ᠯᠢ ᠭᠦᠸᠧ ᠶᠢᠩ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/13
  3 ᠳ᠋ᠤᠭᠠᠷ ᠰᠠᠷ᠎ᠠ ᠶᠢᠨ 13 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠯᠲᠡᠰ ᠤᠨ ᠳᠠᠷᠤᠭ᠎ᠠ ᠯᠢ ᠭᠦᠸᠧ ᠶᠢᠩ ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2025 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ ᠠᠵᠢᠯ ᠢ ᠲᠤᠬᠢᠷᠠᠭᠤᠯᠪᠠ᠃ ᠶᠠᠮᠤᠨ ᠤ ᠤᠳᠤᠷᠢᠳᠤᠯᠭ᠎ᠠ ᠴᠧᠨ ᠮᠢᠨ᠂ ᠯᠢ ᠯᠢᠶᠠᠩ ᠱᠧᠩ᠂ ᠸᠠᠩ ᠪᠦᠦ ᠧᠨ ᠬᠤᠷᠠᠯ ᠳᠤ ᠣᠷᠣᠯᠴᠠᠪᠠ᠃   ᠬᠤᠷᠠᠯ ᠠᠴᠠ᠂ 2025 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠡᠴᠦᠰ ᠤᠨ ᠨᠢᠭᠡ ᠵᠢᠯ ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠬᠤᠷᠠᠯ ᠠᠴᠠ᠂ ᠤᠰᠤᠨ ᠠᠰᠢᠭᠯᠠᠯᠲᠠ ᠪᠠᠷ ᠶᠠᠳᠠᠭᠤ ᠶᠢ ᠲᠡᠳᠬᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠤᠰᠤ ᠬᠠᠩᠭᠠᠬᠤ ︽3 + 1︾ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠬᠠᠮᠠᠭᠠᠯᠠᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠤᠰᠤᠨ ᠠᠰᠢᠭᠯᠠᠯᠲᠠ ᠶᠢᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠪᠣᠯᠤᠨ ᠥᠭᠡᠷᠡᠴᠢᠯᠡᠯᠲᠡ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠵᠢᠴᠢ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠠᠰᠢᠭᠯᠠᠯᠲᠠ ᠶᠢ ᠬᠠᠪᠰᠤᠷᠤᠨ ᠲᠡᠳᠬᠦᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠰᠤᠨ ᠠᠰᠢᠭᠯᠠᠯᠲᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃   ᠵᠣᠬᠢᠶᠠᠭᠴᠢ᠄ ᠶᠤᠸᠠᠨ ᠺᠠᠶ ᠺᠠᠶ ᠰᠥᠩ ᠢᠦᠶ ᠬᠠᠷᠢᠭᠤᠴᠠᠭᠰᠠᠨ ᠨᠠᠶᠢᠷᠠᠭᠤᠯᠤᠭᠴᠢ᠄ ᠶᠣᠣ ᠸᠧᠶ
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ ᠤ ᠰᠦᠯᠵᠢᠶ᠎ᠡ
ᠬᠠᠮᠢᠶ᠎ᠡ ᠪᠦᠬᠦᠢ ᠰᠣᠨᠢᠨ
2014-2015 ©ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map