︽ᠢᠯᠡ ᠲᠤᠳᠤ ᠂ ᠡᠷᠬᠡ ᠲᠡᠭᠰᠢ ᠂ ᠲᠥᠪ ᠭᠤᠣᠯᠴᠢ︾ ᠶᠢᠨ ᠵᠠᠷᠴᠢᠮ ᠶᠣᠰᠣᠭᠠᠷ ᠂ ᠥᠪᠥᠷ ᠮᠣᠩᠭᠤᠯ ᠤᠨ |
ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ |
ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠥᠪ ᠠᠴᠠ 2025 ᠣᠨ ᠤ |
ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠢᠯᠡ ᠪᠠᠷ ᠰᠣᠩᠭᠤᠵᠤ ᠂ ᠨᠥᠬᠦᠴᠡᠯ ᠳᠤ |
ᠨᠡᠶᠢᠴᠡᠭᠰᠡᠨ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ |
ᠤᠭᠲᠤᠨ᠎ᠠ ᠃ |
ᠨᠢᠭᠡ ᠂ ᠲᠥᠷᠥᠯ ᠵᠦᠢᠯ ᠤᠨ ᠲᠦᠢᠮᠣ ᠪᠠᠶᠢᠳᠠᠯ |
1. ᠲᠥᠷᠥᠯ ᠵᠦᠢᠯ ᠤᠨ ᠨᠡᠷᠡᠶᠢᠳᠦᠯ᠄ 2025 ᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ |
ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠂ 2025 ᠣᠨ ᠤ ᠡᠯ᠎ᠡ ᠠᠶᠢᠮᠠᠭ ᠬᠤᠲᠠ ᠶᠢᠨ |
ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠨᠢᠰᠦᠯᠲᠡ ᠶᠢᠨ ᠪᠠᠶᠢᠴᠠᠭᠠᠯᠲᠠ ᠬᠢᠬᠦ ᠃ |
2. ᠬᠡᠷᠡᠭᠵᠢᠭᠦᠯᠬᠦ ᠴᠠᠭ ᠪᠠ ᠭᠠᠵᠠᠷ᠄ 2025 ᠣᠨ ᠤ ᠪᠥᠬᠦ ᠣᠷᠣᠨ ᠤ ᠡᠯ᠎ᠡ ᠠᠶᠢᠮᠠᠭ ᠬᠤᠲᠠ ᠃ |
3. ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ ᠶᠢ |
ᠣᠷᠣᠯᠠᠨ ᠭᠦᠢᠴᠡᠳᠬᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ ᠂ ᠡᠭᠦᠨ ᠳᠤ ᠳᠠᠭᠠᠭᠠᠴᠢᠯᠠᠯᠲᠠ ᠵᠠᠷᠯᠠᠬᠤ ᠪᠢᠴᠢᠭ |
ᠮᠠᠲ᠋ᠧᠷᠢᠶᠠᠯ ᠲᠣᠭᠲᠠᠭᠠᠬᠤ ᠂ ᠠᠯᠪᠠᠨ ᠵᠠᠷ ᠨᠡᠶᠢᠲᠡᠯᠡᠬᠦ ᠂ ᠲᠥᠷᠥᠯ ᠵᠦᠢᠯ ᠢ ᠥᠷᠨᠢᠭᠦᠯᠬᠦ ᠳᠤᠮᠳᠠᠬᠢ ᠰᠡᠵᠢᠭᠯᠡᠯ ︵ᠬᠡᠷᠪᠡ |
ᠪᠠᠶᠢᠪᠠᠯ︶ ᠢ ᠰᠢᠢᠳᠪᠦᠷᠢᠯᠡᠬᠦ ᠂ ᠳᠠᠭᠠᠭᠠᠴᠢᠯᠠᠯᠲᠠ ᠨᠡᠶᠢᠲᠡᠯᠡᠬᠦ ᠂ ᠳᠠᠭᠠᠭᠠᠴᠢᠯᠠᠯᠲᠠ ᠣᠯᠬᠤ ᠮᠡᠳᠡᠭᠳᠡᠯ ᠤᠨ ᠪᠢᠴᠢᠭ |
ᠣᠯᠭᠤᠬᠤ ᠂ ᠲᠥᠷᠥᠯ ᠵᠦᠢᠯ ᠢ ᠲᠠᠩᠰᠠ ᠡᠪᠬᠡᠮᠡᠯ ᠳᠤ ᠣᠷᠣᠭᠤᠯᠬᠤ ᠵᠡᠷᠭᠡ ᠶᠢ ᠵᠣᠬᠢᠶᠠᠨ ᠪᠠᠶᠢᠭᠤᠯᠬᠤ ᠬᠡᠷᠡᠭᠲᠡᠢ ᠃ |
ᠬᠤᠶᠠᠷ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ |
1 ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ |
ᠰᠦᠯᠵᠢᠶ᠎ᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠶᠢᠨ ᠳᠠᠩᠰᠠᠯᠠᠯ ᠃ |
2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠲᠠᠢ ᠪᠠᠶᠢᠭᠤᠯᠤᠮᠵᠢ ᠂ ᠡᠳ᠋ ᠤᠨ |
ᠶᠠᠪᠤᠳᠠᠯ ᠤᠨ ᠰᠠᠶᠢᠨ ᠰᠠᠶᠢᠬᠠᠨ ᠪᠠᠶᠢᠳᠠᠯ ᠪᠠ ᠬᠤᠳᠠᠯᠳᠤᠭᠠᠨ ᠤ ᠢᠲᠡᠭᠡᠯ ᠬᠦᠨᠳᠦ ᠲᠠᠢ ᠪᠠᠶᠢᠵᠤ ᠂ ᠭᠡᠷ᠎ᠡ ᠪᠠᠨ |
ᠭᠦᠢᠴᠡᠳᠬᠡᠬᠦ ᠭᠦᠢᠴᠡᠳ ᠬᠥᠷᠥᠩᠭᠡ ᠪᠠ ᠴᠢᠳᠠᠪᠤᠷᠢ ᠲᠠᠢ ᠪᠠᠶᠢᠬᠤ ᠬᠡᠷᠡᠭᠲᠡᠶ ᠃ |
ᠭᠤᠷᠪᠠ ᠂ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠢ ᠮᠠᠲ᠋ᠧᠷᠢᠶᠠᠯ |
1. ᠨᠡᠷ᠎ᠡ ᠮᠡᠳᠡᠭᠦᠯᠦᠭᠴᠢ ᠨᠢ ᠲᠤᠰ ᠬᠥᠮᠥᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠭᠠᠷᠭᠠᠨ |
ᠦᠵᠡᠭᠦᠯᠵᠦ ᠂ ᠪᠠᠭᠤᠯᠭᠠᠪᠤᠷᠢ ᠶᠢ ᠬᠠᠩᠭᠠᠨ᠎ᠠ︔ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠠᠷ ᠭᠠᠷ ᠤᠨ |
ᠦᠰᠦᠭ ᠵᠢᠷᠤᠭᠤᠯᠬᠤ ᠂ ᠺᠣᠮᠫᠠᠨᠢ ᠶᠢᠨ ᠲᠠᠮᠠᠭ᠎ᠠ ᠳᠠᠷᠤᠭᠤᠯᠬᠤ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ |
ᠭᠠᠷᠭᠠᠵᠤ ᠥᠭᠭᠦᠨ᠎ᠡ ᠃ |
2. ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠶᠢᠭᠤᠯᠭ᠎ᠠ ᠶᠢᠨ ᠣᠨ ᠤ ᠪᠠᠶᠢᠴᠠᠭᠠᠯᠲᠠ ᠳᠤ ᠬᠢᠷᠢ |
ᠲᠡᠩᠴᠡᠭᠰᠡᠨ ᠨᠢ ᠬᠦᠴᠦᠨ ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ |
ᠳᠠᠷᠤᠭᠰᠠᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ ᠶᠢ ᠬᠠᠩᠭᠠᠵᠤ ᠥᠭᠭᠦᠨ᠎ᠡ ᠃ |
3. ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠪᠠ ︽ᠥᠪᠥᠷ |
ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠶᠢᠨ |
ᠣᠷᠣᠯᠠᠬᠤ ᠪᠠᠶᠢᠭᠤᠯᠤᠮᠵᠢ ᠳᠤ ᠳᠡᠩᠰᠡᠯᠡᠵᠦ ᠬᠥᠮᠥᠷᠭᠡ ᠳᠤ ᠣᠷᠣᠭᠤᠯᠤᠭᠰᠠᠨ ᠵᠢᠷᠤᠭ ᠢ ᠭᠡᠷᠡᠴᠢᠯᠡᠬᠦ ᠮᠠᠲ᠋ᠧᠷᠢᠶᠠᠯ ᠢ |
ᠬᠠᠩᠭᠠᠨ᠎ᠠ ᠃ |
4. ︽ᠢᠲᠡᠭᠡᠮᠵᠢᠲᠦ ᠳᠤᠮᠳᠠᠳᠤ ᠤᠯᠤᠰ︾ ᠤᠨ ᠰᠦᠯᠵᠢᠶ᠎ᠡ ︵www.creditchina.gov.cn ︶ |
ᠢᠲᠡᠭᠡᠯ ᠢᠶᠠᠨ ᠠᠯᠳᠠᠭᠰᠠᠨ ᠭᠦᠢᠴᠡᠳᠬᠡᠭᠴᠢ ᠪᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ |
ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠲᠡᠮᠳᠡᠭᠯᠡᠯ ᠤᠨ ᠤᠭᠲᠤᠯᠤᠭᠰᠠᠨ ᠵᠢᠷᠤᠭ ᠵᠢᠴᠢ ︽ᠳᠤᠮᠳᠠᠳᠤ |
ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www.ccgp.gov.cn ︶ ᠶᠢᠨ |
ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ |
ᠦᠢᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠤᠨ ᠣᠭᠲᠣᠯᠤᠭᠠᠰᠤ ᠶᠢᠨ ᠵᠢᠷᠤᠭ ᠢ ᠬᠠᠩᠭᠠᠨ᠎ᠠ ᠃ |
ᠲᠠᠶᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ︵ᠰᠦᠯᠵᠢᠶᠡᠨ ᠤ ᠨᠢᠭᠤᠷ ᠤᠨ |
ᠣᠭᠲᠣᠯᠤᠭᠰᠠᠨ ᠵᠢᠷᠤᠭ ᠠᠴᠠ ᠭᠠᠳᠠᠨ᠎ᠠ︶ ᠵᠢᠴᠢ ᠪᠠᠭᠤᠯᠭᠠᠪᠤᠷᠢ ᠶᠢ ᠬᠠᠩᠭᠠᠬᠤ ᠴᠢᠬᠤᠯᠠᠲᠠᠢ ᠂ ᠨᠢᠭᠡᠴᠢ ᠶᠢᠨ ᠠᠯᠪᠠᠨ |
ᠲᠠᠮᠠᠭ᠎ᠠ ᠶᠢ ᠳᠠᠷᠤᠬᠤ ᠴᠢᠬᠤᠯᠠᠲᠠᠢ ᠂ ᠡᠰᠡ ᠲᠡᠶᠢᠮᠦ ᠪᠣᠯ ᠬᠦᠴᠦᠨ ᠦᠭᠡᠢ ᠃ |
ᠳᠥᠷᠪᠡ ᠂ ᠨᠡᠷ᠎ᠡ ᠮᠡᠳᠡᠭᠦᠯᠬᠦ ᠴᠠᠭ ᠂ ᠭᠠᠵᠠᠷ ᠣᠷᠣᠨ |
ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ 2025 |
ᠣᠨ ᠤ 3 ᠳ᠋ᠤᠭᠠᠷ ᠰᠠᠷ᠎ᠠ ᠶᠢᠨ 17 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 18 ᠤ ᠡᠳᠦᠷ |
ᠪᠣᠯᠲᠠᠯ᠎ᠠ ᠂ ᠠᠵᠢᠯ ᠤᠨ ᠡᠳᠦᠷ ᠪᠦᠷᠢ ᠶᠢᠨ ᠦᠳᠡ ᠶᠢᠨ ᠡᠮᠦᠨ᠎ᠡ 9᠄ 00 — 12᠄ 00 ᠴᠠᠭ ᠂ ᠦᠳᠡ ᠶᠢᠨ |
ᠬᠤᠶᠢᠨ᠎ᠠ 14᠄ 30 — 17᠄ 00 ᠴᠠᠭ ᠲᠤ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠲᠤᠰᠢᠶᠠᠨ᠎ᠠ ᠃ |
ᠨᠡᠷ᠎ᠡ ᠮᠡᠳᠡᠭᠦᠯᠬᠦ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠪᠤᠶᠢᠷ ᠡᠮᠦᠨ᠎ᠡ ᠵᠠᠮ ᠤᠨ |
119 ᠳ᠋ᠦ᠋ᠭᠡᠷ ᠲᠣᠭᠠᠲᠤ 2201 ᠳ᠋ᠦ᠋ᠭᠡᠷ ᠠᠯᠪᠠᠨ ᠬᠡᠷ |
ᠰᠢᠦᠳᠠᠨ ᠨᠣᠮᠧᠷ᠄ 010010 |
ᠬᠠᠷᠢᠯᠴᠠᠬᠤ ᠬᠦᠮᠦᠨ᠄ ᠢᠷᠤᠬᠠᠨ |
ᠬᠠᠷᠢᠯᠴᠠᠬᠤ ᠣᠳᠠᠰᠣ᠄ 13154112696 |
|