3 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ |
2025 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ |
ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ |
ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠳᠤ ᠣᠷᠣᠯᠴᠠᠨ ᠶᠠᠷᠢᠶ᠎ᠠ |
ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ |
ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠥᠩ ᠬᠤᠷᠢᠳᠤᠭᠠᠷ ᠬᠤᠭᠤᠴᠠᠭᠠᠨ ᠤ |
ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ |
ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ |
ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ |
ᠰᠠᠨᠠᠯ ᠳᠤᠷᠠᠳᠴᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ |
ᠳᠠᠷᠤᠭ᠎ᠠ ᠫᠧᠩ ᠶᠠ ᠯᠢ ᠬᠤᠷᠠᠯ ᠢ ᠡᠷᠭᠢᠯᠡᠪᠡ᠃ |
|
|
|
|
|
ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ |
ᠡᠭᠦᠷᠭᠡ ᠶᠢ ᠪᠡᠶᠡᠯᠡᠭᠦᠯᠬᠦ ᠡᠴᠦᠰ ᠤᠨ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠡᠬᠢᠯᠡᠯᠲᠡ ᠶᠢᠨ |
ᠬᠤᠭᠤᠴᠠᠭᠠᠨ ᠳᠤ ᠰᠠᠶᠢᠨ ᠰᠠᠭᠤᠷᠢ ᠶᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠃ ᠤᠰᠤᠨ ᠠᠰᠢᠡᠡᠯᠠᠯᠳᠠ ᠶᠢᠨ |
ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ |
ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ |
︽7.29︾ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ |
ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ |
ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ |
ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ |
ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠱᠤᠭᠤᠮ ᠢ |
ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ |
ᠪᠠᠳᠠᠷᠠᠭᠤᠯᠬᠤ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ ᠳᠤ ᠳᠠᠪᠰᠢᠬᠤ︾ ᠭᠤᠣᠯ ᠶᠡᠭᠡ ᠲᠠᠯ᠎ᠠ ᠳᠤ |
ᠦᠢᠯᠡᠴᠢᠯᠡᠬᠦ ᠪᠠ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ |
ᠶᠢ ᠵᠣᠬᠢᠶᠠᠨ ᠪᠠᠶᠢᠭᠤᠯᠤᠨ ᠥᠷᠨᠢᠭᠦᠯᠬᠦ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ |
ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠴᠢᠩᠭ᠎ᠠ ᠬᠦᠭ ᠠᠶᠠᠰ᠂ |
ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠬᠦᠳᠦᠯᠦᠨ |
ᠵᠢᠯᠣᠭᠤᠳᠴᠤ᠂ ᠨᠠᠮ ᠤᠨ ᠭᠡᠰᠢᠭᠦᠨ ᠺᠠᠳ᠋ᠷᠴᠤᠳ ᠤᠨ ᠡᠷᠡᠮᠡᠬᠡᠶᠢᠯᠡᠨ ᠤᠷᠤᠭᠰᠢᠯᠠᠵᠤ᠂ ᠬᠠᠷᠢᠭᠤᠴᠠᠯᠭ᠎ᠠ ᠡᠭᠦᠷᠭᠡᠯᠡᠨ |
ᠵᠢᠳᠬᠦᠯ ᠴᠢᠷᠮᠠᠶᠢᠯᠭ᠎ᠠ ᠭᠠᠷᠭᠠᠬᠤ ᠶᠢ ᠬᠦᠳᠦᠯᠦᠨ ᠵᠢᠯᠣᠭᠤᠳᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ |
ᠦᠷ᠎ᠡ ᠪᠦᠲᠦᠮᠵᠢ ᠪᠠᠷ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠣᠷᠣᠨ ᠤ |
ᠤᠰᠤᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠦ |
ᠭᠠᠷᠭᠠᠪᠠ᠃ |
ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 2025 ᠣᠨ ᠤ ᠨᠠᠮ ᠤᠨ |
ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ |
ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ |
ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠤᠯᠤᠰ ᠲᠦᠷᠦ ᠶᠢᠨ |
ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠨᠠᠮ ᠤᠨ ᠤᠳᠤᠷᠢᠳᠬᠤ |
ᠳᠤᠭᠤᠶᠢᠯᠠᠩ ︵ᠨᠠᠮ ᠤᠨ ᠬᠤᠷᠢᠶ᠎ᠠ︶ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ |
ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ︾ ᠣᠨ ᠤ ︽ᠱᠦᠵᠢ ᠶᠢᠨ ᠲᠦᠷᠦᠯ ᠵᠦᠢᠯ︾ ᠢ ᠭᠦᠨᠵᠡᠭᠡᠢ |
ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ |
ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠦᠷ᠎ᠡ ᠪᠦᠲᠦᠭᠡᠯ ᠤᠨ ᠳᠣᠲᠣᠭᠠᠳᠤ ᠬᠤᠪᠢᠷᠠᠭᠤᠯᠤᠯᠲᠠ ᠶᠢ |
ᠭᠦᠨᠵᠡᠭᠡᠶᠢᠷᠡᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠨ |
ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠲᠦᠷᠢᠮ ᠲᠣᠭᠲᠠᠭᠠᠯ ᠢ ᠵᠢᠷᠤᠮᠯᠠᠨ |
ᠰᠠᠬᠢᠯᠭ᠎ᠠ ᠪᠠᠲᠤ ᠶᠢ ᠰᠠᠬᠢᠬᠤ ᠤᠷᠢᠲᠠᠯ ᠳᠣᠣᠷ᠎ᠠ ᠰᠠᠨᠠᠭ᠎ᠠ ᠠᠮᠤᠷ ᠠᠵᠢᠯᠯᠠᠵᠤ᠂ ᠵᠣᠷᠢᠭᠲᠠᠢ ᠪᠠᠷ ᠠᠵᠢᠯ ᠬᠢᠯᠭᠡᠬᠦ |
ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ |
ᠪᠣᠯᠭᠠᠬᠤ ᠠᠵᠢᠯ ᠤᠨ ᠭᠤᠣᠯ ᠰᠢᠵᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠠᠨ ᠲᠦᠮᠡᠨ ᠤ ᠬᠥᠮᠦᠵᠢᠯ |
ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ |
ᠲᠦᠷᠦᠯ ᠤᠨ ᠤᠨᠴᠠᠯᠢᠭᠳᠤ ᠲᠦᠷᠦᠯ ᠲᠡᠮᠳᠡᠭ ᠢ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ |
ᠪᠦᠳᠦᠭᠡᠨ ᠪᠠᠶᠢᠭᠤᠯᠤᠯᠲᠠ ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠨ᠎ᠡ᠃ ᠦᠨᠳᠦᠰᠦ ᠪᠠᠨ |
ᠪᠠᠬᠢᠵᠢᠭᠦᠯᠵᠦ ᠰᠠᠭᠤᠷᠢ ᠪᠠᠨ ᠪᠠᠲᠤᠳᠬᠠᠨ ᠴᠢᠳᠠᠪᠤᠷᠢ ᠣᠯᠭᠤᠬᠤ ᠶᠢ ᠪᠠᠷᠢᠮᠲᠠᠯᠠᠵᠤ᠂ ᠦᠨᠳᠦᠰᠦᠨ ᠱᠠᠲᠤ ᠶᠢ ᠶᠡᠬᠡᠪᠡᠷ |
ᠠᠳᠬᠤᠬᠤ ᠤᠳᠤᠷᠢᠳᠤᠮᠵᠢ ᠶᠢ ᠪᠤᠢ ᠪᠣᠯᠭᠠᠵᠤ᠂ ᠨᠠᠮ ᠤᠨ ᠠᠵᠢᠯ ᠤᠨ ᠰᠢᠯᠭᠠᠷᠠᠭᠰᠠᠨ ᠰᠠᠬᠢᠯᠭ᠎ᠠ ᠪᠠᠲᠤ ᠪᠠᠶᠢᠴᠠᠭᠠᠬᠤ |
ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ |
ᠪᠠᠶᠢᠭᠤᠯᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠯᠤᠰ ᠲᠦᠷᠦ ᠶᠢᠨ ᠴᠢᠳᠠᠮᠵᠢ ᠪᠠ ᠵᠣᠬᠢᠶᠠᠨ |
ᠪᠠᠶᠢᠭᠤᠯᠤᠯᠲᠠ ᠶᠢᠨ ᠴᠢᠳᠠᠮᠵᠢ ᠶᠢ ᠪᠠᠳᠠᠷᠠᠭᠤᠯᠤᠨ᠎ᠠ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ |
ᠢᠯᠵᠠᠷᠠᠯ ᠢ ᠡᠰᠡᠷᠭᠦᠴᠡᠬᠦ ᠶᠢ ᠪᠣᠳᠠᠲᠠᠶ ᠠᠳᠬᠤᠵᠤ᠂ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ |
ᠠᠵᠢᠯ ᠤᠨ ᠵᠢᠷᠤᠮᠵᠢᠭᠤᠯᠤᠭᠰᠠᠨ ᠬᠠᠤᠯᠢᠵᠢᠯᠳᠠ ᠶᠢᠨ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ |
ᠭᠦᠨᠵᠡᠭᠡᠶ ᠥᠷᠨᠢᠭᠦᠯᠵᠦ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠤᠨ ᠣᠨᠣᠴᠠᠲᠠᠶ |
ᠪᠠᠶᠢᠩᠭᠤᠵᠢᠭᠤᠯᠬᠤ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ |
ᠬᠠᠳᠠᠭᠠᠯᠠᠬᠤ ᠬᠡᠷᠡᠭᠳᠡᠢ᠃ ᠤᠯᠠᠨ ᠲᠦᠮᠡᠨ ᠤ ᠪᠦᠯᠬᠦᠮ ᠤᠨ ᠠᠵᠢᠯ ᠢ ᠢᠳᠡᠪᠬᠢᠲᠡᠢ ᠳᠡᠮᠵᠢᠵᠦ᠂ ᠤᠯᠤᠰ ᠲᠦᠷᠦ ᠶᠢᠨ |
ᠵᠢᠯᠣᠭᠤᠳᠤᠮᠵᠢ ᠶᠢ ᠴᠢᠩᠭᠠᠳᠬᠠᠵᠤ᠂ ᠨᠢᠭᠡᠳᠦᠮᠡᠯ ᠹᠷᠣᠨᠲ ᠪᠠ ᠠᠵᠢᠯᠴᠢᠨ ᠤ ᠡᠪᠯᠡᠯ ᠵᠡᠷᠭᠡ ᠡᠯ᠎ᠡ ᠲᠠᠯ᠎ᠠ ᠶᠢᠨ |
ᠬᠦᠴᠦᠨ ᠢ ᠨᠢᠭᠲᠠᠷᠠᠭᠤᠯᠵᠤ᠂ ︽ᠤᠰᠤ ᠠᠷᠪᠢᠯᠠᠬᠤ ᠠᠵᠢᠯᠯᠠᠭ᠎ᠠ︾ ᠳᠤ ᠢᠳᠡᠪᠬᠢᠲᠡᠢ ᠣᠷᠣᠯᠴᠠᠵᠤ᠂ ᠪᠦᠬᠦ |
ᠠᠷᠠᠳ ᠤᠨ ᠤᠰᠤ ᠠᠷᠪᠢᠯᠠᠬᠤ ᠶᠢ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠠᠮᠤᠭ ᠤᠨ ᠭᠡᠷᠡᠯᠳᠦ ᠲᠡᠮᠳᠡᠭ |
ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠭ᠎ᠠ ᠶᠢᠨ ᠨᠠᠮ ᠤᠨ |
ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠯᠤᠰ |
ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ |
ᠬᠡᠯᠬᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠮᠵᠢᠭᠤᠯᠬᠤ᠂ ᠨᠢᠭᠲᠠ |
ᠬᠤᠯᠪᠣᠯᠳᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ︽ᠲᠦᠷᠪᠡᠨ ᠤᠬᠠᠮᠰᠠᠷ︾ ᠢᠶᠠᠨ |
ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ |
ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠦᠷᠭᠦᠯᠵᠢᠯᠡᠨ |
ᠠᠬᠢᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ |
ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ |
ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ |
ᠬᠦᠳᠦᠯᠦᠨ ᠳᠠᠭᠠᠭᠤᠯᠬᠤ ᠪᠠ ᠦᠢᠯᠡᠴᠢᠯᠡᠭᠡ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ |
ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ |
ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ |
ᠦᠭᠡᠢ ᠠᠬᠢᠭᠤᠯᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠤᠰᠤᠨ ᠠᠰᠢᠭᠯᠠᠯᠲᠠ ᠶᠢᠨ ᠴᠢᠨᠠᠷ |
ᠰᠠᠶᠢᠲᠠᠢ ᠬᠥᠭᠵᠢᠯᠲᠡ ᠶᠢ ᠵᠢᠯᠣᠭᠤᠳᠤᠨ ᠠᠬᠢᠭᠤᠯᠬᠤ ᠶᠢ ᠪᠠᠷᠢᠮᠲᠠᠯᠠᠵᠤ᠂ ︽ᠪᠠᠶᠢᠴᠠᠭᠠᠨ ᠰᠤᠳᠤᠯᠬᠤ ᠠᠷᠪᠠᠨ |
ᠠᠯᠬᠤᠮ ᠤᠨ ᠠᠵᠢᠯ ᠤᠨ ᠠᠷᠭ᠎ᠠ︾ ᠶᠢᠨ ᠲᠤᠷᠰᠢᠯᠭ᠎ᠠ ᠠᠷᠭ᠎ᠠ ᠬᠢᠳᠡᠯ ᠢ ᠰᠠᠶᠢᠲᠤᠷ ᠳ᠋ᠦᠩᠨᠡᠨ ᠬᠡᠷᠡᠭᠯᠡᠵᠦ᠂ |
ᠤᠳᠤᠷᠢᠳᠬᠤ ᠺᠠᠳ᠋ᠷ ᠵᠢᠯ ᠪᠦᠷᠢ ᠠᠳᠠᠭ ᠲᠤ ᠪᠠᠨ 1 ᠪᠠᠶᠢᠴᠠᠭᠠᠨ ᠰᠤᠳᠤᠯᠬᠤ ᠰᠡᠳᠦᠪ ᠢ ᠪᠠᠷᠢᠮᠲᠠᠯᠠᠵᠤ᠂ ᠤᠰᠤᠨ |
ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠬᠦᠴᠦᠯᠡᠨ |
ᠰᠢᠢᠳᠪᠦᠷᠢᠯᠡᠬᠦ ᠬᠡᠷᠡᠭᠲᠡᠢ᠃ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠭᠤᠣᠯᠯᠠᠭᠴᠢ |
ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ |
ᠠᠵᠢᠯ ᠳᠤ ᠪᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠪᠠᠶᠢᠬᠤ ᠵᠠᠷᠴᠢᠮ ᠢ ᠪᠠᠷᠢᠮᠲᠠᠯᠠᠵᠤ᠂ ᠬᠢᠬᠦ ᠰᠠᠨᠠᠭ᠎ᠠ ᠲᠠᠢ |
ᠬᠥᠮᠥᠰ ᠤᠨ ᠡᠩᠨᠡᠭᠡ ᠶᠢ ᠰᠠᠶᠢᠲᠤᠷ ᠰᠢᠯᠢᠨ ᠰᠣᠩᠭᠤᠬᠤ ᠬᠡᠷᠡᠭᠲᠡᠢ︔ ᠤᠯᠠᠨ ᠠᠷᠭ᠎ᠠ ᠬᠡᠯᠪᠡᠷᠢ ᠣᠯᠠᠨ ᠠᠷᠭ᠎ᠠ |
ᠵᠠᠮ ᠢᠶᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠠᠵᠢᠯ ᠤᠨ ᠪᠠᠶᠢᠷᠢ ᠶᠢᠨ ᠪᠣᠯᠪᠠᠰᠤᠷᠠᠯ ᠢ ᠴᠢᠩᠭᠠᠳᠬᠠᠵᠤ᠂ |
ᠭᠤᠣᠯᠯᠠᠭᠴᠢ ᠬᠥᠮᠥᠰ ᠤᠨ ᠨᠠᠮ ᠤᠨ ᠪᠠᠶᠢᠭᠤᠯᠤᠯᠲᠠ ᠶᠢᠨ ᠴᠢᠳᠠᠪᠤᠷᠢ ᠶᠢ ᠰᠠᠶᠢᠲᠤᠷ ᠬᠥᠮᠥᠵᠢᠭᠦᠯᠦᠨ᠎ᠡ︔ ᠨᠠᠮ ᠤᠨ |
ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠭᠤᠣᠯᠯᠠᠭᠴᠢ ᠬᠤᠪᠢ ᠬᠥᠮᠥᠨ ᠤ ᠦᠰᠦᠨ ᠪᠤᠶᠢᠵᠢᠵᠤ |
ᠳᠠᠪᠰᠢᠵᠤ᠂ ᠬᠤᠶᠢᠰᠢᠳᠠ ᠶᠢᠨ ᠵᠣᠪᠠᠨᠢᠯ ᠲᠠᠢ ᠬᠥᠭᠵᠢᠯᠲᠡ ᠶᠢᠨ ᠵᠠᠮ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ |
ᠱᠠᠭᠠᠷᠳᠠᠪᠠ᠃ |
ᠬᠤᠷᠠᠯ ᠠᠴᠠ᠂ ᠨᠠᠮ ᠤᠨ ᠲᠥᠪ ᠬᠤᠷᠢᠶ᠎ᠠ ᠠᠴᠠ 2025 ᠣᠨ ᠤ ᠪᠦᠬᠦ ᠤᠯᠤᠰ ᠤᠨ ᠬᠤᠶᠠᠷ ᠬᠤᠷᠠᠯ ᠤᠨ |
ᠳᠠᠷᠠᠭ᠎ᠠ 7 ᠳ᠋ᠤᠭᠠᠷ ᠰᠠᠷ᠎ᠠ ᠪᠣᠯᠲᠠᠯ᠎ᠠ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ |
ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠃ ᠪᠥᠬᠦ ᠣᠷᠣᠨ ᠤ ᠤᠰᠤᠨ |
ᠠᠰᠢᠭᠯᠠᠯᠲᠠ ᠶᠢᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ |
ᠺᠠᠳ᠋ᠷᠴᠤᠳ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ |
ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ |
ᠰᠠᠶᠢᠲᠤᠷ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠰᠤᠷᠤᠯᠴᠠᠯᠭ᠎ᠠ ᠶᠢᠨ ᠶᠠᠰᠤ ᠴᠢᠨᠠᠷ ᠲᠠᠢ᠂ |
ᠪᠠᠶᠢᠴᠠᠭᠠᠯᠲᠠ ᠶᠢᠨ ᠡᠷᠴᠢᠮ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠵᠤ᠂ ᠲᠥᠪ ᠤᠨ ᠨᠠᠢᠮᠠᠨ |
ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠦᠨᠡᠨ ᠬᠦ ᠤᠯᠤᠰ ᠲᠥᠷᠥ ᠶᠢᠨ |
ᠤᠬᠠᠮᠰᠠᠷ᠂ ᠭᠠᠳᠠᠭᠠᠳᠤ ᠪᠠᠷ ᠪᠣᠳᠠᠲᠤ ᠠᠵᠢᠯᠯᠠᠭᠠᠨ ᠤ ᠵᠢᠷᠤᠮᠯᠠᠯ ᠪᠣᠯᠭᠠᠨ ᠬᠤᠪᠢᠷᠠᠭᠤᠯᠵᠤ᠂ ᠤᠰᠤᠨ |
ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ |
ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ᠂ |
ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠶᠡᠷᠦᠩᠬᠡᠶ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠪᠥᠬᠦ |
ᠠᠵᠢᠯᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ᠂ ᠨᠠᠮ ᠣᠯᠠᠨ ᠲᠦᠮᠡᠨ ︵ |
ᠰᠠᠬᠢᠯᠭ᠎ᠠ ᠪᠠᠲᠤ ᠪᠠᠶᠢᠴᠠᠭᠠᠬᠤ︶ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠰᠤᠨ ᠠᠰᠢᠭᠯᠠᠯᠲᠠ ᠶᠢᠨ |
ᠶᠠᠮᠤᠨ ᠤ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ |
ᠱᠦᠵᠢ ᠬᠤᠷᠠᠯ ᠳᠤ ᠣᠷᠣᠯᠴᠠᠪᠠ᠃ ︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ |
ᠬᠠᠩᠭᠠᠪᠠ︶ |
|