ᠶᠡᠭᠡ ᠬᠤᠷᠠᠯ ᠤᠨ ᠲᠤᠬᠢᠷᠠᠭᠤᠯᠤᠯᠳᠠ ᠶᠣᠰᠣᠭᠠᠷ᠂ 3 ᠰᠠᠷ᠎ᠠ ᠶᠢᠨ 10 ᠤ ᠡᠳᠦᠷ᠂ ᠠᠷᠪᠠᠨ ᠳᠥᠷᠪᠡᠳᠦᠭᠡᠷ |
ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ |
ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ |
ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠶᠠᠪᠤᠭᠤᠯᠵᠤ᠂ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡᠨ ᠤ |
ᠥᠭᠦᠯᠡᠭᠴᠢ ᠬᠤᠤ ᠰᠦᠩ ᠱᠠᠨ ᠲᠥᠯᠥᠭᠡᠯᠡᠭᠴᠢᠳ ᠤᠨ ᠪᠦᠯᠬᠦᠮ ᠤᠨ ᠬᠤᠯᠪᠣᠭᠳᠠᠯ ᠪᠦᠬᠦᠢ ᠪᠠᠶᠢᠳᠠᠯ ᠢ |
ᠲᠠᠨᠢᠯᠴᠠᠭᠤᠯᠪᠠ᠃ |
ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠨᠠᠶᠢᠳᠠ 57 ᠪᠥᠬᠦ |
ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠣᠰ ᠤᠳᠠᠭ᠎ᠠ ᠶᠢᠨ ᠬᠤᠷᠠᠯ ᠳᠤ |
ᠣᠷᠣᠯᠴᠠᠪᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠪᠥᠬᠦᠳᠡ ᠬᠤᠷᠠᠯ ᠢ 4 |
ᠤᠳᠠᠭ᠎ᠠ᠂ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠬᠰᠡᠨ ᠬᠤᠷᠠᠯ ᠢ 8 ᠤᠳᠠᠭ᠎ᠠ ᠲᠣᠬᠢᠷᠠᠭᠤᠯᠵᠤ᠂ ᠡᠯ᠎ᠡ |
ᠵᠦᠢᠯ ᠤᠨ ᠮᠡᠳᠡᠭᠦᠯᠦᠯᠲᠡ ᠪᠠ ᠰᠠᠨᠠᠯ ᠵᠥᠪᠯᠡᠯᠭᠡ ᠶᠢ ᠬᠢᠨᠠᠨ ᠵᠦᠪᠯᠡᠪᠡ᠃ ᠪᠦᠬᠦ ᠲᠥᠯᠥᠭᠡᠯᠡᠭᠴᠢᠳ ᠶᠡᠷᠦᠩᠬᠡᠢ |
ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ |
ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ |
ᠲᠤᠰᠢᠶᠠᠯ ᠬᠠᠷᠢᠭᠤᠴᠠᠯᠭ᠎ᠠ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠭᠡᠨ᠂ ᠨᠠᠮ ᠪᠠ ᠤᠯᠤᠰ ᠤᠨ ᠭᠤᠣᠯ ᠶᠡᠭᠡ |
ᠲᠠᠯ᠎ᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠠᠷᠠᠳ ᠤᠯᠠᠨ ᠪᠠ ᠦᠨᠳᠦᠰᠦᠨ ᠱᠠᠲᠤᠨ ᠤ ᠨᠢᠭᠡᠳᠤᠭᠡᠷ |
ᠹᠷᠣᠨᠲ ᠤᠨ ᠬᠦᠰᠡᠯ ᠱᠠᠭᠠᠷᠳᠠᠯᠭ᠎ᠠ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠤᠳᠤᠵᠤ |
ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠦᠷᠦ ᠶᠢᠨ ᠪᠠᠶᠢᠭᠤᠯᠭ᠎ᠠ ᠶᠢᠨ ᠠᠵᠢᠯ ᠢ ᠦᠨᠡᠨ ᠢ ᠪᠠᠷᠢᠮᠲᠠᠯᠠᠨ |
ᠦᠨᠡᠯᠡᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠪᠣᠳᠠᠲᠠᠢ ᠠᠷᠭ᠎ᠠ |
ᠭᠠᠷᠭᠠᠵᠤ᠂ ᠰᠠᠶᠢᠨ ᠠᠷᠭ᠎ᠠ ᠪᠤᠳᠤᠯᠭ᠎ᠠ ᠳᠤᠷᠠᠳᠪᠠ᠃ |
3 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠥᠯᠥᠭᠡᠯᠡᠭᠴᠢᠳ ᠤᠨ ᠪᠦᠯᠬᠦᠮ ᠰᠠᠭᠤᠭ᠎ᠠ |
ᠭᠠᠵᠠᠷ ᠲᠠᠭᠠᠨ ᠪᠦᠯᠬᠦᠮ ᠳᠤᠭᠤᠶᠢᠯᠠᠩ ᠤᠨ ᠨᠡᠭᠡᠭᠡᠯᠲᠡ ᠬᠢᠬᠦ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠬᠤᠶᠠᠷ |
ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ 29 ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ 57 |
ᠰᠤᠷᠪᠤᠯᠵᠢᠯᠠᠭᠴᠢ ᠬᠤᠷᠠᠯ ᠳᠤ ᠢᠷᠡᠵᠦ ᠰᠤᠷᠪᠤᠯᠵᠢᠯᠠᠨ᠂ 8 ᠲᠥᠯᠥᠭᠡᠯᠡᠭᠴᠢ ᠵᠠᠭᠤᠴᠢᠯᠠᠭᠤᠷ ᠤᠨ ᠠᠩᠬᠠᠷᠤᠯ ᠤᠨ |
ᠲᠣᠭᠤᠷᠢᠨ ᠳᠤ ᠠᠰᠠᠭᠤᠯᠲᠠ ᠶᠢ ᠬᠠᠷᠢᠭᠤᠯᠵᠤ᠂ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ ᠶᠡᠷᠦᠩᠬᠡᠶ |
ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠴᠤᠴᠠᠯᠲᠠ ᠥᠬᠡᠶ ᠤᠷᠤᠭᠰᠢᠯᠠᠨ ᠰᠢᠨ᠎ᠡ ᠵᠠᠮ ᠨᠡᠭᠡᠭᠡᠵᠤ᠂ ᠳᠤᠮᠳᠠ ᠲᠦᠪᠰᠢᠨ ᠳᠤ ᠤᠷᠤᠬᠤ |
ᠰᠢᠨ᠎ᠡ ᠰᠣᠷᠭᠤᠭ ᠥᠯᠢᠭᠡᠷ ᠢ ᠶᠠᠷᠢᠵᠤ᠂ ᠥᠪᠥᠷ ᠮᠣᠩᠭᠤᠯ ᠤᠨ ᠬᠢᠯᠪᠠᠷ ᠪᠤᠰᠤ ᠪᠠᠷ ᠤᠯᠤᠬᠰᠡᠨ ᠬᠥᠭᠵᠢᠯᠲᠡ ᠶᠢᠨ |
ᠠᠮᠵᠢᠯᠲᠠ ᠪᠦᠲᠦᠮᠵᠢ ᠪᠣᠯᠤᠨ ᠥᠷᠨᠢᠨ ᠬᠥᠭᠵᠢᠵᠦ ᠪᠠᠶᠢᠭ᠎ᠠ ᠬᠥᠭᠵᠢᠯᠲᠡ ᠶᠢᠨ ᠬᠠᠨᠳᠤᠰᠢ ᠶᠢ ᠭᠦᠢᠴᠡᠳ |
ᠢᠯᠡᠷᠡᠭᠦᠯᠪᠡ᠃ |
ᠲᠥᠯᠥᠭᠡᠯᠡᠭᠴᠢᠳ ᠤᠨ ᠪᠦᠯᠬᠦᠮ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠶᠡᠭᠡ |
ᠬᠤᠷᠠᠯ ᠳᠤ ︽ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ |
ᠠᠬᠢᠭᠤᠯᠵᠤ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢᠨ ᠣᠷᠴᠢᠯ ᠠᠵᠤ ᠠᠬᠤᠶ ᠶᠢᠨ ᠠᠵᠤ |
ᠦᠢᠯᠡᠰ ᠢ ᠲᠦᠷᠭᠡᠨ ᠬᠥᠭᠵᠢᠭᠦᠯᠬᠦ ᠲᠤᠬᠠᠶ︾ ᠭᠡᠬᠦ ᠪᠦᠯᠬᠦᠮ ᠤᠨ ᠰᠠᠨᠠᠭᠤᠯᠭ᠎ᠠ ᠶᠢ 1 ᠬᠤᠪᠢ ᠳᠡᠪᠰᠢᠭᠦᠯᠵᠦ᠂ |
ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠥᠨᠳᠥᠷ ᠪᠦᠲᠦᠮᠵᠢᠲᠡᠶ ᠪᠠᠷ |
ᠠᠰᠢᠭᠯᠠᠬᠤ ᠶᠢ ᠠᠬᠢᠭᠤᠯᠵᠤ᠂ ᠤᠯᠤᠰ ᠤᠨ ᠬᠥᠩᠭᠡᠨᠴᠠᠭᠠᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠪᠠ᠃ |
ᠲᠥᠯᠥᠭᠡᠯᠡᠭᠴᠢᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠰᠢᠨ᠎ᠡ ᠶᠢ ᠡᠭᠦᠳᠬᠦ ᠪᠠᠷ |
ᠬᠥᠳᠡᠯᠭᠡᠭᠦᠷ ᠪᠣᠯᠭᠠᠬᠤ ᠬᠥᠭᠵᠢᠯᠲᠡ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠂ |
ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ |
ᠭᠦᠨᠵᠡᠭᠡᠶᠢᠷᠡᠭᠦᠯᠬᠦ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ |
ᠪᠠᠶᠢᠭᠤᠯᠤᠯᠲᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ |
ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠠᠭᠠᠷ ᠪᠤᠶᠤ ᠨᠡᠷ᠎ᠡ ᠬᠤᠯᠪᠣᠭᠠᠯᠠᠨ 110 ᠬᠤᠪᠢ |
ᠰᠠᠨᠠᠭᠤᠯᠭ᠎ᠠ ᠳᠤᠷᠠᠳᠪᠠ᠃ |
ᠲᠥᠯᠥᠭᠡᠯᠡᠭᠴᠢᠳ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ |
ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ |
ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ |
ᠲᠥᠯᠥᠭᠡᠯᠡᠭᠴᠢ ᠶᠢᠨ ᠬᠠᠤᠯᠢ︾ ᠶᠢᠨ ᠲᠣᠭᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ |
ᠵᠣᠭᠰᠣᠯᠲᠠ ᠪᠠᠨ ᠪᠠᠲᠤᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ |
ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ |
ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠪᠣᠯᠤᠨ ᠤᠯᠤᠰ ᠤᠨ ᠠᠷᠠᠳ ᠣᠯᠠᠨ ᠲᠠᠢ ᠬᠠᠷᠢᠯᠴᠠᠬᠤ ᠬᠥᠭᠦᠷᠭᠡ |
ᠪᠣᠯᠵᠣ᠂ ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠭᠢᠯᠭᠡ ᠪᠣᠯᠤᠨ ᠪᠠᠲᠤ ᠴᠢᠩᠭ᠎ᠠ ᠬᠠᠷᠢᠭᠤᠴᠠᠯᠭ᠎ᠠ |
ᠡᠭᠦᠷᠭᠡᠯᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ |
ᠬᠤᠪᠢ ᠨᠡᠮᠡᠷᠢ ᠦᠵᠡᠭᠦᠯᠦᠨ᠎ᠡ ᠭᠡᠵᠦ ᠰᠠᠨᠠᠯ ᠨᠢᠭᠡᠲᠡᠶ ᠢᠯᠡᠳᠭᠡᠵᠡᠭᠡᠪᠡ᠃ |
|
|