| 3 ᠳ᠋ᠤᠭᠠᠷ ᠰᠠᠷ᠎ᠠ ᠶᠢᠨ 11 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ ᠳᠠᠷᠤᠭ᠎ᠠ |
ᠱᠧᠩ ᠰᠢᠶᠣᠣ ᠶᠢᠥ ᠡᠩ ᠤᠨ ᠨᠠᠮ ᠤᠨ ᠭᠡᠰᠢᠭᠦᠨ ᠤ ᠬᠤᠪᠢ ᠪᠠᠷ ᠂ ᠪᠠᠶᠢᠭ᠎ᠠ ᠤᠰᠤᠨ ᠠᠰᠢᠭᠯᠠᠯᠲᠠ ᠶᠢᠨ |
ᠲᠢᠩᠬᠢᠮ ᠤᠨ ᠠᠯᠪᠠᠨ ᠭᠡᠷ ᠤᠨ ᠨᠠᠮ ᠤᠨ ᠡᠭᠦᠷ ᠲᠤ ᠬᠦᠷᠴᠦ ᠂ 2024 ᠣᠨ ᠤ ᠵᠣᠬᠢᠶᠠᠨ ᠪᠠᠶᠢᠭᠤᠯᠤᠯᠲᠠ ᠶᠢᠨ |
ᠠᠮᠢᠳᠤᠷᠠᠯ ᠤᠨ ᠬᠤᠷᠠᠯ ᠳᠤ ᠣᠷᠣᠯᠴᠠᠪᠠ ᠃ |
ᠬᠤᠷᠠᠯ ᠳᠡᠭᠡᠷ᠎ᠡ ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ |
ᠬᠤᠷᠠᠯ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ ᠃ ᠳᠠᠷᠠᠭ᠎ᠠ ᠨᠢ ᠂ ᠨᠠᠮ ᠤᠨ ᠡᠭᠦᠷ ᠤᠨ ᠨᠠᠮ ᠤᠨ ᠭᠡᠰᠢᠭᠦᠨ |
ᠦᠵᠡᠯ ᠰᠠᠨᠠᠭ᠎ᠠ ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠂ |
ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ ᠃ ᠣᠯᠠᠨ ᠢᠶᠠᠷ ᠢᠶᠠᠨ ︽ |
ᠳᠥᠷᠪᠡ ᠶᠢ ᠬᠠᠷᠭᠤᠭᠤᠯᠬᠤ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠂ ᠦᠨᠡᠨ ᠠᠴᠠ ᠵᠥᠪ ᠢ ᠡᠷᠢᠵᠦ |
ᠠᠰᠠᠭᠤᠳᠠᠯ ᠤᠨ ᠵᠥᠷᠢᠶ᠎ᠡ ᠪᠠᠨ ᠪᠠᠶᠢᠴᠠᠭᠠᠨ ᠳᠡᠯᠭᠡᠵᠦ ᠂ ᠨᠥᠬᠦᠳ ᠢᠶᠠᠨ ᠦᠨᠡᠨ ᠰᠡᠳᠬᠢᠯ ᠠᠴᠠ ᠪᠠᠨ ᠬᠠᠪᠰᠤᠷᠤᠨ |
ᠠᠰᠠᠭᠤᠳᠠᠯ ᠤᠨ ᠦᠨᠳᠦᠰᠦ ᠰᠤᠷᠪᠤᠯᠵᠢ ᠶᠢ ᠡᠷᠢᠵᠦ ᠂ ᠦᠨᠡᠨᠴᠢ ᠪᠠᠷ ᠬᠠᠨᠳᠤᠵᠤ ᠂ ᠦᠵᠡᠯ ᠰᠠᠨᠠᠭ᠎ᠠ ᠪᠠᠨ ᠨᠢᠭᠡᠳᠬᠡᠬᠦ ᠂ |
ᠴᠢᠭᠯᠡᠯ ᠢᠶᠠᠨ ᠲᠣᠳᠣᠷᠬᠠᠶᠢᠯᠠᠬᠤ ᠂ ᠪᠦᠯᠬᠦᠮᠳᠡᠯ ᠢᠶᠠᠨ ᠴᠢᠩᠭᠠᠳᠬᠠᠬᠤ ᠂ ᠠᠵᠢᠯ ᠢᠶᠠᠨ ᠰᠠᠶᠢᠵᠢᠷᠠᠭᠤᠯᠬᠤ |
ᠵᠣᠷᠢᠯᠭ᠎ᠠ ᠳᠤ ᠪᠠᠨ ᠬᠦᠷᠴᠡᠶ ᠃ |
ᠱᠧᠩ ᠰᠢᠶᠣᠣ ᠶᠢᠤ ᠬᠡᠯᠡᠬᠦ ᠳᠤ ᠪᠠᠨ ᠂ ᠨᠠᠮ ᠤᠨ ᠡᠭᠦᠷ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ |
ᠬᠤᠷᠠᠯ ᠢ ᠬᠤᠷᠠᠯᠳᠤᠭᠤᠯᠵᠤ ᠂ ᠬᠠᠮᠲᠤ ᠪᠠᠷ ᠨᠠᠮᠴᠢ ᠴᠢᠨᠠᠷ ᠤᠨ ᠬᠥᠮᠦᠵᠢᠯ ᠢ ᠡᠳ᠋ᠯᠡᠬᠦ ᠪᠣᠯ ᠨᠠᠮ ᠤᠨ ᠲᠦᠷᠢᠮ ᠪᠠ |
ᠨᠠᠮ ᠤᠨ ᠡᠭᠦᠷ ᠤᠨ ᠠᠵᠢᠯ ᠤᠨ ᠲᠦᠷᠢᠮ ᠤᠨ ᠲᠣᠳᠣᠷᠬᠠᠢ ᠲᠣᠭᠲᠠᠭᠠᠯ ᠮᠥᠨ ᠂ ᠪᠠᠰᠠ ᠴᠤ ᠨᠠᠮ ᠤᠨ ᠡᠭᠦᠷ |
ᠨᠢᠭᠡᠪᠦᠷᠢ ᠂ ᠨᠠᠮ ᠤᠨ ᠭᠡᠰᠢᠭᠦᠨ ᠨᠢᠭᠡᠪᠦᠷᠢ ᠴᠥᠮ ᠴᠢᠩᠭ᠎ᠠ ᠬᠡᠷᠡᠭᠵᠢᠭᠦᠯᠬᠦ ᠨᠢᠭᠡ ᠵᠦᠢᠯ ᠤᠨ ᠤᠯᠤᠰ ᠲᠦᠷᠦ ᠶᠢᠨ |
ᠱᠠᠭᠠᠷᠳᠠᠯᠭ᠎ᠠ ᠮᠥᠨ ᠃ ᠨᠠᠮ ᠤᠨ ᠭᠡᠰᠢᠭᠦᠨ ᠨᠢᠭᠡᠪᠦᠷᠢ ᠴᠥᠮ ᠡᠨᠡ ᠤᠳᠠᠭ᠎ᠠ ᠶᠢᠨ ᠠᠵᠠ ᠲᠣᠬᠢᠶᠠᠯ ᠢ ᠣᠨᠴᠠᠭᠠᠶᠢᠯᠠᠨ |
ᠨᠠᠨᠳᠢᠩᠨᠠᠵᠤ ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ |
ᠬᠤᠷᠠᠯᠳᠤᠭᠤᠯᠵᠤ ᠂ ᠤᠬᠠᠮᠰᠠᠷ ᠠᠴᠠ ᠪᠠᠨ ᠨᠢᠭᠡ ᠤᠳᠠᠭ᠎ᠠ ᠶᠢᠨ ᠦᠵᠡᠯ ᠰᠠᠨᠠᠭᠠᠨ ᠤ ᠠᠷᠢᠭᠤᠳᠬᠠᠯ ᠪᠠ ᠤᠯᠤᠰ |
ᠲᠦᠷᠦ ᠶᠢᠨ ᠪᠡᠶ᠎ᠡ ᠶᠢᠨ ᠪᠠᠶᠢᠴᠠᠭᠠᠯᠲᠠ ᠶᠢ ᠬᠦᠯᠢᠶᠡᠵᠦ ᠂ ᠡᠭᠦᠨ ᠢᠶᠠᠷ ᠨᠠᠮ ᠤᠨ ᠡᠭᠦᠷ ᠤᠨ ᠪᠦᠲᠦᠭᠡᠯᠴᠢ ᠬᠦᠴᠦᠨ ᠂ |
ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠴᠢᠩᠭᠠᠳᠬᠠᠵᠤ ᠂ ᠤᠯᠤᠰ ᠲᠦᠷᠦ ᠶᠢᠨ ᠴᠢᠳᠠᠮᠵᠢ ᠶᠢ |
ᠴᠢᠨᠠᠭᠰᠢᠳᠠ ᠴᠢᠩᠭᠠᠳᠬᠠᠵᠤ ᠂ ᠪᠦᠬᠦ ᠨᠠᠮ ᠤᠨ ᠭᠡᠰᠢᠭᠦᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠂ ᠤᠰᠤᠨ |
ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ |
ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠪᠡ ᠃ |
|
ᠱᠧᠩ ᠰᠢᠶᠣᠣ ᠶᠢᠦ ᠠᠴᠠ ᠂ ᠠᠯᠪᠠᠨ ᠭᠡᠷ ᠤᠨ ᠠᠵᠢᠯ ᠶᠠᠷᠰᠢᠭ ᠲᠦᠪᠡᠭᠲᠡᠢ ᠂ ᠬᠡᠷᠡᠭ ᠶᠠᠪᠤᠳᠠᠯ ᠢ ᠶᠡᠭᠡ ᠪᠠᠭ᠎ᠠ |
ᠭᠡᠵᠦ ᠢᠯᠭᠠᠬᠤ ᠦᠭᠡᠢ ᠂ ᠭᠡᠪᠡᠴᠦ ᠪᠠᠰᠠ ᠲᠦᠢᠯ ᠤᠨ ᠴᠢᠬᠤᠯᠠ ᠪᠠᠶᠢᠳᠠᠭ ᠂ ᠠᠵᠢᠯ ᠤᠨ ᠠᠷᠭ᠎ᠠ ᠶᠢ ᠨᠡᠩ |
ᠴᠢᠬᠤᠯᠠᠴᠢᠯᠠᠬᠤ ᠬᠡᠷᠡᠭᠲᠡᠢ ᠃ ᠡᠨᠡ ᠬᠦ ᠠᠷᠭ᠎ᠠ ᠶᠢᠨ ᠤᠨᠤᠯ ᠢ ᠨᠢᠭᠡᠳᠦᠯᠲᠡᠶ ᠲᠦᠯᠦᠪᠯᠡᠵᠦ ᠨᠡᠶᠢᠲᠡ ᠳᠤ ᠨᠢ |
ᠬᠠᠷᠠᠭᠠᠯᠵᠠᠬᠤ ᠶᠢ ᠪᠠᠷᠢᠮᠲᠠᠯᠠᠵᠤ ᠂ ᠠᠯᠪᠠᠨ ᠬᠡᠷ ᠤᠨ ᠨᠢᠭᠡᠳᠦᠯᠲᠡᠶ ᠲᠦᠯᠦᠪᠯᠡᠨ ᠵᠣᠬᠢᠴᠠᠭᠤᠯᠬᠤ ᠂ ᠵᠥᠪᠯᠡᠭᠴᠢ |
ᠲᠣᠰᠠᠯᠠᠭᠴᠢ ᠂ ᠰᠢᠪᠠᠳᠠᠨ ᠪᠠᠶᠢᠴᠠᠭᠠᠬᠤ ᠂ ᠦᠢᠯᠡᠴᠢᠯᠡᠵᠦ ᠪᠠᠲᠤᠯᠠᠬᠤ ᠵᠡᠷᠭᠡ ᠦᠢᠯᠡᠳᠦᠯ ᠢ ᠰᠠᠶᠢᠲᠤᠷ ᠪᠠᠳᠠᠷᠠᠭᠤᠯᠬᠤ |
ᠬᠡᠷᠡᠭᠲᠡᠶ ᠃ ᠡᠭᠦᠷᠭᠡ ᠪᠠᠨ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠰᠢᠰᠲ᠋ᠧᠮᠲᠦ ᠰᠡᠳᠬᠢᠬᠦᠢ ᠶᠢᠨ ᠶᠣᠰᠣᠭᠠᠷ |
ᠪᠦᠬᠦ ᠶᠠᠪᠤᠴᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠦ ᠂ ᠵᠡᠷᠭᠡᠴᠡᠭᠡ ᠬᠤᠯᠪᠤᠯᠲᠠ ᠪᠠᠷ ᠠᠬᠢᠭᠤᠯᠵᠤ ᠂ ᠮᠤᠷᠤᠶ |
ᠵᠠᠮ ᠢᠶᠠᠷ ᠵᠠᠮᠨᠠᠬᠤ ᠠᠴᠠ ᠵᠠᠶᠢᠯᠠᠰᠬᠢᠵᠦ ᠂ ᠬᠠᠭᠤᠴᠢᠨ ᠵᠠᠮ ᠢᠶᠠᠷ ᠢᠶᠠᠨ ᠶᠠᠪᠤᠬᠤ ᠦᠭᠡᠢ︔ ᠬᠦᠴᠦᠨ ᠢᠶᠠᠨ ᠰᠠᠶᠢᠲᠤᠷ |
ᠨᠢᠭᠡᠳᠦᠯᠲᠡᠢ ᠲᠥᠯᠥᠪᠵᠢᠭᠦᠯᠵᠦ ᠂ ᠬᠤᠷᠤᠭᠤ ᠪᠠᠨ ᠨᠢᠳᠤᠷᠭ᠎ᠠ ᠪᠣᠯᠭᠠᠵᠤ ᠂ ᠲᠤᠰ ᠲᠤᠰ ᠤᠨ ᠬᠠᠷᠢᠭᠤᠴᠠᠯᠭ᠎ᠠ ᠪᠠᠨ |
ᠭᠦᠢᠴᠡᠳᠬᠡᠵᠦ ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠬᠡᠷᠡᠭᠲᠡᠢ︔ ᠴᠠᠭ ᠤᠨ ᠳᠠᠷᠠᠭᠠᠯᠠᠯ ᠢ ᠰᠠᠶᠢᠲᠤᠷ |
ᠨᠢᠭᠡᠳᠦᠯᠲᠡᠢ ᠲᠥᠯᠥᠪᠵᠢᠭᠦᠯᠵᠦ ᠂ ᠬᠦᠨᠳᠦ ᠬᠦᠩᠭᠡᠨ ᠠᠯᠭᠤᠷ ᠪᠠᠴᠢᠮ ᠢ ᠲᠣᠳᠣᠷᠬᠠᠢ ᠢᠯᠭᠠᠵᠤ ᠂ ᠬᠦᠮᠦᠰᠭᠡ |
ᠰᠠᠬᠠᠯ ᠢ ᠵᠡᠷᠭᠡ ᠪᠠᠷ ᠠᠳᠬᠤᠵᠤ ᠪᠣᠯᠬᠤ ᠦᠭᠡᠢ ᠂ ᠣᠨᠣᠪᠴᠢᠲᠠᠢ ᠣᠯᠵᠤ ᠱᠠᠯᠠᠪᠳᠠᠨ ᠲᠦᠷᠭᠡᠨ ᠠᠵᠢᠯᠯᠠᠬᠤ |
ᠬᠡᠷᠡᠭᠲᠡᠢ ᠃ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠵᠤ ᠂ ᠰᠡᠳᠬᠢᠬᠦᠢ ᠶᠢᠨ ᠲᠡᠰ ᠳᠠᠪᠬᠤᠷᠭ᠎ᠠ |
ᠪᠣᠯᠤᠨ ᠲᠠᠨᠢᠨ ᠮᠡᠳᠡᠬᠦᠢ ᠶᠢᠨ ᠲᠦᠪᠰᠢᠨ ᠢᠶᠠᠨ ᠳᠡᠭᠡᠭᠰᠢᠯᠡᠭᠦᠯᠵᠦ ᠂ ᠰᠤᠷᠤᠯᠴᠠᠬᠤ ᠴᠢᠳᠠᠪᠤᠷᠢ ᠪᠣᠯᠤᠨ ᠲᠥᠰᠦᠪᠯᠡᠬᠦ |
ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ᠪᠣᠷᠣ ᠮᠠᠲ᠋ᠧᠷᠢᠶᠠᠯ ᠤᠨ ᠳᠤᠷᠠᠰᠤᠮᠵᠢ ᠂ ᠢᠯᠭᠠᠨ ᠲᠠᠨᠢᠬᠤ ᠂ |
ᠣᠶᠢᠯᠠᠭᠠᠬᠤ ᠪᠠ ᠬᠡᠷᠡᠭᠯᠡᠬᠦ ᠶᠢ ᠰᠠᠶᠢᠲᠤᠷ ᠬᠢᠵᠦ ᠂ ᠡᠬᠡ ᠪᠢᠴᠢᠭ ᠤᠨ ᠵᠣᠬᠢᠶᠠᠨ ᠪᠢᠴᠢᠬᠦ ᠰᠡᠳᠬᠢᠴᠡ ᠂ ᠯᠣᠭᠢᠭ ᠤᠨ |
ᠪᠦᠲᠦᠴᠡ ᠪᠣᠯᠤᠨ ᠰᠢᠯᠲᠠᠭᠠᠨ ᠦᠷ᠎ᠡ ᠶᠢᠨ ᠬᠠᠷᠢᠴᠠᠭ᠎ᠠ ᠶᠢ ᠴᠢᠬᠤᠯᠠᠴᠢᠯᠠᠵᠤ ᠂ ᠬᠥᠮᠥᠨ ᠢ ᠪᠢᠰᠢᠷᠡᠭᠦᠯᠦᠮ᠎ᠡ ᠂ |
ᠪᠣᠳᠠᠲᠠᠢ ᠶᠠᠭᠤᠮ᠎ᠠ ᠲᠠᠢ ᠂ ᠰᠦᠭ ᠰᠦᠨᠡᠰᠦ ᠲᠠᠢ ᠡᠬᠡ ᠪᠢᠴᠢᠭ ᠢ ᠪᠢᠴᠢᠵᠦ ᠭᠠᠷᠭᠠᠬᠤ ᠬᠡᠷᠡᠭᠲᠡᠢ ᠃ ᠳᠡᠭᠡᠷ᠎ᠡ |
ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ |
ᠣᠨᠣᠪᠴᠢᠲᠠᠢ ᠡᠵᠡᠮᠳᠡᠵᠦ ᠂ ᠤᠯᠠᠨ ᠲᠦᠮᠡᠨ ᠤ ᠶᠠᠪᠤᠳᠠᠯ ᠢ ᠰᠠᠶᠢᠲᠤᠷ ᠬᠢᠵᠦ ᠂ ᠠᠵᠢᠯ ᠢᠶᠠᠨ ᠠᠷᠭ᠎ᠠ ᠪᠦᠬᠦᠨ ᠢ |
ᠰᠦᠪᠡᠭᠴᠢᠯᠡᠨ ᠬᠢᠵᠦ ᠂ ᠠᠮᠠᠯᠠᠯᠲᠠ ᠪᠠᠨ ᠪᠠᠲᠤ ᠰᠠᠬᠢᠵᠤ ᠂ ᠤᠯᠠᠨ ᠲᠦᠮᠡᠨ ᠤ ᠶᠠᠪᠤᠳᠠᠯ ᠢ ᠵᠠᠪᠠᠯ ᠬᠢᠬᠦ ᠬᠡᠷᠡᠭᠲᠡᠢ ᠃ |
ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠨᠢᠭᠡᠳᠦᠯᠲᠡᠢ ᠪᠠᠶᠢᠯᠭᠠᠬᠤ ᠶᠢ |
ᠪᠠᠷᠢᠮᠲᠠᠯᠠᠵᠤ ᠂ ᠤᠯᠤᠰ ᠲᠦᠷᠦ ᠶᠢᠨ ᠪᠣᠭᠤᠮᠲᠠ ᠶᠢ ᠴᠢᠩᠭ᠎ᠠ ᠰᠠᠬᠢᠵᠤ ᠂ ᠬᠡᠬᠦᠳᠡᠭ ᠴᠡᠭᠡᠵᠢᠨ ᠳᠤ ᠪᠠᠨ ︽ᠤᠯᠤᠰ ᠤᠨ |
ᠶᠡᠭᠡ ᠶᠠᠪᠤᠳᠠᠯ︾ ᠢ ᠪᠠᠭᠲᠠᠭᠠᠵᠤ ᠂ ᠲᠠᠪᠤᠨ ᠶᠡᠭᠡ ᠡᠭᠦᠷᠭᠡ ᠶᠢᠨ ᠠᠮᠵᠢᠯᠲᠠ ᠪᠦᠲᠦᠮᠵᠢ ᠭᠠᠷᠭᠠᠬᠤ ᠶᠢ ᠪᠦᠬᠦ |
ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠲᠦᠷᠦ ᠶᠢᠨ ᠪᠤᠳᠤᠯᠭ᠎ᠠ ᠶᠢᠨ ᠪᠣᠭᠤᠮᠲᠠ ᠶᠢ ᠰᠠᠶᠢᠲᠤᠷ ᠡᠵᠡᠮᠳᠡᠵᠦ ᠂ |
ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠶᠢ ᠰᠠᠶᠢᠲᠤᠷ ᠡᠵᠡᠮᠳᠡᠵᠦ ᠂ ᠰᠢᠢᠳᠪᠦᠷᠢᠲᠦ ᠪᠤᠳᠤᠯᠭ᠎ᠠ ᠶᠢᠨ |
ᠪᠠᠶᠢᠷᠢᠯᠠᠭᠤᠯᠤᠯᠲᠠ ᠶᠢ ᠣᠨᠣᠪᠴᠢᠲᠠᠢ ᠣᠶᠢᠯᠠᠭᠠᠵᠤ ᠂ ᠰᠠᠶᠢᠨ ᠰᠠᠶᠢᠬᠠᠨ ᠵᠢᠱᠢᠯᠲᠡ ᠶᠢ ᠪᠠᠶᠢᠭᠤᠯᠵᠤ ᠂ ᠰᠡᠳᠬᠢᠯ |
ᠵᠢᠷᠦᠬᠡ ᠪᠠᠨ ᠬᠤᠯᠪᠣᠵᠤ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ︔ ᠶᠣᠰᠣ ᠲᠦᠷᠢᠮ ᠤᠨ ᠪᠣᠭᠤᠮᠲᠠ ᠶᠢ |
ᠴᠢᠩᠭ᠎ᠠ ᠰᠠᠬᠢᠵᠤ ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ |
ᠬᠢᠨᠠᠮᠠᠭᠠᠢ ᠨᠠᠶᠢᠳᠠᠪᠤᠷᠢᠵᠢᠭᠤᠯᠵᠤ ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ |
ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠰᠠᠬᠢᠵᠤ ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ |
ᠪᠠᠶᠢᠯᠭᠠᠵᠤ ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ ᠂ ᠲᠦᠷᠢᠮ ᠲᠣᠭᠲᠠᠭᠠᠯ ᠢ ᠵᠢᠷᠤᠮᠯᠠᠨ |
ᠰᠠᠬᠢᠯᠭ᠎ᠠ ᠪᠠᠲᠤ ᠶᠢ ᠰᠠᠬᠢᠵᠤ ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠪᠡᠶᠡᠯᠡᠭᠦᠯᠬᠦ ᠬᠡᠷᠡᠭᠲᠡᠢ ᠭᠡᠵᠦ |
ᠴᠢᠬᠤᠯᠠᠴᠢᠯᠠᠪᠠ ᠃ |
|