3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ |
ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ |
ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ |
ᠪᠥᠭᠡᠳ ᠶᠠᠷᠢᠶ᠎ᠠ ᠲᠠᠯᠪᠢᠵᠠᠢ᠃ |
|
|
|
|
|
3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ |
ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ |
ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ |
ᠪᠥᠭᠡᠳ ᠶᠠᠷᠢᠶ᠎ᠠ ᠲᠠᠯᠪᠢᠵᠠᠢ᠃ |
ᠰᠤᠷᠪᠤᠯᠵᠢᠯᠠᠭᠴᠢ ᠮᠠ ᠵᠢᠶᠠᠨ ᠪᠢᠩ ᠰᠡᠬᠦᠳᠡᠷᠯᠡᠪᠡ |
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ |
ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ |
ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ |
ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ |
ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ |
ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ |
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ |
ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ |
ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ |
ᠶᠡᠷᠦᠩᠬᠡᠶ ᠠᠩᠭᠢ ᠶᠢᠨ ᠬᠤᠰᠢᠭᠤᠴᠢ ᠭᠧᠨᠧᠷᠠᠯ ᠺᠣᠮᠠᠨᠳ᠋ᠯᠠᠭᠴᠢ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ |
ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠵᠠᠶ᠃ |
ᠰᠦᠨ ᠱᠤᠤ ᠴᠧᠩ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠪᠣᠯ ︽ᠠᠷᠪᠠᠨ |
ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠳᠤ ᠬᠤᠷᠠᠯᠳᠤᠭᠰᠠᠨ ᠨᠢᠭᠡ |
ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ |
ᠪᠦᠯᠬᠦᠮ ᠳᠤᠭᠤᠶᠢᠯᠠᠩ ᠳᠤ ᠲᠠᠯᠪᠢᠭᠰᠠᠨ ᠴᠢᠬᠤᠯᠠ ᠶᠠᠷᠢᠶ᠎ᠠ ᠨᠢ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ |
ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ |
ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ |
ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠳᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ |
ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠣᠯᠤᠨ ᠦᠢᠯᠡ |
ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠢ |
ᠭᠡᠪᠡ᠃ |
ᠰᠦᠨ ᠱᠤᠤ ᠴᠧᠩ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ |
ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠳᠤᠨᠤᠨ ᠮᠠᠨ ᠤ ᠤᠯᠤᠰ ᠤᠨ ᠬᠥᠭᠵᠢᠯᠲᠡ ᠨᠠᠷᠢᠨ ᠪᠤᠳᠤᠯᠢᠶᠠᠨᠲᠠᠢ |
ᠬᠦᠨᠳᠦ ᠬᠡᠴᠡᠬᠦᠦ ᠪᠠᠶᠢᠳᠠᠯ ᠳᠣᠣᠷ᠎ᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠢ᠃ |
ᠡᠨᠡ ᠵᠢᠯ ᠤᠨ ᠤᠯᠤᠰ ᠤᠨ ᠬᠤᠷᠸ᠎ᠠ ᠬᠠᠷᠠᠯᠲᠠ ᠨᠢ ᠬᠦᠴᠢᠷ ᠢ ᠰᠦᠷᠦᠨ ᠴᠢᠷᠮᠠᠶᠢᠨ ᠤᠷᠤᠭᠰᠢᠯᠠᠵᠤ ᠵᠢᠳᠭᠦᠯ |
ᠴᠢᠷᠮᠠᠶᠢᠯᠭ᠎ᠠ ᠭᠠᠷᠭᠠᠬᠤ ᠢᠯᠡ ᠲᠣᠳᠣ ᠤᠳᠤᠷᠢᠳᠤᠮᠵᠢ ᠶᠢ ᠳᠤᠪᠤᠶᠢᠯᠭᠠᠵᠤ᠂ ᠮᠠᠨ ᠤ ᠤᠯᠤᠰ ᠤᠨ ᠠᠵᠤ ᠠᠬᠤᠢ |
ᠮᠥᠨ ᠬᠦ ︽ᠦᠩᠭᠡ ᠦᠵᠡᠮᠵᠢ ᠠᠳᠡ ᠯᠡ ᠭᠤᠶᠤᠬᠠᠨ︾ ᠪᠠᠶᠢᠬᠤ ᠶᠢ ᠪᠠᠳᠤᠯᠠᠬᠤ ᠪᠣᠯᠤᠨ᠎ᠠ᠃ ᠪᠦᠬᠦ ᠤᠯᠤᠰ ᠤᠨ |
ᠪᠠᠶᠢᠳᠠᠯ ᠰᠠᠶᠢᠨ ᠪᠣᠯ ᠮᠠᠨ ᠤ ᠥᠪᠥᠷ ᠮᠣᠩᠭᠤᠯ ᠨᠡᠩ ᠰᠠᠶᠢᠨ ᠪᠣᠯᠤᠨ᠎ᠠ᠃ ᠳᠠᠬᠢᠨᠲᠠ ᠰᠢᠯᠢᠳᠡᠭ ᠠᠮᠵᠢᠯᠲᠠ |
ᠪᠦᠲᠦᠮᠵᠢ ᠭᠠᠷᠭᠠᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠠᠴᠠ |
ᠲᠠᠯᠪᠢᠭᠰᠠᠨ ᠲᠦᠷᠦ ᠶᠢᠨ ᠪᠤᠳᠤᠯᠭ᠎ᠠ ᠶᠢᠨ ᠠᠰᠢᠭ ᠢ ᠰᠠᠶᠢᠲᠤᠷ ᠠᠰᠢᠭᠯᠠᠵᠤ᠂ ᠥᠪᠡᠷᠲᠡᠭᠡᠨ ᠵᠠᠰᠠᠬᠤ ᠣᠷᠣᠨ ᠤ |
ᠨᠠᠮ ᠤᠨ ᠬᠤᠷᠢᠶ᠎ᠠ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ︽ |
ᠰᠠᠶᠢᠨ ᠡᠬᠢᠯᠡᠯᠳᠡ︾᠂ ︽ᠪᠦᠬᠦ ᠵᠢᠯ ᠳᠡᠭᠡᠨ ᠰᠠᠶᠢᠨ ᠦᠷ᠎ᠠ ᠪᠦᠲᠦᠮᠵᠢ ᠤᠯᠬᠤ︾ ᠶᠢ ᠴᠢᠷᠮᠠᠶᠢᠨ ᠪᠡᠶᠡᠯᠡᠭᠦᠯᠵᠦ᠂ |
ᠬᠤᠶᠠᠷ ᠶᠡᠭᠡ ᠶᠠᠪᠤᠳᠠᠯ ᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃ |
ᠰᠦᠨ ᠱᠤᠤ ᠴᠧᠩ᠂ ᠪᠥᠬᠦ ᠤᠯᠤᠰ ᠤᠨ ᠬᠤᠶᠠᠷ ᠬᠤᠷᠠᠯ ᠳᠤ ᠲᠣᠳᠣᠷᠬᠠᠶ ᠲᠣᠭᠲᠠᠭᠠᠭᠰᠠᠨ ᠬᠤᠷᠸ᠎ᠠ |
ᠲᠥᠷᠥ ᠶᠢᠨ ᠪᠣᠳᠣᠯᠭ᠎ᠠ ᠶᠢᠨ ᠦᠨ᠎ᠡ ᠥᠷᠲᠡᠭ ᠨᠢ ᠮᠠᠰᠢ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠢᠭᠡ |
ᠭᠤᠤᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ |
ᠲᠦᠪᠰᠢᠨ ᠳᠤ ᠣᠷᠣᠬᠤ ᠳᠤ ᠮᠠᠰᠢ ᠠᠰᠢᠭᠲᠠᠶ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ |
ᠳᠠᠷᠤᠢ ᠲᠦᠷᠬᠡᠨ ᠬᠥᠳᠡᠯᠦᠯᠴᠡᠵᠦ᠂ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ |
ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠦᠭᠡ ᠥᠭᠦᠯᠡᠪᠦᠷᠢ ᠶᠢᠨ ᠳᠣᠲᠣᠷᠠᠬᠢ ᠲᠥᠷᠥ ᠶᠢᠨ ᠪᠣᠳᠣᠯᠭ᠎ᠠ ᠶᠢᠨ |
ᠵᠣᠷᠢᠯᠲᠠ ᠶᠢ ᠰᠡᠳᠭᠢᠯ ᠳᠡᠯᠪᠢᠨ ᠪᠣᠳᠣᠯᠬᠢᠯᠠᠵᠤ᠂ ᠦᠪᠡᠷ ᠤᠨ ᠤᠷᠤᠨ ᠪᠠᠶᠢᠷᠢ ᠭᠠᠷᠳᠠᠬᠤ ᠴᠡᠭ ᠢᠶᠠᠨ ᠣᠨᠣᠪᠴᠢᠲᠠᠶ |
ᠣᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠤᠶᠠᠯᠳᠤᠯ ᠴᠡᠭ ᠢ ᠠᠭᠤᠳᠠᠯᠵᠤ᠂ |
ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ︽ᠪᠡᠯᠡ ᠮᠦᠡᠭᠭᠦ |
ᠬᠤᠷᠠᠮᠳᠤᠭᠤᠯᠵᠤ︾᠂ ᠤᠯᠠᠨ ᠠᠷᠭ᠎ᠠ ᠬᠡᠮᠵᠢᠶ᠎ᠠ ᠠᠪᠴᠤ ᠪᠡᠯᠡ ᠣᠷᠣᠭᠤᠯᠤᠯᠲᠠ ᠶᠢ ᠥᠷᠭᠡᠳᠭᠡᠬᠦ ᠬᠡᠷᠡᠭᠲᠡᠢ᠃ |
ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ |
ᠪᠠᠷᠢᠯ ᠢᠶᠠᠷ ︽ᠭᠤᠷᠪᠠᠨ ᠲᠦᠪᠰᠢᠨ︾ ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ |
ᠪᠦᠰᠡᠯᠡᠯᠳᠡ ᠰᠢᠪᠳᠤᠯᠬᠤ︾ ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠡᠯᠭᠡ ᠲᠡᠮᠳᠡᠭ ᠤᠨ |
ᠴᠢᠨᠠᠷᠲᠠᠢ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠬᠡᠷᠡᠭᠲᠡᠢ᠃ ᠴᠢᠩᠭ᠎ᠠ ᠠᠳᠬᠤᠵᠤ ᠪᠤᠰᠢᠭᠤ ᠠᠵᠢᠯᠯᠠᠨ ᠰᠢᠨ᠎ᠡ |
ᠡᠨᠧᠷᠭᠢ ᠶᠢ ᠬᠥᠭᠵᠢᠭᠦᠯᠵᠦ᠂ ᠡᠨᠧᠷᠭᠢ ᠨᠦᠬᠡᠴᠡᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠤᠪᠤᠶᠢᠮ᠎ᠠ |
ᠰᠠᠶᠢᠲᠤᠷ ᠠᠳᠬᠤᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠷᠪᠠᠨ ᠶᠡᠭᠡ |
ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠠᠪᠤᠷ ᠤᠨ ᠡᠬᠢᠨ ᠢᠶᠠᠷ ᠲᠡᠭᠷᠢ |
ᠲᠤᠯᠠᠭᠠᠷᠠᠮᠠᠭᠴᠠ ᠠᠵᠢᠯ ᠢᠶᠠᠨ ᠡᠬᠢᠯᠡᠭᠦᠯᠵᠦ᠂ ᠡᠮᠦᠨ᠎ᠡ ᠠᠴᠠ ᠤᠮᠠᠷᠠᠰᠢ ᠪᠠᠨ ᠲᠠᠶᠢᠯᠠᠯᠳᠤᠭᠠᠨ ᠢ ᠱᠠᠯᠠᠪᠳᠠᠨ ᠬᠢᠵᠦ᠂ |
ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠳᠤ ᠡᠪᠡᠰᠤ ᠮᠤᠳᠤ ᠲᠠᠷᠢᠵᠤ ᠵᠠᠬ᠎ᠠ ᠶᠢ ᠨᠢ |
ᠬᠤᠮᠢᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ ︽ᠶᠡᠭᠡ ᠲᠤᠬᠤᠢ︾ ᠶᠢᠨ |
ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠬᠡᠷᠡᠯᠴᠢ ᠴᠡᠨᠡᠭ ᠢᠶᠠᠷ ᠡᠯᠡᠰᠦ ᠶᠢ ᠵᠠᠰᠠᠬᠤ |
ᠪᠦᠰᠡ᠂ ᠬᠥᠪᠡᠭᠡ ᠵᠠᠬ᠎ᠠ ᠶᠢ ᠪᠢᠲᠡᠭᠦᠮᠵᠢᠯᠡᠬᠦ ᠣᠶ ᠶᠢᠨ ︽ᠳᠥᠷᠪᠡᠨ ᠶᠡᠭᠡ ᠬᠤᠷᠢᠭᠯᠠᠯᠲᠠ ᠶᠢᠨ ᠱᠤᠭᠤᠮ︾ ᠢ |
ᠪᠠᠬᠢᠵᠢᠭᠦᠯᠵᠦ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ |
ᠳᠠᠶᠢᠯᠠᠯᠳᠤᠭᠠᠨ ᠤ ᠠᠬᠢᠴᠠ ᠶᠢ ᠲᠦᠷᠭᠡᠳᠭᠡᠵᠦ᠂ ᠳᠡᠭᠡᠷ᠎ᠠ ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠨᠢᠭᠡ ᠯᠡ |
ᠠᠮᠢᠰᠬᠤᠭ᠎ᠠ ᠪᠠᠷ ᠨᠡᠩ ᠶᠡᠭᠡ ᠦᠷ᠎ᠡ ᠪᠦᠳᠦᠮᠵᠢ ᠤᠯᠬᠤ ᠬᠡᠷᠡᠭᠳᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢ |
ᠤᠭᠳᠤ ᠰᠤᠯᠠᠷᠠᠭᠤᠯᠤᠯ ᠦᠭᠡᠢ ᠠᠷᠢᠯᠭᠠᠵᠤ᠂ ᠠᠶᠤᠯ ᠲᠦᠭᠰᠢᠭᠦᠷᠢ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ |
ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ |
ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ |
ᠬᠢᠵᠦ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠢ |
ᠪᠦᠬᠦ ᠬᠦᠴᠦᠨ ᠢᠶᠠᠷ ᠢᠶᠠᠨ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ |
ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ |
ᠵᠥᠪᠯᠡᠯᠭᠡᠨ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ |
ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ |
ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠤᠯᠢ ᠲᠦᠷᠢᠮ ᠶᠣᠰᠣᠭᠠᠷ |
ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠦᠬᠦ ᠬᠦᠴᠦ ᠪᠠᠷ ᠢᠶᠠᠨ ᠳᠡᠮᠵᠢᠬᠦ ᠬᠡᠷᠡᠭᠲᠡᠢ ᠭᠡᠵᠦ ᠬᠡᠯᠡᠪᠡ᠃ |
ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ |
ᠡᠷᠢᠶᠡᠨ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ |
ᠳᠣᠭᠢᠷᠠᠭᠤᠯᠪᠠ᠃ |
|
|