3 ᠰᠠᠷ᠎ᠠ ᠶᠢᠨ 10 ᠤ ᠦᠳᠡ ᠶᠢᠨ ᠬᠤᠶᠢᠨ᠎ᠠ ᠪᠠ 11 ᠤ ᠦᠳᠡ ᠶᠢᠨ ᠡᠮᠦᠨ᠎ᠡ ᠂ ᠠᠷᠪᠠᠨ ᠳᠥᠷᠪᠡᠳᠦᠭᠡᠷ |
ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ |
ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ |
ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ ᠂ ᠶᠡᠭᠡ ᠬᠤᠷᠠᠯ ᠤᠨ ᠡᠯ᠎ᠡ ᠵᠦᠢᠯ ᠤᠨ |
ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ ᠃ |
ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠂ ᠪᠦᠯᠬᠦᠮ ᠤᠨ ᠳᠡᠳ᠋ ᠳᠠᠷᠤᠭ᠎ᠠ ᠸᠠᠩ |
ᠯᠢ ᠰᠢᠶᠠ ᠬᠢᠨᠠᠨ ᠵᠥᠪᠯᠡᠬᠦ ᠳᠤ ᠣᠷᠣᠯᠴᠠᠵᠤ ᠂ ᠯᠢᠦ ᠱᠤᠸᠠᠩ ᠂ ᠢᠦᠢ ᠯᠢ ᠰᠢᠨ ᠂ ᠵᠠᠩ ᠱᠤᠤ ᠴᠦᠨ ᠂ ᠵᠧᠩ ᠬᠤᠩ |
ᠹᠠᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ ᠃ ᠶᠡᠭᠡ ᠬᠤᠷᠠᠯ ᠤᠨ |
ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ |
ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ ᠃ |
ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠰᠢᠢᠳᠪᠦᠷᠢ ᠶᠢᠨ ᠲᠥᠰᠦᠯ ᠂ |
2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ |
ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ |
ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ ᠶᠢᠨ ᠲᠥᠰᠦᠯ ᠂ 2024 ᠣᠨ ᠤ ᠲᠥᠪ ᠤᠨ ᠪᠠ ᠣᠷᠣᠨ |
ᠨᠤᠲᠤᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ |
ᠨᠤᠲᠤᠭ ᠤᠨ ᠲᠥᠰᠦᠪ ᠤᠨ ᠲᠤᠬᠠᠶ ᠰᠢᠢᠳᠪᠦᠷᠢ ᠶᠢᠨ ᠲᠥᠰᠦᠯ ᠂ ᠪᠥᠬᠦ ᠤᠯᠤᠰ ᠤᠨ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ |
ᠰᠢᠢᠳᠪᠦᠷᠢ ᠶᠢᠨ ᠲᠥᠰᠦᠯ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ |
ᠰᠢᠢᠳᠪᠦᠷᠢ ᠶᠢᠨ ᠲᠥᠰᠦᠯ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ |
ᠲᠤᠬᠠᠶ ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ ᠃ |
ᠬᠤᠷᠠᠯ ᠠᠴᠠ ᠶᠡᠭᠡ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ |
ᠪᠦᠯᠬᠦᠮ ᠤᠨ ᠲᠥᠯᠥᠭᠡᠯᠡᠭᠴᠢᠳ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ ᠢᠶᠠᠷ ᠡᠯ᠎ᠡ |
ᠵᠦᠢᠯ ᠤᠨ ᠠᠵᠢᠯ ᠤᠨ ᠮᠡᠳᠡᠭᠦᠯᠦᠯᠲᠡ ᠪᠣᠯᠤᠨ ᠲᠥᠯᠥᠭᠡᠯᠡᠭᠴᠢ ᠶᠢᠨ ᠬᠠᠤᠯᠢ ᠶᠢᠨ ᠲᠥᠰᠦᠯ ᠢ ᠨᠠᠷᠢᠨ ᠬᠢᠨᠠᠮᠠᠭᠠᠢ |
ᠬᠢᠨᠠᠨ ᠵᠥᠪᠯᠡᠵᠦ ᠂ ᠠᠷᠠᠳ ᠤᠯᠠᠨ ᠪᠣᠯᠤᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠰᠡᠳᠭᠢᠯ ᠤᠨ ᠲᠠᠭᠤᠨ |
ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ |
ᠰᠠᠨᠠᠯ ᠢᠶᠠᠨ ᠢᠯᠡᠳᠭᠡᠨ ᠂ ᠲᠦᠷᠦ ᠶᠢᠨ ᠪᠠᠶᠢᠭᠤᠯᠭ᠎ᠠ ᠶᠢᠨ ᠠᠵᠢᠯ ᠢ ᠦᠨᠡᠨ ᠪᠣᠳᠠᠲᠠᠢ ᠦᠨᠡᠯᠡᠵᠦ ᠂ ᠨᠠᠮ ᠪᠣᠯᠤᠨ |
ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠪᠣᠳᠠᠲᠠᠢ ᠠᠷᠭ᠎ᠠ ᠭᠠᠷᠭᠠᠵᠤ ᠂ ᠰᠠᠶᠢᠨ ᠠᠷᠭ᠎ᠠ |
ᠪᠤᠳᠤᠯᠭ᠎ᠠ ᠳᠤᠷᠠᠳᠪᠠ ᠃ ᠲᠥᠯᠥᠭᠡᠯᠡᠭᠴᠢᠳ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠰᠡᠳᠭᠢᠯ |
ᠰᠠᠨᠠᠭ᠎ᠠ ᠪᠠᠨ ᠲᠥᠪᠯᠡᠷᠡᠭᠦᠯᠦᠨ ᠨᠢᠭᠡ ᠰᠡᠳᠭᠢᠯ ᠨᠢᠭᠡ ᠵᠤᠷᠢᠭ ᠢᠶᠠᠷ ᠬᠤᠷᠠᠯ ᠳᠤ ᠣᠷᠣᠯᠴᠠᠵᠤ ᠂ ᠥᠪᠥᠷ ᠮᠣᠩᠭᠤᠯ ᠤᠨ |
ᠲᠥᠯᠥᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ ᠃ ᠶᠡᠭᠡ ᠬᠤᠷᠠᠯ ᠤᠨ |
ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ |
ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ ᠃ ᠲᠥᠯᠥᠭᠡᠯᠡᠭᠴᠢᠳ ᠨᠠᠮ ᠪᠠ |
ᠤᠯᠤᠰ ᠤᠨ ᠠᠷᠠᠳ ᠣᠯᠠᠨ ᠲᠠᠢ ᠬᠠᠷᠢᠯᠴᠠᠬᠤ ᠬᠥᠭᠦᠷᠭᠡ ᠪᠣᠯᠵᠣ ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ |
ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ ᠂ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ ᠂ ᠬᠡᠬᠦᠳᠡᠭ |
ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠭᠢᠯᠭᠡ ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠳᠤᠮᠳᠠᠳᠤ |
ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ |
ᠬᠡᠷᠡᠭᠲᠡᠶ ᠭᠡᠵᠦ ᠵᠢᠭᠠᠵᠤ ᠭᠠᠷᠭᠠᠪᠠ ᠃ |
|