3 ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ |
ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ |
ᠱᠧᠩ ᠰᠢᠶᠣᠣ ᠶᠢᠥ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠢ ᠡᠷᠭᠢᠯᠡᠨ |
ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ |
ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ |
ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ |
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ |
ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ |
ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ᠂ ︽ᠪᠦᠬᠦ |
ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ |
ᠬᠥᠮᠦᠵᠢᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ |
ᠮᠡᠳᠡᠭᠳᠡᠯ︾ ᠪᠣᠯᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ |
ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ |
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ |
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ |
ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠤ᠂ |
ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠨᠠᠮ ᠤᠨ |
ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ |
ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ |
ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ |
ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠠᠶᠢᠭᠤᠯᠭ᠎ᠠ ᠶᠢᠨ ᠡᠯ᠎ᠡ |
ᠭᠠᠵᠠᠷ ᠠᠯᠪᠠᠨ ᠭᠡᠷ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠨᠦᠭᠦᠳ ᠲᠡᠭᠦᠨ ᠤ ᠪᠠᠶᠠᠯᠢᠭ ᠠᠭᠤᠯᠤᠭᠳᠠᠬᠤᠨ ᠪᠠ |
ᠭᠤᠣᠯ ᠴᠢᠮᠥᠭᠡ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠤᠰᠤᠨ ᠠᠰᠢᠭᠯᠠᠯᠲᠠ ᠶᠢᠨ ᠪᠣᠳᠠᠲᠤ |
ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ |
ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ |
ᠠᠭᠤᠰᠤᠯᠴᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ |
ᠠᠬᠢᠭᠤᠯᠵᠤ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ︔ ᠥᠭᠡᠷᠡᠴᠢᠯᠡᠯᠲᠡ ᠤᠰᠤᠨ |
ᠠᠰᠢᠭᠯᠠᠯᠲᠠ ᠶᠢᠨ ᠡᠭᠦᠷᠭᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ |
ᠬᠦᠷᠢᠶᠡᠨ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠶ︔ ᠤᠯᠤᠰ ᠤᠨ ᠣᠷᠣᠨ ᠪᠦᠰᠡ ᠶᠢᠨ |
ᠵᠣᠬᠢᠴᠠᠩᠭᠤᠶ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠤ ᠪᠥᠬᠦ ᠬᠦᠴᠦᠨ ᠢᠶᠠᠷ ᠢᠶᠠᠨ |
ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ |
ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ︔ ᠠᠷᠠᠳ ᠤᠨ ᠠᠮᠢᠳᠤᠷᠠᠯ ᠤᠨ ᠪᠣᠳᠠᠲᠤ |
ᠶᠠᠪᠤᠳᠠᠯ ᠢ ᠰᠡᠳᠬᠢᠯ ᠳᠡᠯᠪᠢᠨ ᠬᠦᠴᠦᠯᠡᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ |
ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ |
ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ |
ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠳᠲᠡᠷ ᠲᠦᠷᠭᠡᠨ |
ᠨᠢᠭᠡᠳᠬᠡᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠠᠰᠠᠭ ᠤᠨ |
ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠰᠤᠷᠤᠯᠴᠠᠵᠤ᠂ ᠰᠠᠶᠢᠲᠤᠷ ᠣᠶᠢᠯᠠᠭᠠᠵᠤ᠂ ᠰᠠᠶᠢᠲᠤᠷ |
ᠨᠠᠶᠢᠳᠠᠪᠤᠷᠢᠵᠢᠭᠤᠯᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ︽ᠠᠷᠪᠠᠨ |
ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠦᠵᠡᠯ |
ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ |
ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ |
ᠵᠠᠰᠠᠬᠤ ᠣᠷᠣᠨ ᠤ ᠤᠰᠤ ᠶᠢ ᠵᠠᠰᠠᠵᠤ ᠤᠰᠤ ᠶᠢ ᠬᠥᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ |
ᠤᠰᠤᠨ ᠠᠰᠢᠭᠯᠠᠯᠲᠠ ᠶᠢᠨ ᠠᠵᠢᠯ ᠤᠨ ᠢᠮᠠᠭᠲᠠ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ |
ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ |
ᠪᠠᠶᠢᠷᠢᠯᠠᠭᠤᠯᠤᠭᠰᠠᠨ ᠤᠰᠤᠨ ᠠᠰᠢᠭᠯᠠᠯᠲᠠ ᠶᠢᠨ ᠬᠠᠮᠢᠶ᠎ᠠ ᠪᠥᠬᠦᠶ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ |
ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠵᠦᠢᠯ |
ᠳᠠᠷᠠᠭᠠᠯᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠠᠷᠢᠨ ᠲᠠᠩᠰᠠᠵᠢᠭᠤᠯᠤᠨ ᠠᠬᠢᠭᠤᠯᠬᠤ ᠪᠠ ᠪᠢᠲᠡᠭᠦᠮᠵᠢᠯᠡᠭᠰᠡᠨ |
ᠬᠠᠮᠢᠶᠠᠷᠤᠯᠲᠠ ᠶᠢ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠴᠢᠨᠠᠷ |
ᠰᠠᠶᠢᠲᠠᠶ ᠪᠡᠶᠡᠯᠡᠭᠦᠯᠬᠦ ᠳᠤ ᠤᠰᠤᠨ ᠠᠰᠢᠭᠯᠠᠯᠲᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠷᠠᠳ ᠤᠨ |
ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ |
ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ |
ᠠᠳᠠᠯᠢ ᠰᠡᠳᠦᠪ ᠲᠠᠢ ᠬᠠᠮᠲᠤ ᠪᠠᠷ ᠬᠠᠷᠢᠭᠤᠯᠬᠤ᠂ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠯᠠᠨ |
ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠨᠢᠭᠡ ᠪᠦᠯᠦᠭ ᠭᠤᠣᠯᠳᠠᠯᠭ᠎ᠠ ᠲᠠᠢ ᠬᠦᠴᠢᠷ |
ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠪᠤᠴᠠ ᠶᠢ |
ᠦᠨᠡᠨ ᠬᠦ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠰᠤᠨ ᠤ ᠠᠮᠤᠷ |
ᠲᠦᠪᠰᠢᠨ ᠢ ᠪᠠᠲᠤᠯᠠᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
ᠬᠤᠷᠠᠯ ᠠᠴᠠ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠲᠠᠰᠤᠭ᠂ ᠲᠢᠩᠬᠢᠮ ᠤᠨ ᠬᠠᠷᠢᠶ᠎ᠠ ᠡᠯ᠎ᠡ |
ᠨᠢᠭᠡᠴᠢ ᠶᠢᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠲᠥᠪ ᠤᠨ ᠨᠠᠢᠮᠠᠨ ᠲᠣᠭᠲᠠᠭᠠᠯ ᠤᠨ |
ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ |
ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠬᠤ᠂ ︽ᠬᠤᠶᠠᠷ ᠢ |
ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠢ ᠦᠢᠯᠡᠳᠦᠯᠭᠡ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ |
ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠰᠢᠨ᠎ᠡ ᠴᠠᠭ ᠦᠶ᠎ᠡ ᠶᠢᠨ |
ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠬᠦ ᠠᠰᠢᠭᠲᠠᠢ ᠠᠵᠠ ᠲᠣᠬᠢᠶᠠᠯ ᠪᠣᠯᠭᠠᠵᠤ᠂ ᠴᠢᠩᠭ᠎ᠠ ᠠᠴᠠ |
ᠴᠢᠩᠭ᠎ᠠ᠂ ᠪᠣᠳᠠᠲᠠᠢ ᠠᠴᠠ ᠪᠣᠳᠠᠲᠠᠢ ᠣᠪᠣᠷ ᠢᠶᠠᠷ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠭᠲᠠ |
ᠪᠠᠶᠢᠷᠢᠯᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ |
ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ |
ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ |
ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠷᠡᠭ ᠢᠶᠠᠷ |
ᠰᠤᠷᠤᠯᠴᠠᠯᠭ᠎ᠠ ᠶᠢ ᠠᠬᠢᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠰᠡᠷᠡᠮᠵᠢᠯᠡᠭᠦᠯᠬᠦ |
ᠬᠥᠮᠦᠵᠢᠯ ᠢ ᠥᠷᠨᠢᠭᠦᠯᠬᠦ ᠬᠡᠷᠡᠭᠲᠡᠶ︔ ︽ᠰᠤᠷᠤᠯᠴᠠᠬᠤ ᠪᠠᠶᠢᠴᠠᠭᠠᠬᠤ ᠰᠠᠶᠢᠵᠢᠷᠠᠭᠤᠯᠬᠤ︾ ᠶᠢ ᠨᠢᠭᠡ |
ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠬᠤ ᠶᠠᠰᠤ ᠴᠢᠨᠠᠷ ᠲᠠᠢ᠂ ᠪᠠᠶᠢᠴᠠᠭᠠᠬᠤ ᠡᠷᠴᠢᠮ ᠲᠠᠢ᠂ |
ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠡᠭᠦᠳᠡ ᠪᠠᠨ ᠨᠡᠭᠡᠭᠡᠬᠦ ᠬᠥᠮᠦᠵᠢᠯ ᠢ |
ᠪᠠᠷᠢᠮᠲᠠᠯᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠤᠬᠠᠮᠰᠠᠷ ᠠᠴᠠ ᠪᠠᠨ ᠬᠢᠨᠠᠯᠲᠠ ᠲᠠᠯᠪᠢᠵᠤ ᠰᠢᠯᠭᠠᠨ |
ᠮᠠᠭᠠᠳᠯᠠᠬᠤ ᠶᠢ ᠬᠦᠯᠢᠶᠡᠵᠦ᠂ ᠤᠯᠠᠨ ᠲᠦᠮᠡᠨ ᠳᠤ ᠰᠢᠨ᠎ᠡ ᠳᠦᠷᠰᠦ ᠪᠠᠶᠢᠳᠠᠯ᠂ ᠰᠢᠨ᠎ᠡ ᠬᠤᠪᠢᠷᠠᠯᠲᠠ ᠶᠢ |
ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠢᠨᠠᠯᠲᠠ ᠲᠠᠯᠪᠢᠬᠤ ᠶᠢ |
ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠭᠦᠢᠴᠡᠳ ᠰᠠᠶᠢᠲᠤᠷ ᠬᠡᠷᠡᠭᠯᠡᠵᠦ᠂ ᠵᠣᠷᠢᠭᠲᠠᠢ ᠪᠠᠷ ᠬᠢᠨᠠᠯᠲᠠ |
ᠲᠠᠯᠪᠢᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠵᠤ᠂ ᠠᠵᠢᠯ ᠲᠦᠷᠦᠯ ᠤᠨ ᠴᠢᠨᠠᠷᠲᠠᠢ᠂ ᠰᠢᠰᠲ᠋ᠧᠮᠲᠦ |
ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠴᠡᠭᠴᠡᠯᠡᠨ |
ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠪᠠᠷ ᠳᠡᠪᠰᠢᠭᠦᠯᠦᠭᠰᠡᠳ᠂ ᠵᠠᠯᠠᠭᠤ ᠺᠠᠳ᠋ᠷ ᠪᠣᠯᠤᠨ |
ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠲᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠰᠠᠬᠢᠯᠭ᠎ᠠ |
ᠪᠠᠲᠤ ᠶᠢᠨ ᠬᠥᠮᠦᠵᠢᠯ ᠢ ᠴᠢᠩᠭᠠᠳᠬᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠭᠡᠰᠢᠭᠦᠨ |
ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ |
ᠨᠠᠶᠢᠳᠠᠪᠤᠷᠢᠵᠢᠭᠤᠯᠬᠤ ᠶᠢ ᠬᠦᠳᠦᠯᠦᠨ ᠵᠢᠯᠣᠭᠤᠳᠴᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ |
ᠰᠤᠷᠲᠠᠯ︾ ᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ |
ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ |
ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ᠂ |
ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ ᠤᠨ |
ᠬᠠᠷᠢᠭᠤᠴᠠᠯᠭᠠᠲᠠᠨ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |
|