ᠬᠡᠯᠬᠢᠶᠡᠰᠦᠨ ᠨᠣᠮᠧᠷ᠄ 000014348/2025 — 01102 |
ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ |
ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ |
ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2025﹈ 16 ᠳ᠋ᠤᠭᠠᠷ |
ᠲᠣᠭᠠᠲᠤ |
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ ᠤ 3 ᠳ᠋ᠤᠭᠠᠷ ᠰᠠᠷ᠎ᠠ ᠶᠢᠨ 6 ᠤ ᠡᠳᠦᠷ |
ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ |
|
ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ |
ᠬᠢᠵᠠᠭᠠᠷᠲᠤ ᠺᠣᠮᠫᠠᠨᠢ ᠶᠢᠨ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ ᠺᠣᠮᠫᠠᠨᠢ ᠶᠢᠨ |
ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ᠄ |
ᠮᠠᠨ ᠤ ᠲᠢᠩᠬᠢᠮ 2025 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ ᠲᠠᠨ ᠤ ᠨᠢᠭᠡᠴᠢ ᠶᠢᠨ |
ᠳᠤᠷᠠᠳᠤᠭᠰᠠᠨ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ |
ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ |
ᠺᠣᠮᠫᠠᠨᠢ ᠶᠢᠨ ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠰᠤᠪᠤᠷᠭ᠎ᠠ 19 ᠠᠶᠤᠯ |
ᠲᠦᠭᠰᠢᠭᠦᠷᠢ ᠶᠢᠨ ᠠᠵᠢᠯᠯᠠᠬᠤ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ |
ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ︵ᠳᠤᠮᠳᠠᠳᠤ ᠤᠯᠤᠰ ᠤᠨ ᠴᠢᠯᠠᠭᠤᠨ ᠲᠣᠰᠣᠨ ᠤ 2023 ᠣᠨ ᠤ |
ᠨᠢᠭᠡᠳᠦᠭᠡᠷ ᠪᠦᠯᠦᠭ ᠪᠠᠶᠢᠭᠠᠯᠢ ᠶᠢᠨ ᠰᠢᠲᠠᠮᠠᠬᠠᠶ ᠬᠡᠶ ᠨᠡᠭᠡᠭᠡᠬᠦ ᠲᠥᠷᠥᠯ ᠵᠦᠢᠯ︶ ᠤᠨ ᠤᠰᠤ ᠬᠦᠷᠦᠰᠦ ᠶᠢ |
ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠢ ᠭᠥᠯᠢᠶᠡᠨ |
ᠠᠪᠴᠤ ᠰᠢᠢᠳᠪᠦᠷᠢᠯᠡᠨ᠎ᠡ ᠃ ᠬᠢᠨᠠᠨ ᠪᠠᠶᠢᠴᠠᠭᠠᠭᠠᠳ ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ |
ᠨᠥᠬᠦᠴᠡᠯ ᠳᠤ ᠨᠡᠶᠢᠴᠡᠵᠦ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ |
ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ᠤᠰᠤᠨ ᠤ ᠵᠠᠰᠠᠭ |
ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ |
ᠵᠤᠷᠪᠤᠰ ᠢ ᠦᠨᠳᠦᠰᠦᠯᠡᠨ ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠠᠷ ᠲᠣᠭᠲᠠᠪᠠ ᠃ |
ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ |
ᠬᠢᠵᠠᠭᠠᠷᠲᠤ ᠺᠣᠮᠫᠠᠨᠢ ᠶᠢᠨ ᠴᠠᠩ ᠴᠢᠩ ᠴᠢᠯᠠᠭᠤᠨ ᠲᠣᠰᠣᠨ ᠤ ᠠᠭᠤᠷᠬᠠᠶ ᠶᠢᠨ ᠬᠤᠪᠢᠶᠠᠷᠢ ᠺᠣᠮᠫᠠᠨᠢ ᠶᠢᠨ |
ᠭᠤᠷᠪᠠᠳᠤᠭᠠᠷ ᠪᠠᠶᠢᠭᠠᠯᠢ ᠶᠢᠨ ᠬᠡᠶ ᠭᠠᠷᠭᠠᠬᠤ ᠦᠢᠯᠡᠳᠪᠦᠷᠢ ᠶᠢᠨ ᠰᠤᠪᠤᠷᠭ᠎ᠠ 19 ᠠᠶᠤᠯ ᠲᠦᠭᠰᠢᠭᠦᠷᠢ ᠶᠢᠨ |
ᠠᠵᠢᠯᠯᠠᠬᠤ ᠦᠢᠯᠡᠴᠢᠯᠡᠭᠡᠨ ᠤ ᠣᠷᠣᠨ ᠤ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠶᠢᠨ ᠪᠥᠲᠥᠭᠡᠨ |
ᠪᠠᠶᠢᠭᠤᠯᠤᠯᠲᠠ ᠶᠢᠨ ᠲᠥᠷᠥᠯ ᠵᠦᠢᠯ ︵ᠳᠤᠮᠳᠠᠳᠤ ᠤᠯᠤᠰ ᠤᠨ ᠴᠢᠯᠠᠭᠤᠨ ᠲᠣᠰᠣᠨ ᠤ 2023 ᠣᠨ ᠤ ᠨᠢᠭᠡᠳᠦᠭᠡᠷ |
ᠪᠦᠯᠦᠭ ᠪᠠᠶᠢᠭᠠᠯᠢ ᠶᠢᠨ ᠰᠢᠲᠠᠮᠠᠬᠠᠶ ᠬᠡᠶ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ︶ ᠣᠷᠳᠣᠰ ᠬᠤᠲᠠ ᠶᠢᠨ |
ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠤᠨ ᠂ ᠣᠯᠵᠠᠴᠢ ᠪᠠᠯᠭᠠᠰᠤᠨ ᠤ ᠬᠢᠯᠢ ᠳᠤ ᠪᠣᠶ ᠃ ᠲᠥᠷᠥᠯ |
ᠵᠦᠢᠯ ᠤᠨ ᠰᠢᠨ᠎ᠡ ᠪᠠᠷ ᠪᠠᠶᠢᠭᠤᠯᠤᠭᠰᠠᠨ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 2.0 ᠳ᠋ᠦᠩᠰᠢᠭᠤᠷ ᠪᠣᠰᠤᠭ᠎ᠠ |
ᠳᠥᠷᠪᠡᠯᠵᠢᠨ ᠮᠧᠲᠷ ᠪᠠᠶᠢᠭᠠᠯᠢ ᠶᠢᠨ ᠰᠢᠲᠠᠮᠠᠬᠠᠢ ᠬᠡᠢ ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ |
ᠬᠤᠭᠤᠴᠠᠭᠠᠨ ᠳᠤ ᠨᠡᠶᠢᠲᠡ 44.12 ᠾᠧᠺᠲ᠋ᠠᠷ ᠭᠠᠵᠠᠷ ᠡᠵᠡᠯᠡᠵᠦ ᠂ ᠰᠢᠷᠣᠶ ᠴᠢᠯᠠᠭᠤᠨ ᠤ ᠠᠵᠢᠯ ᠢ 41.07 |
ᠲᠦᠮᠡᠨ ᠪᠣᠰᠤᠭ᠎ᠠ ᠳᠥᠷᠪᠡᠯᠵᠢᠨ ᠮᠧᠲᠷ ᠬᠡᠷᠡᠭᠯᠡᠵᠦ ᠂ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ ᠨᠢ 3.4 |
ᠳ᠋ᠦᠩᠰᠢᠭᠤᠷ ᠲᠥᠭᠦᠷᠢᠭ ᠲᠤ ᠬᠦᠷᠴᠡᠶ ᠃ ᠢᠨᠵᠧᠨᠧᠷᠢᠩ ᠨᠢ 2023 ᠣᠨ ᠤ 2 ᠳ᠋ᠤᠭᠠᠷ ᠰᠠᠷ᠎ᠠ ᠳᠤ ᠠᠵᠢᠯ ᠢᠶᠠᠨ |
ᠡᠬᠢᠯᠡᠭᠦᠯᠵᠦ ᠂ 2025 ᠣᠨ ᠤ 12 ᠳ᠋ᠤᠭᠠᠷ ᠰᠠᠷ᠎ᠠ ᠳᠤ ᠠᠵᠢᠯ ᠢᠶᠠᠨ ᠳᠠᠭᠤᠰᠬᠠᠬᠤ ᠪᠠᠷ ᠲᠦᠯᠦᠪᠯᠡᠵᠦ ᠂ ᠶᠡᠷᠦᠩᠬᠡᠶ |
ᠠᠵᠢᠯ ᠤᠨ ᠬᠤᠭᠤᠴᠠᠭ᠎ᠠ ᠨᠢ 35 ᠰᠠᠷ᠎ᠠ ᠪᠤᠯᠤᠨ᠎ᠠ ᠃ |
ᠨᠢᠭᠡ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ |
︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ |
ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠨᠢ 44.12 ᠾᠧᠺᠲ᠋ᠠᠷ ᠪᠣᠯᠤᠨ᠎ᠠ ᠃ |
︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ |
ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ |
ᠵᠥᠪᠰᠢᠶᠡᠷᠡᠪᠡ ᠃ |
︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ |
ᠬᠠᠷᠠᠯᠲᠠ ᠪᠣᠯ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ 93% ᠂ ᠤᠰᠤ ᠬᠦᠷᠦᠰᠦ ᠶᠢᠨ ᠢᠳᠡᠭᠳᠡᠯ ᠢ |
ᠬᠢᠵᠠᠭᠠᠷᠯᠠᠬᠤ ᠨᠣᠷᠮ᠎ᠠ 0.8% ᠂ ᠬᠤᠭ ᠰᠢᠷᠣᠶ ᠶᠢ ᠰᠡᠷᠭᠡᠶᠢᠯᠡᠨ ᠬᠠᠮᠠᠭᠠᠯᠠᠬᠤ ᠨᠣᠷᠮ᠎ᠠ 92% ᠂ ᠤᠰᠤ |
ᠬᠦᠷᠦᠰᠦ ᠶᠢᠨ ᠬᠠᠮᠠᠭᠠᠯᠠᠯᠲᠠ ᠶᠢᠨ ᠨᠣᠷᠮ᠎ᠠ 90% ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ |
ᠬᠤᠴᠢᠯᠭ᠎ᠠ ᠶᠢ ᠰᠡᠷᠭᠦᠭᠡᠭᠰᠡᠨ ᠨᠣᠷᠮ᠎ᠠ 95% ᠂ ᠣᠶ ᠰᠢᠭᠤᠶ ᠡᠪᠡᠰᠦ ᠶᠢᠨ ᠪᠦᠷᠬᠦᠴᠡ ᠶᠢᠨ ᠨᠣᠷᠮ᠎ᠠ 24% |
ᠪᠣᠯᠤᠨ᠎ᠠ ᠃ |
︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ |
ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠪᠡ ᠃ |
︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ |
ᠨᠥᠬᠦᠪᠥᠷᠢ ᠮᠥᠩᠭᠦ 75.004 ᠲᠦᠮᠡᠨ ᠲᠥᠭᠦᠷᠢᠭ ᠢ ᠵᠥᠪᠰᠢᠶᠡᠷᠡᠪᠡ ᠃ |
ᠬᠤᠶᠠᠷ ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠥᠷᠥᠯ ᠵᠦᠢᠯ ᠤᠨ ᠪᠦᠲᠦᠭᠡᠨ |
ᠪᠠᠶᠢᠭᠤᠯᠤᠯᠲᠠ ᠶᠢᠨ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠬᠦᠷᠦᠰᠦ ᠶᠢ |
ᠬᠠᠮᠠᠭᠠᠯᠠᠬᠤ ᠬᠠᠤᠯᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ |
ᠬᠠᠮᠲᠤ ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ |
︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ ᠂ ᠤᠰᠤ |
ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ |
ᠰᠠᠶᠢᠲᠤᠷ ᠬᠢᠵᠦ ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ |
ᠬᠡᠷᠡᠭᠲᠡᠶ ᠃ |
︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ |
ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠲᠥᠷᠥᠯ ᠤᠨ ᠪᠠᠷᠢᠯᠭ᠎ᠠ ᠪᠠᠷᠢᠬᠤ |
ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠪᠠᠨ ᠴᠢᠩᠭ᠎ᠠ ᠬᠢᠵᠠᠭᠠᠷᠯᠠᠵᠤ ᠂ ᠳᠤᠷ᠎ᠠ ᠪᠠᠷ ᠢᠶᠠᠨ ᠳᠠᠷᠤᠬᠤ ᠂ |
ᠰᠠᠮᠠᠭᠤᠷᠠᠭᠤᠯᠬᠤ ᠪᠠ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠢᠩᠭ᠎ᠠ ᠴᠠᠭᠠᠵᠠᠯᠠᠬᠤ |
ᠬᠡᠷᠡᠭᠲᠡᠶ ᠃ ᠥᠩᠭᠡᠨ ᠬᠥᠷᠥᠰᠥ ᠶᠢ ᠰᠠᠯᠭᠠᠬᠤ ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ ᠂ ᠬᠠᠶᠠᠭᠳᠠᠮᠠᠯ |
ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠬᠤ ᠬᠡᠷᠡᠭᠲᠡᠶ ᠃ ᠪᠦᠲᠦᠭᠡᠨ ᠪᠠᠶᠢᠭᠤᠯᠤᠯᠲᠠ ᠶᠢᠨ |
ᠶᠠᠪᠤᠴᠠ ᠳᠤ ᠪᠤᠶ ᠪᠣᠯᠤᠭᠰᠠᠨ ᠰᠢᠭᠠᠷᠤ ᠶᠢ ᠴᠠᠭ ᠲᠤᠬᠠᠶ ᠳᠤᠨᠢ ᠲᠥᠰᠦᠯ ᠳᠤ ᠲᠣᠭᠲᠠᠭᠠᠭᠰᠠᠨ ᠲᠤᠰᠬᠠᠶ ᠭᠠᠵᠠᠷ ᠲᠤ |
ᠲᠡᠭᠡᠭᠡᠪᠦᠷᠢᠯᠡᠨ ᠬᠦᠷᠭᠡᠬᠦ ᠬᠡᠷᠡᠭᠲᠡᠶ ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ |
ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ |
ᠲᠣᠬᠢᠷᠠᠭᠤᠯᠵᠤ ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ |
ᠬᠡᠷᠡᠭᠲᠡᠶ ᠃ |
︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠂ |
ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ |
ᠶᠣᠰᠣᠭᠠᠷ ᠮᠠᠨ ᠤ ᠲᠢᠩᠬᠢᠮ ᠵᠢᠴᠢ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ |
ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ ᠃ |
︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ |
ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ |
ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠃ |
︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ |
ᠭᠦᠢᠴᠡᠳ ᠲᠤᠭ᠎ᠠ ᠪᠠᠷ ᠲᠤᠰᠢᠶᠠᠨ᠎ᠠ ᠃ |
ᠭᠤᠷᠪᠠ ᠂ ᠲᠤᠰ ᠲᠥᠷᠥᠯ ᠤᠨ ᠭᠠᠵᠠᠷ ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠂ |
ᠡᠰᠡᠬᠦᠯ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠠᠬᠢ ᠤᠰᠤ ᠬᠦᠷᠦᠰᠦ ᠶᠢ |
ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠪᠠᠯ ᠂ ᠤᠰᠤ ᠬᠦᠷᠦᠰᠦ ᠶᠢ ᠬᠠᠮᠠᠭᠠᠯᠠᠬᠤ |
ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ |
ᠵᠥᠪᠰᠢᠶᠡᠷᠡᠭᠦᠯᠬᠦ ᠬᠡᠷᠡᠭᠲᠡᠶ ᠃ ᠰᠢᠭᠠᠷᠤ ᠬᠠᠶᠠᠬᠤ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢᠯᠡᠯ ᠪᠦᠲᠦᠭᠡᠨ |
ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠨᠤᠲᠠᠯᠠᠯᠲᠠ ᠶᠢ |
ᠥᠷᠨᠢᠭᠦᠯᠬᠦ ᠶᠢᠨ ᠬᠠᠮᠲᠤ ᠰᠢᠭᠠᠷᠤ ᠶᠢ ᠬᠠᠶᠠᠬᠤ ᠠᠴᠠ ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ |
ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ |
ᠵᠥᠪᠰᠢᠶᠡᠷᠡᠭᠦᠯᠬᠦ ᠬᠡᠷᠡᠭᠲᠡᠶ ᠃ |
ᠳᠥᠷᠪᠡ ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ |
ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠂ ᠲᠤᠰ ᠲᠥᠷᠥᠯ ᠵᠦᠢᠯ ᠨᠢ |
ᠪᠠᠷᠢᠯᠭ᠎ᠠ ᠳᠠᠭᠤᠰᠴᠤ ᠰᠢᠯᠭᠠᠨ ᠠᠪᠬᠤ ᠪᠤᠶᠤ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠂ ᠤᠰᠤ ᠬᠦᠷᠦᠰᠦ ᠶᠢ |
ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ ᠃ ᠡᠵᠡᠨ ᠮᠡᠳᠡᠨ ᠰᠢᠯᠭᠠᠨ |
ᠠᠪᠬᠤ ᠳᠤ ᠤᠰᠤ ᠬᠦᠷᠦᠰᠦ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ |
ᠤᠰᠤ ᠬᠦᠷᠦᠰᠦ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ ᠂ ᠤᠰᠤ |
ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ ᠂ ᠤᠰᠤ |
ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ |
ᠬᠡᠷᠡᠭᠵᠢᠭᠦᠯᠬᠦ ᠬᠡᠷᠡᠭᠲᠡᠶ ᠃ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ |
ᠬᠢᠷᠢ ᠲᠡᠩᠴᠡᠭᠰᠡᠨ ᠤ ᠳᠠᠷᠠᠭ᠎ᠠ ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ |
ᠮᠡᠳᠡᠭᠰᠡᠨ ᠰᠦᠯᠵᠢᠶᠡᠨ ᠤ ᠥᠷᠲᠡᠭᠡ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ |
ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ ᠂ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ |
ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ |
ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ |
ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ |
ᠬᠡᠷᠡᠭᠲᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ |
ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠲᠥᠷᠥᠯ ᠵᠦᠢᠯ ᠢ |
ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ ᠃ |
ᠲᠠᠪᠤ ᠂ ᠲᠤᠰ ᠲᠥᠷᠥᠯ ᠵᠦᠢᠯ ᠪᠣᠯ ︽ᠤᠰᠤ ᠬᠦᠷᠦᠰᠦ ᠶᠢ ᠬᠠᠮᠠᠭᠠᠯᠠᠬᠤ ᠲᠥᠰᠦᠯ ᠢ |
ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ︾ ᠲᠥᠷᠥᠯ ᠵᠦᠢᠯ ᠳᠤ ᠬᠠᠷᠢᠶᠠᠯᠠᠭᠳᠠᠨ᠎ᠠ |
ᠪᠠᠶᠢᠭᠤᠯᠤᠭᠰᠠᠨ ᠨᠢᠭᠡᠴᠢ ᠨᠦᠭᠦᠳ ᠰᠤᠷᠭᠠᠮᠵᠢ ᠠᠪᠴᠤ ᠂ ᠤᠰᠤ ᠬᠦᠷᠦᠰᠦ ᠶᠢ ᠬᠠᠮᠠᠭᠠᠯᠠᠬᠤ ᠠᠷᠭ᠎ᠠ ᠶᠢ |
ᠴᠢᠩᠭ᠎ᠠ ᠬᠡᠷᠡᠭᠵᠢᠭᠦᠯᠵᠦ ᠂ ᠵᠠᠯᠭᠠᠮᠵᠢ ᠤᠰᠤ ᠬᠦᠷᠦᠰᠦ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃ |
ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠂ ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ |
ᠮᠠᠯ ᠠᠵᠤ ᠠᠬᠤᠶ ᠪᠠ ᠤᠰᠤᠨ ᠠᠰᠢᠭᠯᠠᠯᠲᠠ ᠶᠢᠨ ᠲᠣᠪᠴᠢᠶ᠎ᠠ ᠲᠣᠰ ᠲᠥᠷᠥᠯ ᠵᠦᠢᠯ ᠤᠨ ᠤᠰᠤ ᠬᠦᠷᠦᠰᠦ ᠶᠢᠨ |
ᠬᠠᠮᠠᠭᠠᠯᠠᠯᠲᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ ᠂ ᠤᠰᠤ ᠬᠦᠷᠦᠰᠦ ᠶᠢᠨ |
ᠢᠳᠡᠭᠳᠡᠯ ᠤᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠵᠤ ᠂ ᠬᠠᠤᠯᠢ ᠲᠣᠭᠲᠠᠭᠠᠯ ᠠᠴᠠ ᠵᠥᠷᠢᠴᠡᠭᠰᠡᠨ |
ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠃ |
|
2025 ᠣᠨ ᠤ 3 ᠳ᠋ᠤᠭᠠᠷ ᠰᠠᠷ᠎ᠠ ᠶᠢᠨ 6 ᠤ ᠡᠳᠦᠷ |
|