︽ᠡᠷᠬᠡ ᠲᠡᠭᠰᠢ ᠂ ᠲᠥᠪ ᠭᠤᠣᠯᠴᠢ ᠂ ᠢᠯᠡ ᠨᠡᠶᠢᠲᠡᠯᠡᠬᠦ︾ ᠵᠠᠷᠴᠢᠮ ᠶᠣᠰᠣᠭᠠᠷ ᠂ ᠬᠥᠯᠥᠨ ᠪᠤᠶᠢᠷ ᠤᠨ |
ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠨᠢ ᠣᠲᠣ ᠢᠯᠡ ᠪᠠᠷ ᠠᠳᠠᠯᠢᠳᠬᠠᠨ |
ᠰᠣᠩᠭᠤᠬᠤ ᠂ ᠰᠢᠯᠢᠳᠡᠭ ᠢ ᠨᠢ ᠰᠣᠩᠭᠤᠵᠤ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠪᠠᠶᠢᠭᠤᠯᠤᠮᠵᠢ ᠶᠢ |
ᠰᠣᠩᠭᠤᠬᠤ ᠪᠠᠷ ᠳᠠᠮᠵᠢᠭᠤᠯᠤᠨ ︽ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ |
ᠬᠤᠪᠢᠶᠠᠷᠢ ᠲᠥᠪ ᠨᠢ 2025 ᠣᠨ ᠳᠤ ᠲᠤᠬᠠᠶᠢᠯᠠᠭᠰᠠᠨ ᠠᠵᠢᠯ ᠤᠨ ᠵᠠᠷᠤᠳᠠᠯ ︵ᠪᠣᠷᠣᠭᠠᠨ ᠤ ᠬᠡᠮᠵᠢᠶᠡᠨ ᠤ |
ᠥᠷᠲᠡᠭᠡ ᠂ ᠤᠰᠤᠨ ᠰᠢᠨᠵᠢᠯᠡᠭᠡᠨ ᠤ ᠥᠷᠲᠡᠭᠡ ᠪᠠ ᠴᠢᠭᠢᠭ ᠤᠨ ᠪᠠᠶᠢᠳᠠᠯ ᠤᠨ ᠥᠷᠲᠡᠭᠡ︶ ᠪᠠ ᠰᠡᠯᠪᠢᠨ ᠵᠠᠰᠠᠬᠤ ︵ |
ᠬᠠᠮᠠᠭᠠᠯᠠᠬᠤ︶ ᠵᠠᠷᠤᠳᠠᠯ ︵ᠬᠡᠰᠡᠭ ᠤᠰᠤᠨ ᠰᠢᠨᠵᠢᠯᠡᠭᠡᠨ ᠤ ᠥᠷᠲᠡᠭᠡ︶ ᠤᠨ ᠳᠠᠭᠠᠭᠠᠴᠢᠯᠠᠯᠲᠠ ᠵᠠᠷᠯᠠᠬᠤ ᠲᠥᠷᠥᠯ |
ᠵᠦᠢᠯ︾ ᠤᠨ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠵᠢᠯ ᠢ ᠥᠷᠨᠢᠭᠦᠯᠵᠦ ᠂ ᠡᠳᠦᠭᠡ ᠬᠤᠯᠪᠣᠭᠳᠠᠯ |
ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ |
ᠨᠢᠭᠡ ᠂ ᠲᠦᠷᠦᠯ ᠵᠦᠢᠯ ᠤᠨ ᠲᠦᠢᠮᠦ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ |
ᠰᠤᠷᠪᠤᠯᠵᠢ ᠶᠢᠨ ᠬᠤᠪᠢᠶᠠᠷᠢ ᠲᠥᠪ 2025 ᠣᠨ ᠳᠤ ᠲᠤᠬᠠᠶᠢᠯᠠᠭᠰᠠᠨ ᠠᠵᠢᠯ ᠤᠨ ᠵᠠᠷᠤᠳᠠᠯ ︵ᠪᠣᠷᠣᠭᠠᠨ ᠤ |
ᠬᠡᠮᠵᠢᠶᠡᠨ ᠤ ᠥᠷᠲᠡᠭᠡ ᠂ ᠤᠰᠤᠨ ᠰᠢᠨᠵᠢᠯᠡᠬᠡᠨ ᠤ ᠥᠷᠲᠡᠭᠡ ᠪᠠ ᠴᠢᠭᠢᠭ ᠤᠨ ᠪᠠᠶᠢᠳᠠᠯ ᠤᠨ ᠥᠷᠲᠡᠭᠡ︶ ᠪᠠ |
ᠰᠡᠯᠪᠢᠨ ᠵᠠᠰᠠᠬᠤ ᠵᠠᠷᠤᠳᠠᠯ ︵ᠬᠡᠰᠡᠭ ᠤᠰᠤᠨ ᠰᠢᠨᠵᠢᠯᠡᠬᠡᠨ ᠤ ᠥᠷᠲᠡᠭᠡ︶ ᠤᠨ ᠳᠠᠭᠠᠭᠠᠴᠢᠯᠠᠯᠲᠠ ᠵᠠᠷᠯᠠᠬᠤ ᠲᠥᠷᠥᠯ |
ᠵᠦᠢᠯ ᠃ |
2. ᠬᠡᠷᠡᠭᠵᠢᠭᠦᠯᠬᠦ ᠴᠠᠭ ᠪᠠ ᠭᠠᠵᠠᠷ᠄ 2025 ᠣᠨ ᠂ ᠬᠥᠯᠥᠨ ᠪᠤᠶᠢᠷ ᠬᠤᠲᠠ ᠃ |
3. ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ |
ᠤᠷᠤᠯᠠᠨ ᠭᠦᠢᠴᠡᠳᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ |
ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ |
ᠪᠠᠶᠢᠪᠠᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠶᠢ ᠵᠣᠬᠢᠶᠠᠨ ᠪᠠᠶᠢᠭᠤᠯᠬᠤ ᠂ ᠳᠠᠭᠠᠭᠠᠴᠢᠯᠠᠯᠲᠠ ᠣᠯᠬᠤ |
ᠮᠡᠳᠡᠭᠳᠡᠯ ᠤᠨ ᠪᠢᠴᠢᠭ ᠲᠠᠷᠬᠠᠭᠠᠬᠤ ᠂ ᠲᠥᠷᠥᠯ ᠵᠦᠢᠯ ᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠶᠢ |
ᠪᠠᠭᠲᠠᠭᠠᠭᠰᠠᠨ ᠪᠣᠯᠪᠠᠴᠤ ᠦᠯᠦ ᠬᠢᠵᠠᠭᠠᠷᠯᠠᠨ᠎ᠠ ᠃ |
ᠬᠤᠶᠠᠷ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1. ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ |
ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠤ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ |
ᠬᠥᠮᠥᠷᠭᠡ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ ᠃ |
2. ᠲᠤᠰᠠᠭᠠᠷ ᠲᠣᠭᠲᠠᠨᠢᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠨᠢ ᠡᠷᠬᠡᠪᠰᠢ |
ᠰᠠᠶᠢᠨ ᠰᠠᠶᠢᠬᠠᠨ ᠡᠳ᠋ ᠤᠨ ᠶᠠᠪᠤᠳᠠᠯ ᠤᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ |
ᠭᠦᠢᠴᠡᠳ ᠡᠳ᠋ ᠬᠥᠷᠥᠩᠭᠡ ᠪᠠ ᠴᠢᠳᠠᠪᠤᠷᠢ ᠲᠠᠢ ᠪᠠᠶᠢᠵᠤ ᠭᠡᠷ᠎ᠡ ᠶᠢ ᠭᠦᠢᠴᠡᠳᠬᠡᠬᠦ ᠬᠡᠷᠡᠭᠲᠡᠢ ᠃ |
ᠭᠤᠷᠪᠠ ᠂ ᠨᠡᠷ᠎ᠡ ᠮᠡᠳᠡᠭᠦᠯᠬᠦ ᠳᠤ ᠪᠠᠨ ᠬᠠᠩᠭᠠᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠠᠴᠠ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠶᠢᠨ ᠬᠠᠮᠲᠦ ᠤᠭ |
ᠮᠠᠲ᠋ᠧᠷᠢᠶᠠᠯ ᠤᠨ ᠪᠠᠭᠤᠯᠭᠠᠪᠤᠷᠢ ᠂ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠨ᠎ᠠ ᠃ |
2. ᠨᠡᠷ᠎ᠡ ᠮᠡᠳᠡᠭᠦᠯᠦᠭᠴᠢ ᠨᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠬᠤ ᠂ |
ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢᠶᠠᠨ ᠭᠠᠷᠭᠠᠵᠤ |
ᠥᠭᠭᠦᠨ᠎ᠡ ᠃ |
3. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃ |
4. ᠣᠶᠢᠷ᠎ᠠ ᠶᠢᠨ ᠬᠠᠭᠠᠰ ᠵᠢᠯ ᠳᠤ ᠭᠤᠷᠪᠠᠨ ᠰᠠᠷ᠎ᠠ ᠳᠠᠷᠠᠭᠠᠯᠠᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦ |
ᠲᠤᠰᠢᠶᠠᠭᠰᠠᠨ ᠭᠡᠷᠡᠴᠢ ᠮᠠᠲ᠋ᠧᠷᠢᠶᠠᠯ ᠂ ᠪᠠᠷᠤᠭ ᠬᠠᠭᠠᠰ ᠵᠢᠯ ᠳᠠᠷᠠᠭᠠᠯᠠᠨ ᠭᠤᠷᠪᠠᠨ ᠰᠠᠷ᠎ᠠ ᠭᠠᠶᠢᠯᠢ ᠲᠤᠰᠢᠶᠠᠭᠰᠠᠨ |
ᠭᠡᠷᠡᠴᠢ ᠮᠠᠲ᠋ᠧᠷᠢᠶᠠᠯ ᠢ ᠬᠠᠩᠭᠠᠨ᠎ᠠ ᠃ |
5. 2024 ᠪᠤᠶᠤ 2023 ᠣᠨ ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ |
ᠡᠷᠬᠢᠯᠡᠬᠦ ᠭᠠᠵᠠᠷ ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠶᠢᠨ ᠦᠨᠳᠦᠰᠦᠨ |
ᠲᠠᠩᠰᠠ ᠪᠠᠶᠢᠭᠤᠯᠤᠭᠰᠠᠨ ᠪᠠᠩᠬᠢ ᠶᠢᠨ ᠬᠢᠵᠦ ᠥᠭᠭᠦᠭᠰᠡᠨ ᠬᠢᠷᠢ ᠬᠡᠮ ᠤᠨ ᠢᠲᠡᠭᠡᠮᠵᠢ ᠶᠢᠨ ᠭᠡᠷᠡᠴᠢ ᠬᠠᠩᠭᠠᠨ᠎ᠠ ᠃ |
6. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠵᠢᠴᠢ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠬᠤ ᠵᠢᠷᠤᠭ ᠤᠨ ᠭᠡᠷᠡᠴᠢ ᠮᠠᠲ᠋ᠧᠷᠢᠶᠠᠯ ᠢ |
ᠬᠠᠩᠭᠠᠨ᠎ᠠ ᠃ |
7. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn ︶ |
ᠢᠲᠡᠭᠡᠮᠵᠢ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠢ ᠲᠠᠰᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ ᠰᠦᠯᠵᠢᠶ᠎ᠡ ︵www.ccgp. |
gov.cn ︶ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ |
ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠣᠭᠰᠠᠨ ᠵᠢᠷᠤᠭ ᠢ ᠬᠠᠩᠭᠠᠨ᠎ᠠ ᠃ |
8. ᠳᠤᠮᠳᠠᠳᠤ ᠤᠯᠤᠰ ᠤᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢᠨ ᠰᠦᠯᠵᠢᠶᠡᠨ ᠳᠤ ᠨᠡᠷ᠎ᠡ |
ᠮᠡᠳᠡᠭᠦᠯᠦᠭᠡᠳ ᠣᠶᠢᠷ᠎ᠠ ᠶᠢᠨ ᠭᠤᠷᠪᠠᠨ ᠵᠢᠯ ︵2022 ᠣᠨ ᠤ 1 ᠳ᠋ᠦ᠋ᠭᠡᠷ ᠰᠠᠷ᠎ᠠ ᠶᠢᠨ 1 ᠠᠴᠠ ᠤᠳᠤ ᠪᠣᠯᠲᠠᠯ᠎ᠠ︶ |
ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ ᠢ ᠪᠠᠶᠢᠴᠠᠭᠠᠨ ᠠᠰᠠᠭᠤᠭᠰᠠᠨ ᠲᠡᠮᠳᠡᠭᠯᠡᠯ ᠢ ᠣᠯᠤᠭᠰᠠᠨ ᠦᠭᠡᠢ ᠃ |
ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠳᠠᠭᠠᠭᠠᠴᠢᠯᠠᠯᠲᠠ ᠵᠠᠷᠯᠠᠬᠤ ᠶᠢ ᠤᠷᠤᠯᠠᠨ ᠭᠦᠢᠴᠡᠳᠭᠡᠬᠦ |
ᠪᠠᠶᠢᠭᠤᠯᠤᠮᠵᠢ ᠨᠢ 2025 ᠣᠨ ᠤ 3 ᠳ᠋ᠤᠭᠠᠷ ᠰᠠᠷ᠎ᠠ ᠶᠢᠨ 12 ᠤᠨ ᠡᠳᠦᠷ ᠠᠴᠠ 2025 ᠣᠨ ᠤ 3 ᠳ᠋ᠤᠭᠠᠷ |
ᠰᠠᠷ᠎ᠠ ᠶᠢᠨ 14 ᠤ ᠡᠳᠦᠷ ᠪᠣᠯᠲᠠᠯ᠎ᠠ ᠂ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ |
ᠦᠳᠡ ᠶᠢᠨ ᠬᠤᠶᠢᠨ᠎ᠠ 14᠄ 30 — 17᠄ 00 ᠴᠠᠭ ᠲᠤ ᠬᠥᠯᠥᠨ ᠪᠤᠶᠢᠷ ᠤᠨ ᠤᠰᠤᠨ ᠰᠢᠨᠵᠢᠯᠡᠭᠡᠨ |
ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ ᠲᠤ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ ᠃ |
ᠲᠠᠪᠤ ᠂ ᠬᠠᠷᠢᠯᠴᠠᠬᠤ ᠠᠷᠭ᠎ᠠ ᠮᠠᠶ᠋ᠢᠭ |
ᠨᠢᠭᠡᠴᠢ ᠶᠢᠨ ᠨᠡᠷᠡᠶᠢᠳᠦᠯ᠄ ᠬᠥᠯᠥᠨ ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ |
ᠬᠤᠪᠢᠶᠠᠷᠢ ᠲᠥᠪ |
ᠨᠡᠷ᠎ᠡ ᠮᠡᠳᠡᠭᠦᠯᠬᠦ ᠬᠠᠶ᠋ᠢᠭ᠄ ᠬᠥᠯᠥᠨ ᠪᠤᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ |
ᠬᠤᠰᠢᠭᠤᠨ ᠤ ᠰᠢᠨ᠎ᠡ ᠬᠤᠲᠠ ᠲᠣᠭᠤᠷᠢᠭ ᠤᠨ ᠲᠢᠶᠠᠨ ᠵᠢᠶᠤᠤ ᠶᠡᠭᠡ ᠵᠡᠭᠡᠯᠢ ᠶᠢᠨ 16 ᠳ᠋ᠤᠭᠠᠷ ᠨᠣᠮᠧᠷᠲᠤ ᠬᠥᠯᠥᠨ |
ᠪᠤᠶᠢᠷ ᠤᠨ ᠤᠰᠤᠨ ᠰᠢᠨᠵᠢᠯᠡᠭᠡᠨ ᠤᠰᠤᠨ ᠤ ᠡᠬᠢ ᠰᠤᠷᠪᠤᠯᠵᠢ ᠶᠢᠨ ᠬᠤᠪᠢᠶᠠᠷᠢ ᠲᠥᠪ |
ᠰᠢᠦᠳᠠᠨ ᠨᠣᠮᠧᠷ᠄ 021100 |
ᠬᠠᠷᠢᠯᠴᠠᠬᠤ ᠬᠥᠮᠦᠨ᠄ ᠸᠠᠩ ᠴᠧᠩ ᠺᠦᠨ |
ᠬᠠᠷᠢᠯᠴᠠᠬᠤ ᠤᠲᠠᠰᠤ᠄ 15774700560 |
|