᠤᠯᠤᠰ |
ᠲᠦᠷᠦ ᠶᠢᠨ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠨᠢ ᠲᠠᠰᠤᠷᠠᠯᠳᠠ ᠦᠭᠡᠢ ᠴᠢᠩᠭᠠᠳᠬᠠᠪᠠ ᠃ |
ᠭᠤᠷᠪᠠ ᠳᠤ ᠂ ᠭᠤᠣᠯ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠪᠡ ᠃ ᠨᠠᠮ ᠤᠨ |
ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ |
ᠪᠠᠶᠢᠭᠤᠯᠤᠯᠲᠠ ᠶᠢᠨ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ ᠂ ᠴᠢᠬᠤᠯᠠ ᠶᠡᠭᠡ ᠠᠰᠠᠭᠤᠳᠠᠯ ᠢ |
ᠪᠡᠶ᠎ᠡ ᠪᠠᠷ ᠢᠶᠠᠨ ᠠᠰᠠᠭᠤᠵᠤ ᠂ ᠭᠤᠣᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ ᠂ ᠴᠢᠬᠤᠯᠠ |
ᠡᠭᠦᠷᠭᠡ ᠶᠢ ᠪᠡᠶ᠎ᠡ ᠪᠠᠷ ᠢᠶᠠᠨ ᠬᠢᠨᠠᠨ ᠭᠦᠢᠴᠡᠳᠬᠡᠵᠦ ᠂ ᠵᠢᠯ ᠤᠨ ᠡᠬᠢᠨ ᠳᠤ ᠪᠥᠬᠦ ᠣᠷᠣᠨ ᠤ ᠤᠰᠤᠨ |
ᠠᠰᠢᠭᠯᠠᠯᠲᠠ ᠶᠢᠨ ᠠᠵᠢᠯ ᠤᠨ ᠬᠤᠷᠠᠯ ᠳᠡᠭᠡᠷ᠎ᠡ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠂ ᠨᠠᠮ ᠤᠨ |
ᠤᠳᠤᠷᠢᠳᠬᠤ ᠳᠤᠭᠤᠶᠢᠯᠠᠩ ᠤᠨ ᠬᠤᠷᠠᠯ ᠂ ᠲᠢᠩᠬᠢᠮ ᠤᠨ ᠶᠠᠪᠤᠳᠠᠯ ᠤᠨ ᠬᠤᠷᠠᠯ ᠂ ᠲᠢᠩᠬᠢᠮ ᠤᠨ ᠳᠠᠷᠤᠭ᠎ᠠ ᠶᠢᠨ |
ᠠᠵᠢᠯ ᠤᠨ ᠬᠤᠷᠠᠯ ᠂ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠣᠯᠠᠨ ᠤᠳᠠᠭ᠎ᠠ ᠡᠷᠭᠢᠯᠡᠨ |
ᠬᠤᠷᠠᠯᠳᠤᠭᠤᠯᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ |
ᠣᠯᠠᠨ ᠤᠳᠠᠭ᠎ᠠ ᠡᠷᠭᠢᠯᠡᠨ ᠬᠤᠷᠠᠯᠳᠤᠭᠤᠯᠵᠤ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ |
ᠵᠥᠪᠯᠡᠬᠦ ᠬᠠᠤᠯᠢ ᠂ ᠤᠰᠤ ᠶᠢ ᠠᠷᠪᠢᠯᠠᠵᠤ ᠬᠡᠷᠡᠭᠯᠡᠬᠦ ᠲᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ |
ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ ᠂ ᠲᠣᠭᠤᠷᠢᠨ ᠪᠠᠶᠢᠴᠠᠭᠠᠬᠤ ᠠᠵᠢᠯ ᠤᠨ ᠲᠦᠷᠢᠮ ᠵᠡᠷᠭᠡ ᠨᠠᠮ ᠤᠨ |
ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠵᠤ |
ᠬᠡᠷᠡᠭᠯᠡᠬᠦ ᠲᠦᠷᠢᠮ ᠳᠤ ᠵᠠᠰᠠᠪᠤᠷᠢ ᠣᠷᠣᠭᠤᠯᠬᠤ ᠂ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ |
ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠵᠢᠴᠢ ᠵᠠᠰᠠᠭ ᠵᠠᠬᠢᠷᠭᠠᠨ ᠤ ᠣᠯᠠᠨ ᠵᠦᠢᠯ ᠤᠨ ᠵᠢᠷᠤᠮᠵᠢᠯ ᠤᠨ |
ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠢ ᠰᠤᠳᠤᠯᠵᠤ ᠂ ᠤᠰᠤ ᠶᠢ ᠠᠷᠪᠢᠯᠠᠵᠤ |
ᠬᠡᠷᠡᠭᠯᠡᠬᠦ ᠲᠦᠷᠢᠮ ᠢ ᠤᠬᠠᠭᠤᠯᠤᠨ ᠲᠤᠭᠤᠰᠢᠯᠠᠭᠤᠯᠬᠤ ᠠᠵᠢᠯ ᠢ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ |
ᠤᠰᠤᠨ ᠠᠰᠢᠭᠯᠠᠯᠲᠠ ᠶᠢᠨ ᠲᠢᠩᠬᠢᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠤᠨ ᠦᠨᠳᠦᠰᠦᠨ ᠬᠠᠤᠯᠢ ᠳᠤ |
ᠲᠠᠩᠭᠠᠷᠢᠭᠯᠠᠬᠤ ᠶᠣᠰᠣᠯᠠᠯ ᠳᠤ ᠣᠷᠣᠯᠴᠠᠭᠰᠠᠨ ᠪᠥᠭᠡᠳ ᠲᠠᠩᠭᠠᠷᠢᠭᠯᠠᠬᠤ ᠶᠠᠷᠢᠶ᠎ᠠ ᠲᠠᠯᠪᠢᠵᠤ ᠂ ᠬᠠᠤᠯᠢ ᠪᠠᠷ ᠵᠠᠰᠠᠬᠤ |
ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ |
ᠭᠦᠢᠴᠡᠳᠬᠡᠵᠦ ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠤᠰᠤ ᠶᠢ ᠵᠠᠰᠠᠵᠤ |
ᠤᠰᠤ ᠶᠢ ᠬᠠᠮᠢᠶᠠᠷᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ |
ᠬᠤᠶᠠᠷ ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ |
ᠨᠢᠭᠡ ᠳᠤ ᠂ ᠰᠢᠨᠵᠢᠯᠡᠬᠦ ᠤᠬᠠᠭᠠᠨᠴᠢ ᠠᠷᠠᠳᠴᠢᠯᠠᠯ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ |
ᠲᠣᠭᠲᠠᠭᠠᠬᠤ ᠶᠢ ᠪᠠᠷᠢᠮᠳᠠᠯᠠᠪᠠ ᠃ ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ |
ᠲᠣᠭᠲᠠᠭᠠᠬᠤ ᠵᠦᠢᠯᠡᠰ ᠤᠨ ᠭᠠᠷᠴᠠᠭ ᠢ ᠲᠣᠭᠲᠠᠭᠠᠬᠤ ᠶᠢᠨ ᠬᠠᠮᠲᠤ ᠢᠯᠡ ᠪᠣᠯᠭᠠᠵᠤ ᠂ ᠬᠠᠤᠯᠢ ᠪᠠᠷ ᠲᠣᠭᠲᠠᠭᠠᠭᠰᠠᠨ |
ᠡᠷᠬᠡ ᠮᠡᠳᠡᠯ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠲᠦ ᠪᠣᠳᠣᠯᠭ᠎ᠠ ᠲᠤᠭᠲᠠᠭᠠᠪᠠ ᠃ ᠠᠷᠠᠳᠴᠢᠯᠠᠯ |
ᠲᠥᠪᠯᠡᠷᠡᠯ ᠤᠨ ᠶᠣᠰᠣ ᠶᠢ ᠪᠠᠷᠢᠮᠲᠠᠯᠠᠨ ᠲᠤᠭᠤᠰᠢᠯᠠᠭᠤᠯᠵᠤ ᠂ 56 ᠤᠳᠠᠭ᠎ᠠ ᠶᠢᠨ ᠨᠠᠮ ᠤᠨ ᠤᠳᠤᠷᠢᠳᠬᠤ |
ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠴᠢᠬᠤᠯᠠ ᠶᠡᠭᠡ ᠵᠦᠢᠯᠡᠰ ᠢ ᠶᠠᠷᠢᠯᠴᠠᠨ ᠲᠣᠭᠲᠠᠭᠠᠵᠤ ᠂ ᠰᠢᠢᠳᠪᠦᠷᠢᠲᠦ |
ᠪᠤᠳᠤᠯᠭ᠎ᠠ ᠶᠢᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ ᠂ ᠤᠯᠠᠨ |
ᠨᠡᠶᠢᠲᠡ ᠪᠠᠷ ᠢᠶᠠᠨ ᠣᠷᠣᠯᠴᠠᠬᠤ ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠂ ᠲᠤᠰᠬᠠᠢ ᠮᠡᠷᠭᠡᠵᠢᠯᠲᠡᠨ ᠢᠶᠠᠷ |
ᠨᠤᠲᠠᠯᠠᠭᠤᠯᠬᠤ ᠵᠢᠴᠢ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠂ ᠲᠦᠷᠦ ᠶᠢᠨ ᠪᠤᠳᠤᠯᠭ᠎ᠠ ᠶᠢᠨ |
ᠨᠢᠭᠡᠳᠦᠯᠲᠦ ᠴᠢᠨᠠᠷ ᠢ ᠦᠨᠡᠯᠡᠨ ᠵᠢᠱᠢᠬᠦ ᠵᠡᠷᠭᠡ ᠰᠢᠢᠳᠪᠦᠷᠢᠲᠦ ᠪᠤᠳᠤᠯᠭ᠎ᠠ ᠶᠢᠨ ᠲᠡᠰ ᠳᠠᠷᠠᠭᠠᠯᠠᠯ ᠢ ᠴᠢᠩᠭ᠎ᠠ |
ᠭᠦᠢᠴᠡᠳᠬᠡᠵᠦ ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠠᠰᠤ ᠴᠢᠨᠠᠷ ᠦᠷ᠎ᠡ ᠪᠦᠲᠦᠮᠵᠢ ᠶᠢ |
ᠳᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ |
ᠠᠯᠪᠠᠨ ᠬᠡᠷ ᠤᠨ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠢ |
ᠭᠦᠢᠴᠡᠳ ᠪᠠᠳᠠᠷᠠᠭᠤᠯᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ |
ᠳᠡᠭᠡᠭᠰᠢᠯᠡᠭᠦᠯᠬᠦ ᠶᠢ ᠠᠬᠢᠭᠤᠯᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ ᠂ ᠠᠯᠪᠠᠨ |
ᠲᠤᠰᠢᠶᠠᠯᠲᠤ ᠬᠠᠤᠯᠢᠴᠢ ᠶᠢ ᠬᠠᠤᠯᠢ ᠶᠣᠰᠣᠭᠠᠷ ᠪᠠᠶᠢᠭᠤᠯᠵᠤ ᠂ ᠲᠡᠭᠦᠨ ᠤ ᠵᠠᠰᠠᠭ ᠵᠠᠬᠢᠷᠭᠠᠨ ᠤ ᠵᠠᠷᠭᠤ ᠬᠦᠯᠢᠶᠡᠬᠦ ᠂ |
ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ |
ᠪᠣᠳᠣᠯᠭ᠎ᠠ ᠲᠣᠭᠲᠠᠭᠠᠬᠤ ᠶᠠᠪᠤᠴᠠ ᠳᠠᠬᠢ ᠬᠠᠤᠯᠢ ᠲᠦᠷᠢᠮ ᠤᠨ ᠬᠢᠨᠠᠨ ᠬᠠᠷᠭᠤᠭᠤᠯᠬᠤ ᠡᠭᠦᠷᠭᠡ ᠴᠢᠳᠠᠪᠤᠷᠢ ᠶᠢ |
ᠭᠦᠢᠴᠡᠳ ᠪᠠᠳᠠᠷᠠᠭᠤᠯᠤᠨ᠎ᠠ ᠃ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ ᠶᠢ ᠵᠢᠷᠤᠮᠵᠢᠭᠤᠯᠵᠤ ᠂ |
ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠪᠥᠬᠦ ᠵᠢᠯ ᠳᠤ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠂ |
ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠂ ᠤᠰᠤᠨ ᠠᠰᠢᠭᠯᠠᠯᠲᠠ ᠶᠢᠨ ᠬᠠᠤᠯᠢ ᠲᠣᠭᠲᠠᠭᠠᠬᠤ ᠂ ᠵᠠᠰᠠᠭ |
ᠵᠠᠬᠢᠷᠭᠠᠨ ᠤ ᠬᠠᠤᠯᠢ ᠬᠡᠷᠡᠭᠵᠢᠭᠦᠯᠬᠦ ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠂ ᠢᠷᠭᠡᠨ ᠤ ᠬᠡᠷᠡᠭ ᠤᠨ ᠵᠠᠷᠭᠤ ᠂ |
ᠵᠠᠬᠢᠳᠠᠯ ᠰᠤᠷᠪᠤᠯᠵᠢᠯᠠᠯ ᠢ ᠭᠦᠢᠴᠡᠳᠭᠡᠬᠦ ᠵᠡᠷᠭᠡ ᠳᠤ ᠬᠠᠤᠯᠢ ᠴᠠᠭᠠᠵᠠ ᠶᠢᠨ ᠰᠠᠨᠠᠯ 35 ᠤᠳᠠᠭ᠎ᠠ ᠳᠤᠷᠠᠳᠤᠪᠠ ᠃ |
ᠬᠤᠶᠠᠷ ᠲᠤ ᠂ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠨ ᠬᠢᠵᠠᠭᠠᠷᠯᠠᠬᠤ ᠶᠢ ᠴᠢᠩᠭᠠᠳᠬᠠᠪᠠ ᠃ ᠨᠠᠮ ᠤᠨ |
ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠴᠢᠩᠭᠠᠳᠬᠠᠵᠤ ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ |
ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ ᠂ ᠯᠢ ᠫᠧᠩ ᠰᠢᠨ ᠤ |
ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢᠶᠠᠷ ᠲᠦᠰᠦᠯ ᠢᠶᠠᠷ |
ᠥᠭᠡᠷᠡᠴᠢᠯᠡᠯᠲᠡ ᠶᠢ ᠠᠬᠢᠭᠤᠯᠬᠤ ᠶᠢ ᠥᠷᠨᠢᠭᠦᠯᠵᠦ ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ |
ᠦᠷᠭᠦᠯᠵᠢᠯᠡᠨ ᠠᠬᠢᠭᠤᠯᠪᠠ ᠃ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ 12314 |
ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠂ 12345 ᠬᠠᠯᠠᠮᠰᠢᠯ ᠤᠲᠠᠰᠤ ᠵᠡᠷᠭᠡ ᠵᠦᠢᠯᠡᠰ ᠢ ᠨᠠᠷᠢᠨ |
ᠬᠢᠨᠠᠮᠠᠭᠠᠢ ᠰᠢᠢᠳᠪᠦᠷᠢᠯᠡᠵᠦ ᠂ ᠪᠦᠬᠦ ᠵᠢᠯ ᠳᠤ ᠡᠯ᠎ᠡ ᠲᠦᠷᠦᠯ ᠤᠨ ᠵᠠᠬᠢᠳᠠᠯ ᠰᠤᠷᠪᠤᠯᠵᠢᠯᠠᠯ ᠂ ᠢᠯᠡᠴᠢᠯᠡᠨ |
ᠮᠡᠳᠡᠭᠦᠯᠦᠯᠲᠡ ᠂ ᠵᠠᠭᠠᠯᠳᠤᠯᠭ᠎ᠠ ᠂ ᠵᠥᠪᠯᠡᠯᠭᠡ ᠂ ᠰᠠᠨᠠᠭᠤᠯᠭ᠎ᠠ ᠶᠢᠨ ᠵᠦᠢᠯᠡᠰ ᠢ 363 ᠰᠢᠢᠳᠪᠦᠷᠢᠯᠡᠪᠡ ᠃ ᠵᠠᠰᠠᠭ ᠤᠨ |
ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ |
ᠰᠣᠨᠢᠨ ᠮᠡᠳᠡᠭᠡᠨ ᠤ ᠠᠯᠪᠠᠨ ᠭᠡᠷ ᠲᠤ ︽ᠪᠦᠬᠦ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ |
ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠵᠤ ᠂ |
ᠲᠢᠩᠬᠢᠮ ᠤᠨ ᠫᠣᠷᠲ᠋ᠧᠯ ᠰᠦᠯᠵᠢᠶᠡᠨ ᠳᠡᠭᠡᠷ᠎ᠡ ᠵᠠᠰᠠᠭ ᠤᠨ ᠣᠷᠳᠣᠨ ᠤ 371 ᠵᠤᠷᠪᠤᠰ ᠮᠡᠳᠡᠭᠡ ᠵᠠᠩᠭᠢ ᠶᠢ |
ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ |
ᠭᠤᠶᠤᠴᠢᠯᠠᠯ ᠢ 23 ᠬᠤᠪᠢ ᠬᠠᠤᠯᠢ ᠶᠣᠰᠣᠭᠠᠷ ᠬᠠᠷᠢᠭᠤᠯᠲᠠ ᠥᠭᠪᠡ ᠃ ᠠᠷᠠᠳ ᠤᠨ ᠲᠥᠯᠥᠭᠡᠯᠡᠭᠴᠢᠳ ᠤᠨ ᠶᠡᠭᠡ |
ᠬᠤᠷᠠᠯ ᠤᠨ ᠬᠢᠨᠠᠯᠲᠠ ᠲᠠᠯᠪᠢᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ ᠂ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ |
ᠲᠥᠷᠥ ᠶᠢᠨ ᠵᠥᠪᠯᠡᠯᠭᠡᠨ ᠤ 75 ᠬᠤᠪᠢ ᠳᠤᠷᠠᠳᠤᠯᠭ᠎ᠠ ᠶᠢ ᠰᠢᠢᠳᠪᠦᠷᠢᠯᠡᠨ ᠳᠠᠭᠤᠰᠬᠠᠪᠠ ᠃ |
ᠭᠤᠶᠤᠴᠢᠯᠠᠭᠳᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ 1 ᠬᠤᠪᠢ ᠭᠦᠢᠴᠡᠳᠬᠡᠵᠦ ᠂ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ |
ᠲᠣᠭᠲᠠᠭᠠᠯ ᠤᠨ ᠪᠢᠴᠢᠭ ᠤᠨ ᠮᠠᠨ ᠤ ᠲᠢᠩᠬᠢᠮ ᠤᠨ ᠭᠠᠷᠭᠠᠭᠰᠠᠨ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ |
ᠬᠠᠮᠠᠭᠠᠯᠠᠵᠤ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠵᠦ ᠪᠤᠷᠤᠭᠤ ᠶᠢ ᠵᠠᠯᠠᠷᠠᠭᠤᠯᠬᠤ ᠬᠡᠷᠡᠭ ᠭᠠᠷᠤᠭᠰᠠᠨ ᠦᠭᠡᠢ ᠃ |
ᠭᠤᠷᠪᠠ ᠳᠤ ᠂ ᠤᠰᠤᠨ ᠠᠰᠢᠭᠯᠠᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠷᠭᠦᠯᠵᠢᠯᠡᠨ |
ᠰᠢᠯᠢᠳᠡᠭᠵᠢᠭᠦᠯᠪᠡ ᠃ ︽ᠤᠰᠤᠨ ᠠᠰᠢᠭᠯᠠᠯᠲᠠ ᠶᠢᠨ ᠬᠦᠷᠢᠶᠡᠨ ᠳᠠᠬᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ |
ᠪᠠᠭᠤᠯᠭᠠᠵᠤ ᠦᠢᠯᠡᠴᠢᠯᠡᠭᠡᠨ ᠤ ᠠᠵᠢᠯ ᠤᠨ ᠲᠥᠰᠦᠯ︾ ᠪᠠ ︽ᠲᠥᠷᠥᠯ ᠵᠦᠢᠯ ᠢ ᠬᠢᠨᠠᠨ ᠵᠥᠪᠰᠢᠶᠡᠷᠡᠬᠦ ᠶᠢᠨ ︿ |
ᠤᠳᠠᠭᠠᠨ﹀ ᠢ ᠲᠠᠶᠢᠯᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ︾ ᠶᠢ ᠲᠣᠭᠲᠠᠭᠠᠵᠤ ᠂ ᠠᠶᠢᠮᠠᠭ ᠬᠤᠲᠠ |
ᠠᠯᠤᠰᠯᠠᠭᠰᠠᠨ ᠠᠴᠠ ᠭᠠᠳᠠᠨᠠᠬᠢ ᠳᠤᠮᠳᠠ ᠪᠠᠭ᠎ᠠ ᠭᠤᠤᠯ ᠮᠥᠷᠡᠨ ᠢ ᠵᠠᠰᠠᠬᠤ ᠠᠩᠬ᠎ᠠ ᠠᠯᠬᠤᠮ ᠤᠨ ᠵᠢᠷᠤᠭ |
ᠲᠥᠯᠥᠪᠯᠡᠭᠡ ᠶᠢᠨ ᠬᠢᠨᠠᠨ ᠵᠥᠪᠰᠢᠶᠡᠷᠡᠯ ᠢ ᠠᠶᠢᠮᠠᠭ ᠬᠤᠲᠠ ᠳᠤ ᠪᠠᠭᠤᠯᠭᠠᠨ ᠬᠡᠷᠡᠭᠵᠢᠭᠦᠯᠵᠦ ᠂ ᠦᠶᠡᠷ ᠤᠨ ᠤᠰᠤᠨ ᠤ |
ᠨᠥᠯᠥᠭᠡ ᠶᠢ ᠦᠨᠡᠯᠡᠬᠦ ᠲᠥᠷᠥᠯ ᠤᠨ ᠬᠢᠨᠠᠨ ᠵᠥᠪᠰᠢᠶᠡᠷᠡᠬᠦ ᠂ ᠤᠰᠤᠨ ᠠᠰᠢᠭᠯᠠᠯᠲᠠ ᠶᠢᠨ ᠦᠨᠳᠦᠰᠦᠨ ᠪᠥᠲᠥᠭᠡᠨ |
ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ |
ᠬᠢᠨᠠᠨ ᠵᠥᠪᠰᠢᠶᠡᠷᠡᠬᠦ 8 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠬᠦ ᠴᠠᠭ ᠤᠨ |
ᠬᠢᠵᠠᠭᠠᠷ ᠢ ᠤᠯᠠᠮ ᠨᠢᠭᠡ ᠠᠯᠬᠤᠮ ᠪᠠᠭᠠᠰᠬᠠᠵᠤ ᠂ ᠳᠤᠮᠳᠠᠴᠢ ᠪᠠᠷ 6 ᠠᠵᠢᠯᠯᠠᠬᠤ ᠬᠤᠭᠤᠴᠠᠭ᠎ᠠ ᠶᠢ ᠪᠣᠭᠤᠨᠢᠰᠬᠠᠵᠤ ᠂ |
ᠬᠠᠮᠤᠭ ᠤᠨ ᠣᠷᠳᠣ ᠬᠤᠭᠤᠴᠠᠭ᠎ᠠ ᠶᠢ 10 ᠠᠵᠢᠯᠯᠠᠬᠤ ᠡᠳᠦᠷ ᠪᠤᠭᠤᠨᠢᠰᠬᠠᠪᠠ ᠃ ᠪᠥᠬᠦ ᠣᠷᠣᠨ ᠤ ᠤᠰᠤᠨ ᠤ |
ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠵᠦ ᠂ 179 ᠵᠦᠢᠯ ᠂ |
ᠠᠵᠢᠯ ᠶᠠᠪᠤᠳᠠᠯ ᠭᠦᠢᠴᠡᠳᠭᠡᠬᠦ ᠵᠦᠭᠯᠡᠭᠦᠷ 61 ᠵᠦᠢᠯ ᠢ ᠨᠠᠶᠢᠷᠠᠭᠤᠯᠤᠨ ᠵᠣᠬᠢᠶᠠᠵᠤ ᠨᠡᠶᠢᠲᠡᠯᠡᠨ ᠬᠡᠷᠡᠭᠵᠢᠭᠦᠯᠵᠦ ᠂ |
ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ |
ᠬᠠᠮᠢᠶᠠᠷᠤᠯᠲᠠ ᠶᠢᠨ ᠰᠢᠰᠲ᠋ᠧᠮ ᠵᠢᠩᠬᠢᠨᠢ ᠪᠠᠷ ᠠᠰᠢᠭᠯᠠᠯᠲᠠ ᠳᠤ ᠣᠷᠣᠪᠠ ᠃ ︽ᠬᠤᠣᠰ ᠲᠤᠬᠢᠶᠠᠯᠳᠤᠮᠵᠢ ᠨᠢᠭᠡ |
ᠢᠯᠡ︾ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠲᠣᠭᠲᠠᠴᠠ ᠶᠢ ᠴᠢᠩᠭᠠᠷᠠᠭᠤᠯᠵᠤ ᠂ 10 |
ᠦᠢᠯᠡᠳᠪᠦᠷᠢᠯᠡᠯ ᠤᠨ ᠠᠵᠤ ᠠᠬᠤᠶᠢᠯᠠᠯ ᠪᠠ 7 ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠶᠢᠨ ᠬᠢᠨᠠᠨ ᠬᠠᠮᠢᠶᠠᠷᠬᠤ ᠨᠢᠭᠡᠴᠢ ᠂ ᠬᠥᠬᠡᠭᠴᠢᠨ ᠲᠠᠰ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ |
ᠨᠢᠭᠡᠴᠢ ᠳᠤ ︽ᠬᠤᠣᠰ ᠲᠤᠬᠢᠶᠠᠯᠳᠤᠮᠵᠢ ᠨᠢᠭᠡ ᠢᠯᠡ︾ ᠶᠢᠨ ᠬᠢᠨᠠᠯᠲᠠ ᠪᠠᠶᠢᠴᠠᠭᠠᠯᠲᠠ ᠶᠢ ᠦᠷᠨᠢᠭᠦᠯᠦᠭᠰᠡᠨ |
ᠪᠠᠶᠢᠨ᠎ᠠ ᠃ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ |
ᠮᠡᠳᠡᠭᠡ ᠵᠠᠩᠭᠢ ᠪᠠ ᠲᠥᠷᠥᠯ ᠵᠦᠢᠯ ᠤᠨ ᠬᠠᠮᠢᠶᠠᠷᠤᠯᠲᠠ ᠶᠢᠨ ᠲᠠᠪᠴᠠᠩ ᠨᠢ ᠠᠵᠢᠯ ᠡᠷᠭᠢᠯᠡᠭᠰᠡᠳ ᠤᠨ 36283 |
ᠠᠵᠤ ᠠᠬᠤᠶᠢᠯᠠᠯ ᠂ ᠠᠵᠢᠯ ᠡᠷᠭᠢᠯᠡᠭᠰᠡᠳ ᠤᠨ ᠮᠡᠳᠡᠭᠡ ᠵᠠᠩᠭᠢ ᠶᠢ 345642 ᠵᠤᠷᠪᠤᠰ ᠴᠤᠭᠯᠠᠭᠤᠯᠵᠤ ᠂ 91 |
ᠵᠦᠢᠯ ᠤᠨ ᠢᠨᠵᠧᠨᠧᠷᠢᠩ ᠤᠨ ᠲᠥᠷᠥᠯ ᠵᠦᠢᠯ ᠢ ᠵᠠᠷᠯᠠᠨ ᠨᠡᠶᠢᠲᠡᠯᠡᠵᠦ ᠂ ᠦᠨᠡᠨᠴᠢ ᠢᠲᠡᠭᠡᠮᠵᠢ ᠶᠢᠨ ᠤᠷᠮᠠᠰᠢᠭᠤᠯᠬᠤ |
ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠦᠢᠯᠡᠳᠦᠯ ᠴᠢᠳᠠᠪᠤᠷᠢ ᠶᠢ ᠴᠢᠩᠭᠠᠷᠠᠭᠤᠯᠤᠨ ᠂ ᠵᠠᠬ᠎ᠠ |
ᠳᠡᠯᠭᠡᠭᠦᠷ ᠤᠨ ᠭᠤᠤᠯ ᠴᠣᠭᠴᠠ ᠶᠢᠨ ᠥᠪᠡᠷ ᠢ ᠪᠠᠨ ᠱᠠᠭᠠᠷᠳᠠᠵᠤ ᠵᠢᠷᠤᠮᠵᠢᠭᠤᠯᠤᠨ ᠡᠵᠡᠩᠨᠡᠬᠦ ᠶᠢ ᠬᠥᠲᠥᠯᠦᠨ |
ᠵᠢᠯᠣᠭᠤᠳᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ |
ᠬᠠᠮᠲᠤᠷᠠᠨ ᠤᠰᠤ ᠠᠪᠴᠤ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢ ᠦᠨᠡᠯᠡᠬᠦ ᠠᠵᠢᠯ ᠤᠨ ᠲᠥᠰᠦᠯ ᠢ ᠳᠠᠷᠤᠮᠠᠯᠯᠠᠨ |
ᠲᠠᠷᠬᠠᠭᠠᠵᠤ ᠂ ᠤᠰᠤ ᠠᠪᠴᠤ ᠬᠡᠷᠡᠭᠯᠡᠬᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ ᠃ ᠤᠰᠤᠨ ᠤ |
ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠠᠬᠢᠭᠤᠯᠵᠤ ᠂ |
ᠤᠰᠤ ᠠᠪᠬᠤ ᠵᠥᠪᠰᠢᠶᠡᠷᠡᠯ ᠂ ᠦᠶᠡᠷ ᠤᠨ ᠤᠰᠤ ᠶᠢ ᠦᠨᠡᠯᠡᠬᠦ ᠲᠦᠷᠦᠯ ᠤᠨ ᠬᠢᠨᠠᠨ ᠵᠥᠪᠰᠢᠶᠡᠷᠡᠯ ᠵᠡᠷᠭᠡ 15 |
ᠵᠦᠢᠯᠡᠰ ᠢ ᠪᠦᠬᠦ ᠣᠷᠣᠨ ᠳᠤ ᠣᠨᠳᠣᠣ ᠭᠠᠵᠠᠷ ᠲᠤ ᠬᠦᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ ᠂ ᠠᠵᠤ |
ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠨ ᠭᠠᠵᠠᠷ ᠭᠦᠶᠦᠬᠦ ᠂ ᠪᠤᠴᠠᠵᠤ |
ᠭᠦᠶᠦᠬᠦ ᠠᠰᠠᠭᠤᠳᠠᠯ ᠢ ᠰᠢᠢᠳᠪᠦᠷᠢᠯᠡᠪᠡ ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠢ |
ᠰᠢᠯᠭᠠᠨ ᠠᠪᠬᠤ ︽ᠥᠨᠳᠥᠷ ᠦᠷ᠎ᠡ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ ᠶᠢ ᠳᠥᠯᠭᠢᠨ |
ᠠᠬᠢᠭᠤᠯᠵᠤ ᠂ ᠰᠢᠯᠭᠠᠨ ᠠᠪᠴᠤ ᠮᠡᠳᠡᠭᠦᠯᠦᠨ ᠳᠠᠩᠰᠠᠯᠠᠭᠤᠯᠬᠤ ᠂ ᠲᠤᠰᠬᠠᠶ ᠵᠦᠢᠯ ᠢᠶᠠᠷ ᠰᠢᠯᠭᠠᠨ ᠠᠪᠬᠤ ᠪᠠ ᠠᠵᠢᠯ |
ᠳᠠᠭᠤᠰᠤᠭᠰᠠᠨ ᠢ ᠰᠢᠯᠭᠠᠨ ᠠᠪᠬᠤ ᠵᠦᠢᠯᠡᠰ ᠢ ︽ᠨᠢᠭᠡ ᠶᠠᠪᠤᠳᠠᠯ︾ ᠪᠣᠯᠭᠠᠨ ᠡᠮᠬᠢᠯᠡᠨ ᠨᠡᠶᠢᠯᠡᠭᠦᠯᠵᠦ ᠂ ︽ᠨᠢᠭᠡ |
ᠤᠳᠠᠭ᠎ᠠ ᠳᠤ ᠭᠤᠶᠤᠴᠢᠯᠠᠬᠤ ᠂ ᠨᠡᠶᠢᠯᠡᠭᠦᠯᠦᠨ ᠬᠠᠮᠲᠤᠷᠠᠨ ᠭᠦᠢᠴᠡᠳᠬᠡᠬᠦ ᠂ ᠬᠠᠮᠲᠤᠷᠠᠨ ᠰᠢᠯᠭᠠᠨ ᠠᠪᠬᠤ︾ ᠶᠢ |
ᠬᠡᠷᠡᠭᠵᠢᠭᠦᠯᠦᠨ ᠂ ︽ᠨᠢᠭᠡ ᠶᠠᠪᠤᠳᠠᠯ︾ ᠤᠨ ᠰᠢᠰᠲ᠋ᠧᠮ ᠢ ᠵᠢᠩᠬᠢᠨᠢ ᠪᠠᠷ ᠠᠵᠢᠯᠯᠠᠭᠤᠯᠬᠤ ᠶᠢᠨ ᠬᠠᠮᠲᠤ ᠪᠣᠳᠠᠲᠠᠶ |
ᠤᠴᠢᠷ ᠶᠠᠪᠤᠳᠠᠯ ᠢ ᠪᠣᠶ ᠪᠣᠯᠭᠠᠨ᠎ᠠ ᠃ ᠪᠥᠬᠦ ᠵᠢᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ |
3688 ᠬᠤᠪᠢ ᠭᠦᠢᠴᠡᠳᠬᠡᠵᠦ ᠂ ᠪᠥᠬᠦ ᠵᠢᠯ ᠤᠨ ︽ᠰᠠᠶᠢᠨ ᠮᠠᠭᠤ ᠦᠨᠡᠯᠡᠯᠲᠡ︾ ᠶᠢᠨ ᠶᠡᠷᠦᠩᠬᠡᠢ ᠲᠤᠭ᠎ᠠ ᠨᠢ |
1299 ᠬᠤᠪᠢ ᠪᠠᠶᠢᠵᠤ ᠂ ᠰᠠᠶᠢᠨ ᠦᠨᠡᠯᠡᠯᠲᠡ ᠶᠢᠨ ᠨᠣᠷᠮ᠎ᠠ ᠨᠢ 100 % ᠳᠤ ᠬᠦᠷᠴᠡᠢ ᠃ |
ᠭᠤᠷᠪᠠ ᠂ ᠤᠰᠤᠨ ᠤ ᠬᠠᠤᠯᠢ ᠲᠣᠭᠲᠠᠭᠠᠯ ᠤᠨ ᠳᠦᠷᠢᠮ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠪᠡ |
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ |
ᠬᠤᠷᠢᠶ᠎ᠠ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ ᠤᠰᠤ ᠬᠦᠷᠦᠰᠦ ᠶᠢ ᠬᠠᠮᠠᠭᠠᠯᠠᠬᠤ ᠲᠦᠷᠢᠮ ᠂ ᠭᠠᠵᠠᠷ |
ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ ᠳᠤ ᠵᠠᠰᠠᠪᠤᠷᠢ ᠣᠷᠣᠭᠤᠯᠬᠤ ᠠᠵᠢᠯ ᠢ ᠪᠡᠶᠡᠯᠡᠭᠦᠯᠵᠦ ᠂ |
ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠨ ᠬᠡᠷᠡᠭᠯᠡᠬᠦ ᠲᠦᠷᠢᠮ ᠳᠤ ᠵᠠᠰᠠᠪᠤᠷᠢ ᠣᠷᠣᠭᠤᠯᠬᠤ ᠂ ᠴᠤᠤᠯ |
ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠢᠨᠵᠧᠨᠧᠷᠢᠩ ᠤᠨ ᠬᠠᠮᠢᠶᠠᠷᠤᠯᠲᠠ ᠪᠠ |
ᠬᠠᠮᠠᠭᠠᠯᠠᠯᠲᠠ ᠶᠢᠨ ᠲᠦᠷᠢᠮ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠦᠷᠨᠢᠭᠦᠯᠪᠡ ᠃ ᠤᠰᠤᠨ |
ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠷᠢᠮᠵᠢᠶᠠᠯᠠᠨ ᠂ ᠬᠠᠤᠯᠢ |
ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠢ ᠪᠦᠷᠢᠨᠰᠢᠬᠦᠯᠵᠦ ᠂ ᠤᠰᠤᠨ ᠤ |
ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ |
ᠠᠬᠢᠭᠤᠯᠵᠤ ᠂ ᠤᠰᠤᠨ ᠠᠰᠢᠭᠯᠠᠯᠲᠠ ᠶᠢᠨ ᠬᠦᠷᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠤᠬᠢᠷᠠᠯ ᠢ |
ᠲᠥᠯᠥᠬᠦ ᠵᠢᠯᠣᠭᠤᠳᠣᠯᠭ᠎ᠠ ᠂ ᠤᠰᠤᠨ ᠴᠥᠭᠦᠷᠥᠮ ᠤᠨ ᠣᠷᠣᠨ ᠤ ᠬᠠᠮᠢᠶᠠᠷᠤᠯᠲᠠ ᠂ ᠦᠢᠯᠡᠳᠪᠦᠷᠢᠯᠡᠯ ᠪᠥᠲᠥᠭᠡᠨ |
ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠂ ᠤᠰᠤᠨ |
ᠠᠰᠢᠭᠯᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠪᠠ ᠵᠠᠰᠠᠭ |
ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶᠠᠷᠤᠯᠲᠠ ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ |
ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ |
ᠵᠡᠷᠭᠡ ᠠᠯᠢ ᠣᠯᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ ᠂ ᠤᠰᠤᠨ ᠠᠰᠢᠭᠯᠠᠯᠲᠠ ᠶᠢᠨ |
ᠴᠢᠨᠠᠷ ᠰᠠᠶᠢᠲᠠᠶ ᠬᠥᠭᠵᠢᠯᠲᠡ ᠶᠢᠨ ᠲᠦᠷᠢᠮ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠪᠡ ᠃ ᠤᠰᠤᠨ |
ᠠᠰᠢᠭᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠡᠷᠴᠢᠮ ᠢ ᠴᠢᠩᠭᠠᠷᠠᠭᠤᠯᠵᠤ ᠂ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ |
ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢᠨ ᠬᠠᠤᠯᠢ ᠪᠠᠷ ᠵᠠᠰᠠᠬᠤ ᠰᠤᠳᠤᠯᠭᠠᠨ︾ ᠢ ᠥᠪᠡᠷᠲᠡᠭᠡᠨ ᠵᠠᠰᠠᠬᠤ |
ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠢᠯ ᠳᠤ ᠣᠷᠣᠭᠤᠯᠵᠤ ᠂ ︽ |
ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠬᠠᠤᠯᠢ ᠪᠠᠷ ᠵᠠᠰᠠᠬᠤ ᠰᠤᠳᠤᠯᠭᠠᠨ︾ ᠪᠠ ︽︿ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ |
ᠠᠷᠭ᠎ᠠ﹀ ᠳᠤ ᠵᠠᠰᠠᠪᠤᠷᠢ ᠣᠷᠣᠭᠤᠯᠬᠤ ᠰᠤᠳᠤᠯᠭᠠᠨ︾ ᠤ ᠰᠡᠳᠦᠪ ᠤᠨ ᠦᠷ᠎ᠡ ᠪᠦᠲᠦᠭᠡᠯ ᠢ ᠤᠷᠤᠭᠰᠢᠲᠠᠶ |
ᠳᠠᠭᠤᠰᠬᠠᠪᠠ ᠃ |
ᠳᠥᠷᠪᠡ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢᠯᠡᠳᠦᠯ |
ᠴᠢᠳᠠᠪᠤᠷᠢ ᠶᠢ ᠳᠡᠭᠡᠭᠰᠢᠯᠡᠭᠦᠯᠪᠡ |
ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠲᠠᠢ ᠬᠠᠮᠲᠤᠷᠠᠨ ︽ᠤᠰᠤᠨ ᠤ ᠵᠠᠰᠠᠭ |
ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ |
ᠰᠠᠨᠠᠯ︾ ᠢ ᠳᠠᠷᠤᠮᠠᠯᠯᠠᠨ ᠲᠠᠷᠬᠠᠭᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ |
ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠬᠤᠶ ᠪᠠᠶᠢᠳᠠᠯ ᠳᠣᠤᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ |
ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ |
+ ᠪᠠᠶᠢᠴᠠᠭᠠᠬᠤ ᠳᠠᠷᠤᠭ᠎ᠠ︾ ᠶᠢᠨ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ ᠂ ᠥᠪᠡᠷᠲᠡᠭᠡᠨ ᠵᠠᠰᠠᠬᠤ |
ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ |
ᠲᠢᠩᠬᠢᠮ ᠲᠠᠢ ᠬᠤᠯᠪᠣᠭᠠᠯᠠᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ︽ᠬᠠᠪᠤᠷ ᠤᠨ |
ᠤᠯᠠᠷᠢᠯ︾ ᠂ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠦ ᠂ ᠰᠤᠩᠭᠠᠷᠢ ᠮᠥᠷᠡᠨ ᠪᠤᠯᠤᠨ ᠯᠢᠶᠤᠤᠾᠧ |
ᠭᠤᠤᠯ ᠤᠨ ᠵᠦᠪᠯᠡᠯ ᠲᠠᠢ ᠬᠤᠯᠪᠣᠭᠠᠯᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠤᠰᠬᠠᠶ ᠵᠦᠢᠯ ᠤᠨ |
ᠠᠵᠢᠯᠯᠠᠭ᠎ᠠ ᠥᠷᠨᠢᠭᠦᠯᠵᠦ ᠂ ᠪᠥᠬᠦ ᠣᠷᠣᠨ ᠤ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠭᠡᠳ |
ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭᠠᠨ ᠤ 10 ᠨᠡᠶᠢᠲᠡᠯᠢᠭ ᠬᠡᠷᠡᠭ ᠤᠨ |
ᠵᠢᠱᠢᠶ᠎ᠡ ᠶᠢ ᠨᠡᠶᠢᠲᠡᠯᠡᠪᠡ ᠃ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ |
ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠤᠨ ᠵᠠᠳᠠᠯᠵᠤ ᠨᠡᠶᠢᠲᠡᠯᠡᠬᠦ ᠲᠦᠷᠢᠮ ᠢ ᠳᠠᠷᠤᠮᠠᠯᠯᠠᠨ |
ᠲᠠᠷᠬᠠᠭᠠᠵᠤ ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠵᠢᠯᠣᠭᠤᠳᠬᠤ ᠦᠢᠯᠡᠳᠦᠯ ᠢ |
ᠪᠠᠳᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ |
ᠲᠤᠰᠠᠯᠠᠬᠤ ᠰᠢᠰᠲ᠋ᠧᠮ ᠢ ᠪᠠᠶᠢᠭᠤᠯᠵᠤ ᠂ ᠪᠥᠬᠦ ᠤᠯᠤᠰ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ |
ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠭᠤᠯᠵᠤ ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ |
ᠵᠦᠢᠯᠡᠰ ᠤᠨ ᠨᠠᠷᠢᠨ ᠬᠠᠭᠤᠳᠠᠰᠤ ᠂ ᠬᠠᠤᠯᠢ ᠬᠡᠷᠡᠭᠵᠢᠭᠦᠯᠬᠦ ᠦᠨᠳᠦᠰᠦᠯᠡᠯ ᠂ ᠲᠤᠬᠠᠶᠢᠯᠠᠭᠰᠠᠨ ᠠᠵᠢᠯ ᠤᠨ ᠴᠤᠪᠤᠷᠠᠯ |
ᠵᠡᠷᠭᠡ ᠵᠢᠷᠤᠮᠵᠢᠭᠰᠠᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠵᠤ ᠂ ᠤᠰᠤᠨ ᠤ ᠵᠠᠰᠠᠭ |
ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠠᠭᠤᠯᠭ᠎ᠠ ᠶᠢ ᠰᠢᠭᠢᠳᠬᠡᠵᠦ ᠂ ᠬᠠᠤᠯᠢ |
ᠬᠡᠷᠡᠭᠵᠢᠭᠦᠯᠬᠦ ᠠᠵᠢᠯᠲᠠᠨ ᠳᠤ ᠨᠠᠷᠢᠯᠢᠭ ᠣᠨᠣᠴᠠᠲᠠᠶ ᠵᠢᠯᠣᠭᠤᠳᠤᠮᠵᠢ ᠬᠠᠩᠭᠠᠨ᠎ᠠ ᠃ ᠤᠰᠤᠨ ᠤ ᠡᠬᠢ ᠪᠠᠶᠠᠯᠢᠭ ᠠᠮᠢ |
ᠠᠬᠤᠶ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ |
ᠢᠨᠵᠧᠨᠧᠷᠢᠩ ᠤᠨ ᠠᠮᠤᠷ ᠲᠦᠪᠰᠢᠨ ᠵᠢᠴᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ ᠤ ᠠᠮᠢ ᠪᠡᠶ᠎ᠡ ᠶᠢᠨ ᠠᠰᠢᠭ |
ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ |
ᠴᠢᠩᠭᠠᠷᠠᠭᠤᠯᠵᠤ ᠂ ᠪᠥᠬᠦ ᠵᠢᠯ ᠳᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ |
ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 20.2 ᠲᠦᠮᠡᠨ ᠺᠢᠯᠤᠮᠧᠲᠷ ᠤᠨ ᠭᠤᠣᠯ ᠤᠨ ᠵᠠᠮ ᠢ ᠲᠣᠭᠤᠷᠢᠨ |
ᠪᠠᠶᠢᠴᠠᠭᠠᠵᠤ ᠂ ᠤᠰᠤᠨ ᠣᠷᠣᠨ ᠤ ᠲᠠᠯᠠᠪᠠᠶ ᠶᠢ 16.4 ᠲᠦᠮᠡᠨ ᠲᠡᠭᠰᠢ ᠳᠥᠷᠪᠡᠯᠵᠢᠨ ᠺᠢᠯᠤᠮᠧᠲᠷ ᠲᠣᠭᠤᠷᠢᠨ |
ᠪᠠᠶᠢᠴᠠᠭᠠᠵᠤ ᠂ ᠬᠠᠤᠯᠢ ᠬᠡᠷᠡᠭᠵᠢᠭᠦᠯᠬᠦ ᠠᠵᠢᠯᠲᠠᠨ ᠢ 7.1 ᠲᠦᠮᠡᠨ ᠬᠥᠮᠦᠨ ᠤᠳᠠᠭ᠎ᠠ ᠬᠥᠳᠡᠯᠭᠡᠵᠦ ᠂ ᠬᠠᠤᠯᠢ |
ᠬᠡᠷᠡᠭᠵᠢᠭᠦᠯᠬᠦ ᠲᠡᠷᠭᠡ ᠬᠥᠰᠬᠡ ᠶᠢ 1.5 ᠲᠦᠮᠡᠨ ᠬᠥᠮᠦᠨ ᠤᠳᠠᠭ᠎ᠠ ᠬᠥᠳᠡᠯᠭᠡᠵᠦ ᠂ ᠬᠠᠤᠯᠢ ᠠᠴᠠ ᠵᠥᠷᠢᠴᠡᠭᠰᠡᠨ |
325 ᠬᠡᠷᠡᠭ ᠢ ᠲᠤᠬᠠᠶ ᠶᠢᠨ ᠲᠠᠯᠠᠪᠠᠶ ᠳᠤ ᠬᠤᠷᠢᠭᠯᠠᠨ ᠵᠣᠭᠰᠣᠭᠠᠵᠤ ᠂ ᠤᠰᠤᠨ ᠤ ᠶᠠᠪᠤᠳᠠᠯ ᠤᠨ ᠬᠠᠤᠯᠢ ᠠᠴᠠ |
ᠵᠥᠷᠢᠴᠡᠭᠰᠡᠨ 325 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ ᠂ 2384 ᠲᠦᠮᠡᠨ |
ᠲᠥᠭᠦᠷᠢᠭ ᠤᠨ ᠬᠠᠤᠯᠢ ᠪᠤᠰᠤ ᠣᠯᠵᠠᠪᠤᠷᠢ ᠶᠢ ᠬᠤᠷᠢᠶᠠᠨ ᠠᠪᠴᠤ ᠂ ᠰᠠᠶᠢᠨ ᠰᠠᠶᠢᠬᠠᠨ ᠤᠰᠤᠨ ᠤ ᠶᠠᠪᠤᠳᠠᠯ ᠤᠨ |
ᠡᠮᠬᠢ ᠳᠢᠭᠯᠢᠮ ᠢ ᠬᠦᠴᠦᠲᠡᠶ ᠬᠠᠮᠠᠭᠠᠯᠠᠪᠠ ᠃ |
ᠲᠠᠪᠤ ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠪᠠ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠳᠤᠷᠢᠳᠬᠤ ᠺᠠᠳ᠋ᠷ ᠮᠡᠳᠡᠪᠡᠯ |
ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠤᠯᠤᠰ ᠤᠨ ᠬᠠᠤᠯᠢ ᠴᠠᠭᠠᠵᠠ ᠶᠢᠨ ᠨᠠᠷᠢᠨ |
ᠬᠠᠭᠤᠳᠠᠰᠤ ᠶᠢ ᠳᠠᠷᠤᠮᠠᠯᠯᠠᠨ ᠲᠠᠷᠬᠠᠭᠠᠵᠤ ᠂ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ ᠂ ᠵᠠᠰᠠᠭ ᠵᠠᠬᠢᠷᠭᠠᠨ ᠤ |
ᠳᠠᠬᠢᠨ ᠵᠥᠪᠯᠡᠬᠦ ᠬᠠᠤᠯᠢ ᠶᠢᠨ ᠲᠤᠰᠬᠠᠶ ᠰᠡᠳᠦᠪᠲᠦ ᠲᠠᠶᠢᠯᠤᠮᠵᠢ ᠶᠢ ᠡᠷᠭᠢᠯᠡᠵᠦ ᠂ ᠤᠰᠤ ᠶᠢ ᠠᠷᠪᠢᠯᠠᠨ ᠬᠡᠷᠡᠭᠯᠡᠬᠦ |
ᠲᠦᠷᠢᠮ ᠤᠨ ᠰᠦᠯᠵᠢᠶᠡᠨ ᠤ ᠰᠡᠳᠦᠪ ᠬᠠᠷᠢᠭᠤᠯᠬᠤ ᠪᠠ ᠰᠦᠯᠵᠢᠶᠡᠨ ᠳᠡᠭᠡᠷ᠎ᠡ ᠸᠢᠳᠢᠤ᠋ ᠪᠠᠷ ᠲᠠᠶᠢᠯᠪᠤᠷᠢᠯᠠᠬᠤ |
ᠠᠵᠢᠯᠯᠠᠭ᠎ᠠ ᠶᠢ ᠦᠷᠨᠢᠭᠦᠯᠪᠡ ᠃ ︽ᠳᠡᠯᠡᠬᠡᠶ ᠶᠢᠨ ᠤᠰᠤᠨ ᠤ ᠡᠳᠦᠷ︾ ᠂ ︽ᠳᠤᠮᠳᠠᠳᠤ ᠤᠯᠤᠰ ᠤᠨ ᠤᠰᠤᠨ ᠤ |
ᠭᠠᠷᠠᠭ︾ ᠂ ᠤᠯᠤᠰ ᠤᠨ ᠦᠨᠳᠦᠰᠦᠨ ᠬᠠᠤᠯᠢ ᠶᠢᠨ ᠡᠳᠦᠷ ᠵᠢᠴᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ |
ᠭᠠᠷᠠᠭ ᠵᠡᠷᠭᠡ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠂ ᠥᠪᠥᠷ |
ᠮᠣᠩᠭᠤᠯ ᠤᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠦᠴᠤᠸᠠᠨ |
ᠰᠢᠶᠠᠨ ᠂ ᠲᠦᠮᠡᠳ ᠪᠠᠷᠠᠭᠤᠨ ᠬᠤᠰᠢᠭᠤ ᠂ ᠤᠯᠠᠭᠠᠨᠴᠠᠪ ᠬᠤᠲᠠ ᠶᠢᠨ ᠴᠠᠬᠠᠷ ᠳᠡᠭᠡᠳᠦ ᠰᠢᠨ᠎ᠡ ᠮᠡᠷᠭᠡᠵᠢᠯ ᠤᠨ |
ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠂ ᠤᠰᠤ ᠶᠢ |
ᠠᠷᠪᠢᠯᠠᠨ ᠬᠡᠷᠡᠭᠯᠡᠬᠦ ᠲᠦᠷᠢᠮ ᠵᠢᠴᠢ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ |
ᠪᠠ ᠬᠠᠮᠢᠶᠠᠷᠤᠯᠲᠠ ᠶᠢᠨ ᠲᠦᠷᠢᠮ ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ |
ᠲᠦᠷᠢᠮ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠪᠡ ᠃ ᠰᠣᠨᠢᠨ ᠮᠡᠳᠡᠭᠡᠨ ᠤ |
ᠵᠠᠭᠤᠴᠢᠯᠠᠭᠤᠷ ᠯᠤᠭ᠎ᠠ ᠭᠦᠨᠵᠡᠭᠡᠶ ᠬᠠᠮᠲᠤᠷᠠᠯᠴᠠᠵᠤ ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ |
ᠰᠣᠨᠢᠨ ᠮᠡᠳᠡᠭᠡᠨ ᠤ ᠨᠢᠭᠡᠴᠢ ᠪᠣᠯᠤᠨ ᠥᠪᠡᠷᠲᠡᠭᠡᠨ ᠵᠠᠰᠠᠬᠤ ᠣᠷᠣᠨ ᠤ ᠭᠤᠤᠯ ᠵᠠᠭᠤᠴᠢᠯᠠᠭᠤᠷ ᠯᠤᠭ᠎ᠠ |
ᠵᠣᠬᠢᠴᠠᠭᠤᠯᠤᠨ 90 ᠭᠠᠷᠤᠶ ᠤᠬᠠᠭᠤᠯᠭ᠎ᠠ ᠶᠢᠨ ᠡᠬᠡ ᠨᠣᠤᠷᠠᠭ ᠢ ᠨᠡᠪᠲᠡᠷᠡᠭᠦᠯᠵᠦ ᠂ ᠥᠪᠥᠷ ᠮᠣᠩᠭᠤᠯ ᠤᠨ |
ᠡᠳᠦᠷ ᠤᠨ ᠰᠣᠨᠢᠨ ᠳᠤ ︽ᠬᠠᠤᠯᠢ ᠪᠠᠷ ᠵᠠᠰᠠᠬᠤ ᠬᠤᠷᠴᠠ ᠰᠡᠯᠡᠮ᠎ᠡ ᠪᠠᠷ ᠡᠬᠡ ᠤᠯᠤᠰ ᠤᠨ ᠤᠮᠠᠷᠠᠲᠤ ᠶᠢᠨ |
ᠤᠰᠤᠨ ᠤ ᠠᠮᠤᠷ ᠲᠦᠪᠰᠢᠨ ᠢ ᠬᠠᠮᠠᠭᠠᠯᠠᠶ᠎ᠠ︾ ᠂ ︽ᠤᠰᠤᠨ ᠠᠰᠢᠭᠯᠠᠯᠲᠠ ᠶᠢᠨ ᠬᠤᠳᠠᠯᠳᠤᠭ᠎ᠠ ᠡᠷᠭᠢᠯᠡᠬᠦ ᠣᠷᠴᠢᠨ |
ᠨᠥᠬᠦᠴᠡᠯ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ ᠴᠢᠨᠠᠷ ᠰᠠᠶᠢᠲᠠᠶ ᠬᠥᠭᠵᠢᠯᠲᠡ ᠶᠢ |
ᠦᠷᠭᠦᠯᠵᠢᠯᠡᠨ ᠠᠬᠢᠭᠤᠯᠬᠤ︾ ᠵᠡᠷᠭᠡ ᠭᠤᠤᠯᠳᠠᠯᠭ᠎ᠠ ᠲᠠᠢ ᠤᠬᠠᠭᠤᠯᠭ᠎ᠠ ᠶᠢᠨ ᠵᠣᠬᠢᠶᠠᠯ ᠢ ᠨᠡᠶᠢᠲᠡᠯᠡᠪᠡ ᠃ ︽ᠤᠮᠠᠷᠠᠲᠤ |
ᠬᠢᠯᠢ ᠶᠢᠨ ᠤᠰᠤ · ᠬᠠᠤᠯᠢ︾ ᠶᠢᠨ ᠬᠠᠤᠯᠢ ᠲᠦᠭᠡᠮᠡᠯᠵᠢᠭᠦᠯᠬᠦ ᠸᠢᠴᠠᠲ ᠤᠨ ᠵᠢᠵᠢᠭ ᠫᠷᠤᠭ᠍ᠷᠠᠮ ᠢ ᠨᠡᠭᠡᠭᠡᠨ |
ᠬᠥᠭᠵᠢᠭᠦᠯᠵᠦ ᠠᠰᠢᠭᠯᠠᠯᠲᠠ ᠳᠤ ᠣᠷᠣᠭᠤᠯᠵᠤ ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠳᠥᠭᠦᠮ |
ᠳᠥᠲᠡ ᠥᠨᠳᠥᠷ ᠪᠦᠲᠦᠮᠵᠢᠲᠡᠶ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠣᠶ |
ᠪᠣᠯᠭᠠᠪᠠ ᠃ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠤᠨ ᠰᠢᠨ᠎ᠡ ᠶᠢ ᠡᠭᠦᠳᠬᠦ ᠶᠢ ᠲᠦᠯᠬᠢᠨ |
ᠠᠬᠢᠭᠤᠯᠵᠤ ᠂ ᠬᠠᠲᠤᠨ ᠭᠤᠤᠯ ᠤᠨ ᠳᠡᠭᠡᠳᠦ ᠳᠤᠮᠳᠠ ᠤᠷᠤᠰᠬᠠᠯ ᠤᠨ ᠵᠠᠭᠠᠭ ᠴᠡᠭ ᠲᠤ ᠥᠪᠥᠷ ᠮᠣᠩᠭᠤᠯ ᠤᠨ |
ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ |
ᠪᠠᠶᠢᠭᠤᠯᠤᠨ᠎ᠠ ᠃ ︽ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ ᠥᠪᠥᠷ ᠮᠣᠩᠭᠤᠯ ᠳᠤ ᠤᠷᠤᠬᠤ︾ ᠨᠢ |
ᠬᠤᠶᠠᠳᠤᠭᠠᠷ ᠬᠤᠭᠤᠴᠠᠭᠠᠨ ᠤ ︽ᠬᠥᠮᠦᠨ · ᠤᠰᠤ · ᠬᠠᠤᠯᠢ︾ ᠶᠢᠨ ᠤᠰᠤᠨ ᠠᠰᠢᠭᠯᠠᠯᠲᠠ ᠶᠢᠨ ᠬᠠᠤᠯᠢ ᠪᠠᠷ |
ᠵᠠᠰᠠᠬᠤ ᠣᠬᠤᠷ ᠸᠢᠳᠢᠣ᠋ ᠶᠢᠨ ᠪᠦᠲᠦᠭᠡᠯ ᠢ ᠴᠤᠭᠯᠠᠭᠤᠯᠬᠤ ᠠᠵᠢᠯᠯᠠᠭ᠎ᠠ ᠶᠢᠨ ᠪᠥᠬᠦ ᠤᠯᠤᠰ ᠤᠨ ᠳᠡᠯᠭᠡᠨ |
ᠦᠵᠡᠭᠦᠯᠭᠡ ᠶᠢᠨ ᠪᠦᠲᠦᠭᠡᠯ ᠳᠤ ᠰᠤᠩᠭᠤᠭᠳᠠᠪᠠ ᠃ ᠤᠰᠤᠨ ᠠᠰᠢᠭᠯᠠᠯᠲᠠ ᠶᠢᠨ ︽ᠨᠠᠢᠮᠠᠨ ᠰᠠᠷ᠎ᠠ ᠶᠢᠨ ᠲᠠᠪᠤᠨ︾ ᠤ |
ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠣᠬᠤᠷ ᠸᠢᠳᠢᠣ᠋ ᠨᠢ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ︽ |
ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠤᠨ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ |
ᠪᠣᠯᠪᠠᠰᠤᠷᠠᠯ ᠢ ᠳᠡᠭᠡᠭᠰᠢᠯᠡᠭᠦᠯᠬᠦ︾ ᠬᠠᠤᠯᠢ ᠪᠠᠷ ᠵᠠᠰᠠᠬᠤ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠡᠯᠰᠡᠨ |
ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡ ᠃ |
2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ |
ᠮᠥᠨ ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ ᠰᠠᠶᠢᠨ ᠰᠠᠭᠤᠷᠢ ᠶᠢ ᠲᠠᠯᠪᠢᠬᠤ |
ᠵᠠᠩᠭᠢᠯᠠᠭ᠎ᠠ ᠶᠢᠨ ᠵᠢᠯ ᠮᠥᠨ ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠨᠠᠮ ᠤᠨ |
ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ |
ᠪᠠᠶᠢᠭᠤᠯᠤᠯᠲᠠ ᠶᠢᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ |
ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ |
ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ |
ᠴᠣᠭᠴᠠᠯᠠᠬᠤ ᠠᠵᠢᠯ ᠤᠨ ᠭᠤᠤᠯ ᠰᠢᠵᠢᠮ ᠢ ᠪᠠᠷᠢᠮᠲᠠᠯᠠᠵᠤ ᠂ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠂ |
ᠤᠰᠤᠨ ᠰᠦᠯᠵᠢᠶᠡᠨ ᠤ ᠪᠥᠲᠥᠭᠡᠨ ᠪᠠᠶᠢᠭᠤᠯᠤᠯᠲᠠ ᠂ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠬᠠᠮᠢᠶᠠᠷᠬᠤ ᠂ |
ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ |
ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠂ ᠤᠰᠤ ᠬᠦᠷᠦᠰᠦ ᠶᠢ ᠬᠠᠮᠠᠭᠠᠯᠠᠬᠤ ᠵᠡᠷᠭᠡ ᠬᠠᠤᠯᠢ ᠪᠠᠷ |
ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠭᠡᠵᠦ ᠂ ᠬᠠᠤᠯᠢ ᠪᠠᠷ |
ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ ᠂ |
ᠬᠠᠤᠯᠢ ᠪᠠᠷ ᠵᠠᠰᠠᠬᠤ ᠵᠠᠮ ᠢᠶᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ |
ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠬᠠᠭᠤᠳᠠᠰᠤ ᠶᠢ |
ᠪᠢᠴᠢᠭᠯᠡᠬᠦ ᠳᠤ ᠤᠰᠤᠨ ᠤ ᠠᠮᠤᠷ ᠲᠦᠪᠰᠢᠨ ᠤ ᠬᠦᠴᠦᠳᠦ ᠪᠠᠲᠤᠯᠠᠭ᠎ᠠ ᠬᠠᠩᠭᠠᠨ᠎ᠠ ᠃ |
|
|
|