3 ᠳ᠋ᠤᠭᠠᠷ ᠰᠠᠷ᠎ᠠ ᠶᠢᠨ 10 ᠤ ᠡᠳᠦᠷ ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ |
ᠳᠤᠭᠤᠶᠢᠯᠠᠩ ᠤᠨ ᠱᠦᠵᠢ ᠂ ᠬᠡᠯᠲᠡᠰ ᠤᠨ ᠳᠠᠷᠤᠭ᠎ᠠ ᠯᠢ ᠭᠦᠸᠧ ᠶᠢᠩ ᠪᠠᠶᠢᠭ᠎ᠠ ᠠᠯᠪᠠᠨ ᠲᠢᠩᠬᠢᠮ ᠤᠨ ᠨᠠᠮ ᠤᠨ |
ᠡᠭᠦᠷ ᠤᠨ ᠳᠠᠷᠤᠭ᠎ᠠ ᠶᠢᠨ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠵᠣᠬᠢᠶᠠᠨ |
ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ ᠃ |
ᠬᠤᠷᠠᠯ ᠳᠡᠭᠡᠷ᠎ᠡ ᠂ ᠨᠠᠮ ᠤᠨ ᠳᠤᠭᠤᠶᠢᠯᠠᠩ ᠤᠨ ᠳᠠᠷᠤᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ |
ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ |
ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ |
ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ ᠂ ᠨᠠᠮ ᠤᠨ ᠳᠤᠭᠤᠶᠢᠯᠠᠩ ᠤᠨ ᠪᠥᠬᠦ ᠭᠡᠰᠢᠭᠦᠨ ᠨᠡᠷ |
ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ ᠂ |
ᠦᠵᠡᠯ ᠰᠠᠨᠠᠭ᠎ᠠ ᠂ ᠠᠵᠢᠯ ᠂ ᠰᠤᠷᠲᠠᠯ ᠤᠨ ᠪᠣᠳᠠᠲᠠᠶ ᠲᠠᠢ ᠤᠶᠠᠯᠳᠤᠭᠤᠯᠵᠤ ᠂ ᠰᠢᠭᠦᠮᠵᠢᠯᠡᠯ ᠪᠠ ᠥᠪᠡᠷ ᠤᠨ |
ᠰᠢᠭᠦᠮᠵᠢᠯᠡᠯ ᠢ ᠨᠢᠭᠡᠳ ᠨᠢᠭᠡ ᠪᠠᠷ ᠲᠥᠪ ᠴᠢᠩᠭ᠎ᠠ ᠥᠷᠨᠢᠭᠦᠯᠵᠦ ᠂ ᠠᠰᠠᠭᠤᠳᠠᠯ ᠤᠨ ᠵᠥᠷᠢᠶ᠎ᠡ ᠶᠢ ᠪᠠᠶᠢᠴᠠᠭᠠᠨ |
ᠦᠵᠡᠵᠦ ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ |
ᠯᠢ ᠭᠦᠸᠧ ᠶᠢᠩ ᠤᠯᠠᠨ ᠲᠠᠢ ᠬᠠᠮᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ |
ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ |
ᠪᠦᠬᠦᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂ ᠣᠯᠤᠯᠲᠠ ᠲᠦᠷᠦᠭᠳᠡᠯ ᠢᠶᠠᠨ |
ᠰᠣᠯᠢᠯᠴᠠᠵᠤ ᠂ ᠨᠠᠮᠴᠢ ᠴᠢᠨᠠᠷ ᠤᠨ ᠬᠥᠮᠦᠵᠢᠯ ᠢ ᠬᠠᠮᠲᠤᠪᠠᠷ ᠬᠦᠷᠲᠡᠵᠦ ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ |
ᠲᠣᠳᠣᠷᠬᠠᠶᠢᠯᠠᠪᠠ ᠃ ᠲᠡᠷᠡ ᠂ ᠨᠠᠮ ᠤᠨ ᠲᠦᠷᠢᠮ ᠵᠢᠴᠢ ᠨᠠᠮ ᠤᠨ ᠡᠭᠦᠷ ᠤᠨ ᠠᠵᠢᠯ ᠤᠨ ᠲᠦᠷᠢᠮ ᠨᠢ ᠵᠣᠬᠢᠶᠠᠨ |
ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠲᠣᠳᠣᠷᠬᠠᠶ ᠲᠣᠭᠲᠠᠭᠠᠯ ᠭᠠᠷᠭᠠᠵᠤ ᠂ ᠨᠠᠮ ᠤᠨ ᠡᠭᠦᠷ ᠨᠢᠭᠡᠪᠦᠷᠢ ᠂ |
ᠨᠠᠮ ᠤᠨ ᠭᠡᠰᠢᠭᠦᠨ ᠨᠢᠭᠡᠪᠦᠷᠢ ᠴᠥᠮ ᠡᠨᠡ ᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠵᠣᠬᠢᠶᠠᠨ |
ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠲᠥᠪ ᠴᠢᠩᠭ᠎ᠠ ᠨᠠᠷᠢᠨ ᠬᠢᠨᠠᠮᠠᠭᠠᠶ ᠰᠠᠶᠢᠲᠤᠷ ᠬᠤᠷᠠᠯᠳᠤᠭᠤᠯᠵᠤ ᠂ |
ᠠᠵᠠ ᠲᠣᠬᠢᠶᠠᠯ ᠢ ᠨᠠᠨᠳᠢᠩᠨᠠᠨ ᠦᠵᠡᠵᠦ ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠨᠢᠭᠡ ᠤᠳᠠᠭᠠᠨ ᠤ |
ᠦᠵᠡᠯ ᠰᠠᠨᠠᠭᠠᠨ ᠤ ᠳᠠᠪᠲᠠᠯᠲᠠ ᠪᠠ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ |
ᠡᠭᠦᠨ ᠢᠶᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ |
ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ |
ᠪᠠᠶᠢᠭᠤᠯᠤᠯᠲᠠ ᠶᠢᠨ ᠪᠦᠲᠦᠭᠡᠯᠴᠢ ᠬᠦᠴᠦᠨ ᠂ ᠨᠢᠭᠲᠠᠷᠠᠯ ᠤᠨ ᠬᠦᠴᠦᠨ ᠂ ᠳᠠᠶᠢᠴᠢᠨ ᠬᠦᠴᠦᠨ ᠢ ᠲᠠᠰᠤᠷᠠᠯᠲᠠ ᠥᠬᠡᠶ |
ᠳᠡᠭᠡᠭᠰᠢᠯᠡᠭᠦᠯᠵᠦ ᠂ ᠪᠥᠬᠦ ᠨᠠᠮ ᠤᠨ ᠭᠡᠰᠢᠭᠦᠨ ᠤ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ |
ᠳᠤᠮᠳᠠ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠤᠷᠢᠭᠵᠢᠭᠤᠯᠬᠤ ᠬᠡᠷᠡᠭᠲᠡᠶ ᠭᠡᠵᠦ ᠵᠢᠭᠠᠵᠦ ᠭᠠᠷᠭᠠᠪᠠ ᠃ |
ᠯᠢ ᠭᠦᠸᠧ ᠶᠢᠩ ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠰᠢ ᠶᠢᠨ ᠫᠢᠩ ᠤᠨ ᠰᠢᠨ᠎ᠡ |
ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ |
ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ |
ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ |
ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ |
ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ |
ᠲᠤᠭᠤᠰᠢᠯᠠᠭᠤᠯᠵᠤ ᠂ ᠨᠠᠷᠢᠨ ᠬᠢᠨᠠᠮᠠᠭᠠᠢ ᠪᠠᠷᠢᠮᠵᠢᠶᠠᠯᠠᠨ ᠬᠠᠷᠭᠤᠭᠤᠯᠵᠤ ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ |
ᠣᠶᠢᠯᠠᠭᠠᠵᠤ ᠪᠣᠳᠠᠲᠠᠶᠢᠵᠢᠭᠤᠯᠵᠤ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ |
ᠣᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ ᠂ ︽ |
ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ |
ᠤᠰᠤᠨ ᠠᠰᠢᠭᠯᠠᠯᠲᠠ ᠶᠢᠨ ᠠᠵᠢᠯ ᠤᠨ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ |
ᠤᠷᠤᠭᠰᠢᠯᠠᠬᠤ ᠶᠢ ᠪᠠᠲᠤᠯᠠᠬᠤ ᠬᠡᠷᠡᠭᠲᠡᠢ ᠃ ᠰᠡᠳᠬᠢᠬᠦᠢ ᠴᠢᠳᠠᠪᠤᠷᠢ ᠪᠠᠨ ᠳᠡᠭᠡᠭᠰᠢᠯᠡᠭᠦᠯᠵᠦ ᠂ ᠰᠢ ᠶᠢᠨ ᠫᠢᠩ ᠤᠨ |
ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ |
ᠠᠰᠠᠭᠤᠳᠠᠯ ᠢ ᠰᠤᠳᠤᠯᠬᠤ ᠂ ᠠᠰᠠᠭᠤᠳᠠᠯ ᠢ ᠰᠢᠢᠳᠪᠦᠷᠢᠯᠡᠬᠦ ︽ᠶᠡᠷᠦᠩᠬᠡᠢ ᠲᠦᠯᠬᠢᠭᠦᠷ︾ ᠪᠣᠯᠭᠠᠵᠤ ᠂ ᠰᠢ ᠶᠢᠨ |
ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ |
ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠪᠠᠲᠤ ᠡᠵᠡᠮᠳᠡᠵᠦ ᠂ ᠡᠭᠦᠨ ᠳᠤ |
ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ ᠂ ᠶᠡᠭᠡ |
ᠬᠠᠨᠳᠤᠰᠢ ᠶᠢ ᠠᠵᠢᠭᠯᠠᠬᠤ ᠂ ᠶᠡᠭᠡ ᠲᠠᠯ᠎ᠠ ᠶᠢ ᠲᠠᠨᠢᠬᠤ ᠂ ᠪᠣᠳᠠᠲᠤ ᠶᠠᠪᠤᠳᠠᠯ ᠬᠢᠬᠦ ᠤᠬᠠᠮᠰᠠᠷ ᠢᠶᠠᠨ ᠴᠢᠩᠭᠠᠳᠬᠠᠵᠤ ᠂ |
ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠂ ᠲᠡᠦᠬᠡ ᠶᠢᠨ ᠰᠡᠳᠬᠢᠬᠦᠢ ᠂ ᠬᠤᠪᠢᠰᠤᠩᠭᠤᠢ ᠰᠡᠳᠬᠢᠬᠦᠢ ᠂ ᠰᠢᠰᠲ᠋ᠧᠮᠲᠦ |
ᠰᠡᠳᠬᠢᠬᠦᠢ ᠂ ᠰᠢᠨ᠎ᠡ ᠶᠢ ᠡᠭᠦᠳᠬᠦ ᠰᠡᠳᠬᠢᠬᠦᠢ ᠂ ᠬᠠᠥᠯᠢ ᠪᠠᠷ ᠵᠠᠰᠠᠬᠤ ᠰᠡᠳᠬᠢᠬᠦᠢ ᠂ ᠬᠤᠷᠢᠭ᠎ᠠ ᠱᠤᠭᠤᠮ ᠤᠨ |
ᠰᠡᠳᠬᠢᠬᠦᠢ ᠶᠢ ᠴᠢᠩᠭᠠᠳᠬᠠᠵᠤ ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠂ ᠤᠷᠢᠳᠴᠢᠯᠠᠨ ᠮᠡᠳᠡᠬᠦ ᠴᠢᠨᠠᠷ ᠂ |
ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠴᠢᠩᠭᠠᠳᠬᠠᠬᠤ ᠬᠡᠷᠡᠭᠲᠡᠢ ᠃ ᠦᠢᠯᠡᠳᠦᠯᠭᠡ ᠶᠢᠨ ᠴᠢᠳᠠᠪᠤᠷᠢ ᠪᠠᠨ |
ᠳᠡᠭᠡᠭᠰᠢᠯᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ |
ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ |
ᠬᠡᠷᠡᠭᠵᠢᠭᠦᠯᠦᠭᠴᠢ ᠂ ᠠᠵᠢᠯᠯᠠᠭᠴᠢᠳ ᠂ ᠪᠣᠳᠠᠲᠠᠢ ᠠᠵᠢᠯᠯᠠᠭᠴᠢ ᠪᠣᠯᠵᠤ ᠂ ᠪᠠᠶᠢᠴᠠᠭᠠᠨ ᠰᠤᠳᠤᠯᠤᠯᠲᠠ ᠬᠢᠬᠦ ᠪᠠᠨ |
ᠴᠢᠩᠭᠠᠳᠬᠠᠵᠤ ᠂ ᠭᠦᠨᠵᠡᠭᠡᠢ ᠰᠡᠳᠬᠢᠵᠦ ᠂ ᠴᠢᠳᠠᠪᠤᠷᠢ ᠪᠠᠨ ᠳᠡᠭᠡᠭᠰᠢᠯᠡᠭᠦᠯᠵᠦ ᠂ ᠤᠰᠤᠨ ᠠᠰᠢᠭᠯᠠᠯᠲᠠ ᠶᠢᠨ |
ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢᠨ ᠪᠡᠷᠬᠡ |
ᠪᠣᠭᠤᠮᠲᠠ ᠶᠢ ᠰᠢᠪᠲᠤᠯᠬᠤ ᠳᠤᠮᠳᠠ ᠰᠢᠨ᠎ᠡ ᠵᠢᠳᠬᠦᠯ ᠭᠠᠷᠭᠠᠵᠤ ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ |
ᠬᠥᠭᠵᠢᠯᠲᠡ ᠶᠢ ᠠᠬᠢᠭᠤᠯᠬᠤ ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠳᠤ ᠰᠢᠨ᠎ᠡ ᠬᠤᠪᠢ |
ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ |
ᠵᠤᠬᠢᠶᠠᠭᠴᠢ᠄ ᠶᠤᠸᠠᠨ ᠺᠠᠢ ᠺᠠᠢ ᠬᠠᠷᠢᠭᠤᠴᠠᠭᠰᠠᠨ ᠨᠠᠶᠢᠷᠠᠭᠤᠯᠤᠭᠴᠢ᠄ ᠶᠣᠣ ᠸᠧᠢ |
|